ᠥᠪᠥᠷ ᠮᠣᠩᠭᠤᠯ ᠬᠤᠲᠠ ᠪᠠᠯᠭᠠᠰᠤᠨ ᠤ ᠠᠵᠢᠯ ᠠᠴᠠ ᠪᠠᠨ ᠪᠠᠭᠤᠭᠰᠠᠨ ᠪᠠᠭᠰᠢ ᠨᠠᠷ ᠢ ᠰᠣᠩᠭᠤᠨ ᠲᠣᠮᠢᠯᠠᠵᠤ ᠬᠥᠳᠡᠭᠡ ᠲᠣᠰᠬᠤᠨ ᠤ ᠰᠤᠷᠭᠠᠨ ᠬᠥᠮᠦᠵᠢᠯ ᠢ ᠳᠡᠮᠵᠢᠵᠦ ᠪᠣᠢ
ᠨᠡᠶᠢᠲᠡᠯᠡᠭᠰᠡᠨ ᠴᠠᠭ᠄
2016/5/6
       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠣᠷᠴᠢᠮᠬᠠᠨ ᠳᠤ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ ᠠᠵᠢᠯ ᠤᠨ ᠶᠠᠷᠢᠯᠴᠠᠬᠤ ᠬᠤᠷᠠᠯ ᠬᠢᠵᠦ᠂ ᠠᠬᠤᠢ ᠲᠠᠯᠠᠪᠠᠢ ᠳᠤ ᠠᠶᠢᠮᠠᠭ ᠬᠤᠲᠠ ︵ᠶᠡᠭᠡ ᠳᠡᠭᠡᠳᠦ ᠰᠤᠷᠭᠠᠭᠤᠯᠢ︶᠎ ᠶᠢᠨ ᠠᠵᠢᠯ ᠠᠴᠠ ᠪᠠᠨ ᠪᠠᠭᠤᠭᠰᠠᠨ ᠰᠢᠯᠢᠳᠡᠭ ᠪᠠᠭᠰᠢ ᠨᠠᠷ ᠢ ᠠᠵᠢᠯ ᠲᠦᠷᠦᠯ ᠤᠨ ᠰᠢᠰᠲ᠋ᠧᠮ ᠢᠶᠠᠷ ᠬᠥᠳᠡᠭᠡ ᠲᠣᠰᠬᠤᠨ ᠤ ᠰᠤᠷᠭᠠᠨ ᠬᠥᠮᠦᠵᠢᠯ ᠢ ᠳᠡᠮᠵᠢᠬᠦ ᠲᠥᠯᠥᠪᠯᠡᠭᠡ ᠳᠤ ᠭᠠᠷ ᠤᠨ ᠦᠰᠦᠭ ᠵᠢᠷᠤᠬᠤ ᠶᠣᠰᠣᠯᠠᠯ ᠬᠢᠵᠦ᠂ ᠬᠤᠲᠠ ᠪᠠᠯᠭᠠᠰᠤᠨ ᠤ ᠠᠵᠢᠯ ᠠᠴᠠ ᠪᠠᠨ ᠪᠠᠭᠤᠭᠰᠠᠨ ᠭᠤᠣᠯᠯᠠᠭᠴᠢ ᠪᠠᠭᠰᠢ ᠨᠠᠷ ᠢ ᠰᠣᠩᠭᠤᠨ ᠲᠣᠮᠢᠯᠠᠵᠤ ᠬᠥᠳᠡᠭᠡ ᠲᠣᠰᠬᠤᠨ ᠤ ᠰᠤᠷᠭᠠᠭᠤᠯᠢ ᠶᠢᠨ ᠰᠤᠷᠭᠠᠨ ᠬᠥᠮᠦᠵᠢᠯ ᠢ ᠳᠡᠮᠵᠢᠬᠦ ᠪᠠ ᠮᠡᠷᠭᠡᠵᠢᠯ ᠴᠢᠳᠠᠪᠤᠷᠢ ᠪᠠᠷ ᠶᠠᠳᠠᠭᠤ ᠠᠴᠠ ᠠᠩᠭᠢᠵᠢᠷᠠᠭᠤᠯᠬᠤ ᠶᠢ ᠶᠡᠬᠡᠪᠡᠷ ᠲᠦᠯᠬᠢᠨ ᠠᠬᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ ᠵᠠᠩᠭᠢᠶ᠎ᠠ ᠶᠢ ᠣᠨᠣᠴᠠᠲᠠᠢ ᠠᠯᠳᠠᠷᠠᠭᠠᠵᠤ ᠪᠠᠶᠢᠨ᠎ᠠ᠃ ᠲᠥᠯᠥᠪᠯᠡᠭᠡ ᠪᠠᠷ᠂ ᠥᠪᠥᠷ ᠮᠣᠩᠭᠤᠯ ᠤᠨ ᠪᠦᠬᠦ ᠣᠷᠣᠨ ᠤ 10 ᠠᠶᠢᠮᠠᠭ ᠬᠤᠳᠠ ᠪᠠ ᠬᠡᠰᠡᠭ ᠶᠡᠭᠡ ᠳᠡᠭᠡᠳᠦ ᠰᠤᠷᠭᠠᠭᠤᠯᠢ ᠬᠠᠪᠰᠤᠷᠤᠨ ᠲᠡᠳᠬᠦᠬᠦ 5 ᠬᠤᠣᠰᠯᠠᠯ ᠪᠠᠶᠢᠭᠤᠯᠵᠤ᠂ ᠲᠤᠰᠠᠯᠠᠬᠤ ᠲᠠᠯ᠎ᠠ ᠨᠢ ᠵᠢᠯ ᠪᠦᠷᠢ ᠬᠤᠲᠠ ᠪᠠᠯᠭᠠᠰᠤᠨ ᠤ ᠠᠵᠢᠯ ᠠᠴᠠ ᠪᠠᠨ ᠪᠠᠭᠤᠭᠰᠠᠨ ᠵᠣᠬᠢᠬᠤ ᠲᠣᠭᠠᠨ ᠤ ᠰᠢᠯᠢᠳᠡᠭ ᠭᠤᠣᠯᠯᠠᠭᠴᠢ ᠪᠠᠭᠰᠢ ᠶᠢ ᠰᠣᠩᠭᠤᠨ ᠲᠣᠮᠢᠯᠠᠵᠤ ᠳᠡᠮᠵᠢᠯᠭᠡ ᠬᠦᠯᠢᠶᠡᠭᠰᠡᠨ ᠭᠠᠵᠠᠷ ᠣᠷᠣᠨ ᠤ ᠬᠥᠳᠡᠭᠡ ᠲᠣᠰᠬᠤᠨ ᠤ ᠰᠤᠷᠭᠠᠭᠤᠯᠢ ᠶᠢᠨ ᠰᠤᠷᠭᠠᠨ ᠬᠥᠮᠦᠵᠢᠯ ᠢ ᠳᠡᠮᠵᠢᠵᠤ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠳ᠋ ᠤᠨ ᠵᠠᠰᠠᠭ ᠲᠤᠰᠬᠠᠶ ᠵᠠᠷᠤᠳᠠᠯ ᠭᠠᠷᠭᠠᠵᠤ ᠳᠡᠮᠵᠢᠨ᠎ᠡ᠃ ᠪᠥᠬᠦ ᠣᠷᠣᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠦᠬᠦ ᠣᠷᠣᠨ ᠤ 30 ᠲᠦᠮᠡᠨ ᠶᠠᠳᠠᠭᠤ ᠬᠦᠴᠢᠷᠳᠡᠯᠲᠡᠶ ᠭᠡᠷ ᠪᠦᠯᠢ ᠳᠤ ᠬᠠᠨᠳᠤᠭᠤᠯᠤᠨ᠂ ᠪᠣᠯᠪᠠᠰᠤᠷᠠᠭᠤᠯᠤᠯ ᠢᠶᠠᠷ ᠶᠠᠳᠠᠭᠤ ᠶᠢ ᠲᠡᠳᠬᠦᠬᠦ ᠶᠢ ᠬᠡᠷᠡᠭᠴᠡᠭᠡ ᠶᠣᠰᠣᠭᠠᠷ ᠭᠤᠣᠯᠳᠠᠯᠭ᠎ᠠ ᠲᠠᠢ ᠬᠡᠷᠡᠭᠵᠢᠭᠦᠯᠵᠦ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢᠶᠠᠷ ᠳᠠᠮᠵᠢᠭᠤᠯᠤᠨ ᠶᠠᠳᠠᠭᠤ ᠬᠦᠴᠢᠷᠲᠡᠶ ᠭᠡᠷ ᠪᠦᠯᠢ ᠶᠢ ︽ᠴᠢᠳᠠᠪᠤᠷᠢ ᠶᠢᠨ ᠶᠠᠳᠠᠭᠤᠷᠠᠯ︾᠎ ᠠᠴᠠ ᠵᠠᠶᠢᠳᠠᠭᠤᠯᠵᠤ᠂ ᠵᠢᠯ ᠤᠨ ᠳᠣᠲᠣᠷ᠎ᠠ 25 ᠲᠦᠮᠡᠨ ᠬᠥᠮᠦᠨ ᠤᠳᠠᠭ᠎ᠠ ᠶᠢᠨ ᠪᠣᠯᠪᠠᠰᠤᠷᠠᠭᠤᠯᠤᠯ ᠬᠢᠬᠦ ᠪᠠᠷ ᠲᠥᠯᠥᠪᠯᠡᠵᠦ ᠪᠣᠢ᠃ ᠡᠭᠦᠨ ᠠᠴᠠ ᠭᠠᠳᠠᠨ᠎ᠠ᠂ ᠥᠪᠥᠷ ᠮᠣᠩᠭᠤᠯ ᠪᠠᠰᠠ ᠪᠥᠬᠦ ᠣᠷᠣᠨ ᠤ 57 ᠶᠠᠳᠠᠭᠤ ᠬᠦᠴᠢᠷᠳᠡᠯᠲᠡᠢ ᠬᠤᠰᠢᠭᠤ ᠰᠢᠶᠠᠨ ᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠲᠡᠭᠦᠰᠦᠭᠰᠡᠨ ᠦᠭᠡᠢ ᠰᠤᠷᠤᠭᠴᠢᠳ ᠲᠤ ᠰᠦᠢᠳᠬᠡᠯ ᠬᠤᠷᠢᠶᠠᠬᠤ ᠦᠭᠡᠢ ᠪᠠᠷ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠬᠦᠷᠲᠡᠭᠡᠬᠦ ᠶᠢ ᠬᠡᠷᠡᠭᠵᠢᠭᠦᠯᠵᠦ ᠪᠤᠢ᠃ ᠡᠭᠦᠨ ᠠᠴᠠ ᠭᠠᠳᠠᠨ᠎ᠠ᠂ 2016 ᠣᠨ ᠳᠤ ᠥᠪᠥᠷ ᠮᠣᠩᠭᠤᠯ ᠤᠨ ᠮᠠᠯᠵᠢᠬᠤ ᠲᠠᠷᠢᠶᠠᠯᠠᠬᠤ ᠣᠷᠣᠨ ᠤ ᠰᠤᠷᠭᠠᠭᠤᠯᠢ ᠳᠤ ᠰᠠᠭᠤᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠯᠬᠢᠨ ᠠᠬᠢᠭᠤᠯᠬᠤ ᠲᠥᠯᠥᠪᠯᠡᠭᠡ ᠶᠢ ᠶᠡᠬᠡᠪᠡᠷ ᠬᠡᠷᠡᠭᠵᠢᠭᠦᠯᠵᠦ᠂ ︽ᠠᠷᠪᠠ ᠶᠢ ᠪᠦᠷᠢᠨ ᠪᠦᠷᠬᠦᠭᠦᠯᠬᠦ︾᠎ ᠳᠠᠬᠢ ᠰᠤᠷᠭᠠᠭᠤᠯᠢ ᠶᠢᠨ ᠬᠡᠷ ᠪᠠᠶᠢᠷᠢ ᠶᠢᠨ ᠪᠦᠳᠦᠬᠡᠨ ᠪᠠᠶᠢᠭᠤᠯᠤᠯᠲᠠ ᠬᠢᠭᠡᠳ ᠠᠶᠤᠯ ᠦᠬᠡᠢ ᠶᠢ ᠥᠭᠡᠷᠡᠴᠢᠯᠡᠬᠦ ᠢᠨᠵᠧᠨᠧᠷᠢᠩ ᠪᠣᠯᠤᠨ ᠮᠣᠩᠭᠤᠯ ᠢᠶᠠᠷ ᠬᠢᠴᠢᠶᠡᠯᠯᠡᠵᠦ ᠪᠠᠶᠢᠭ᠎ᠠ ᠣᠶᠤᠲᠠᠤᠨ ᠤᠨ ᠬᠤᠶᠠᠳᠠᠬᠢ ᠴᠣᠯᠠ᠂ ᠬᠤᠶᠠᠳᠤᠭᠠᠷ ᠲᠤᠰᠬᠠᠶ ᠮᠡᠷᠭᠡᠵᠢᠯ ᠪᠤᠶᠤ ᠬᠡᠷᠡᠭᠯᠡᠭᠡᠨ ᠎ ᠤ ᠲᠥᠷᠥᠯ ᠤᠨ ᠬᠢᠴᠢᠶᠡᠯ ᠢ ᠬᠠᠪᠰᠤᠷᠤᠭᠤᠯᠤᠨ ᠳᠠᠪᠲᠠᠬᠤ ᠵᠡᠷᠭᠡ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠰᠤᠷᠭᠠᠨ ᠬᠥᠮᠦᠵᠢᠯ ᠤᠨ ᠦᠢᠯᠡᠴᠢᠯᠡᠭᠡ ᠪᠣᠯᠤᠨ ᠶᠠᠳᠠᠭᠤ ᠬᠦᠴᠢᠷᠳᠡᠯᠲᠡᠶ ᠭᠡᠷ ᠪᠦᠯᠢ ᠶᠢᠨ ᠶᠠᠳᠠᠭᠤ ᠠᠴᠠ ᠠᠩᠭᠢᠵᠢᠷᠠᠭᠤᠯᠤᠨ ᠬᠦᠴᠢᠷᠳᠡᠯ ᠠᠴᠠ ᠵᠠᠶᠢᠳᠠᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号