ᠳᠡᠳ᠋ ᠲᠡᠷᠢᠭᠦᠯᠡᠭᠴᠢ ᠯᠢᠦ ᠰᠢᠨ ᠯᠧ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶᠠᠨ ᠳᠤ ᠬᠦᠷᠴᠦ ᠰᠢᠨ᠎ᠡ ᠬᠡᠪᠯᠡᠯ ᠤᠨ ᠡᠮᠴᠢᠯᠡᠭᠡ ᠶᠢᠨ ᠦᠢᠯᠡᠴᠢᠯᠡᠭᠡᠨ ᠤ ᠦᠨ᠎ᠡ  ᠲᠣᠬᠢᠷᠠᠭᠤᠯᠭ᠎ᠠ ᠶᠢ ᠡᠬᠢᠯᠡᠭᠦᠯᠬᠦ ᠠᠵᠢᠯ ᠳᠤ ᠣᠷᠣᠯᠴᠠᠪᠠ
ᠨᠡᠶᠢᠲᠡᠯᠡᠭᠰᠡᠨ ᠴᠠᠭ᠄
2016/5/6
     4 ᠳ᠋ᠦ᠋ᠭᠡᠷ ᠰᠠᠷ᠎ᠠ ᠶᠢᠨ 30᠎ ᠤ ᠡᠳᠦᠷ ᠤᠨ 23 ᠴᠠᠭ ᠬᠠᠭᠠᠰ ᠲᠤ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠯᠢᠦ ᠰᠢᠨ ᠯᠧ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ ᠳᠤ ᠬᠦᠷᠴᠦ᠂ ᠰᠢᠨ᠎ᠡ ᠬᠡᠪᠯᠡᠯ ᠤᠨ ᠡᠮᠴᠢᠯᠡᠭᠡ ᠶᠢᠨ ᠦᠢᠯᠡᠴᠢᠯᠡᠭᠡᠨ ᠤ ᠦᠨ᠎ᠡ ᠲᠣᠬᠢᠷᠠᠭᠤᠯᠭ᠎ᠠ ᠶᠢᠨ ᠡᠬᠢᠯᠡᠯᠲᠡ ᠶᠢᠨ ᠠᠵᠢᠯ ᠢ ᠪᠠᠶᠢᠴᠠᠭᠠᠨ ᠦᠵᠡᠪᠡ᠃ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠳᠡᠳ᠋ ᠲᠡᠷᠢᠭᠦᠯᠡᠭᠴᠢ ᠯᠢᠦ ᠰᠢᠨ ᠯᠧ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠲᠤᠰ ᠤᠳᠠᠭᠠᠨ ᠤ ᠦᠨ᠎ᠡ ᠬᠠᠩᠰᠢ ᠶᠢᠨ ᠲᠣᠬᠢᠷᠠᠭᠤᠯᠤᠯᠲᠠ ᠶᠢᠨ ᠡᠮᠦᠨᠡᠬᠢ ᠬᠤᠭᠤᠴᠠᠭᠠᠨ ᠤ ᠠᠵᠢᠯ ᠢ ᠢᠳᠡᠪᠬᠢᠲᠡᠢ ᠵᠣᠬᠢᠴᠠᠭᠤᠯᠤᠯᠲᠠ ᠬᠢᠭᠰᠡᠨ ᠳᠤ ᠥᠨᠳᠥᠷ ᠦᠨᠡᠯᠡᠯᠲᠡ ᠥᠭᠴᠡᠶ᠃  ᠣᠶᠢᠯᠠᠭᠠᠭᠰᠠᠨ ᠢᠶᠠᠷ᠂ ᠡᠨᠡ ᠤᠳᠠᠭ᠎ᠠ ᠶᠢᠨ ᠮᠠᠨ ᠤ ᠣᠷᠣᠨ ᠤ ᠡᠮᠴᠢᠯᠡᠭᠡ ᠶᠢᠨ ᠦᠢᠯᠡᠴᠢᠯᠡᠭᠡᠨ ᠤ ᠲᠥᠷᠥᠯ ᠵᠦᠢᠯ ᠤᠨ ᠵᠢᠷᠤᠮᠵᠢᠯ ᠪᠣᠯᠣᠨ ᠦᠨ᠎ᠡ ᠬᠠᠩᠰᠢ ᠶᠢᠨ ᠲᠣᠬᠢᠷᠠᠭᠤᠯᠤᠯᠲᠠ ᠨᠢ ︽ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ᠂ ᠪᠦᠲᠦᠴᠡ ᠶᠢ ᠲᠣᠬᠢᠷᠠᠭᠤᠯᠬᠤ᠂ ᠪᠠᠭᠤᠷᠠᠭᠤᠯᠬᠤ ᠳᠡᠭᠡᠭᠰᠢᠯᠡᠭᠦᠯᠬᠦ ᠶᠢ ᠬᠠᠪᠰᠤᠷᠭᠠᠬᠤ᠂  ᠠᠯᠬᠤᠮ ᠠᠯᠬᠤᠮ ᠢᠶᠠᠷ ᠪᠣᠳᠠᠲᠠᠶᠢᠵᠢᠭᠤᠯᠬᠤ︾ ᠪᠠ ︽ᠥᠪᠡᠷ ᠤᠨ ᠦᠷᠳᠡᠭ ᠢ ᠨᠢ ᠨᠥᠬᠦᠪᠦᠷᠢᠯᠡᠬᠦ᠂ ᠬᠤᠷᠣᠭᠳᠠᠯ ᠮᠠᠲ᠋ᠧᠷᠢᠶᠡᠯ ᠢ ᠬᠢᠵᠠᠭᠠᠷᠯᠠᠬᠤ᠂ ᠲᠤᠷᠰᠢᠯᠲᠠ ᠪᠠᠷ ᠲᠦᠷᠦᠭᠦᠯᠡᠭᠦᠯᠬᠦ᠂ ᠬᠥᠳᠡᠯᠦᠩᠭᠦᠶ  ᠪᠠᠷ ᠲᠣᠬᠢᠷᠠᠭᠤᠯᠬᠤ︾ ᠦᠨᠳᠦᠰᠦᠨ ᠵᠠᠷᠴᠢᠮ ᠢ ᠵᠢᠷᠤᠮᠯᠠᠵᠠᠢ᠃ ᠣᠨᠣᠰᠢᠯᠠᠨ ᠪᠠᠶᠢᠴᠠᠭᠠᠬᠤ᠂ ᠠᠰᠠᠷᠠᠨ ᠰᠤᠪᠢᠯᠠᠬᠤ᠂ ᠮᠡᠰᠡ ᠵᠠᠰᠠᠯ ᠬᠢᠬᠦ᠂ ᠬᠢᠲᠠᠳ ᠡᠮ ᠤᠨ ᠲᠥᠷᠥᠯ ᠵᠡᠷᠭᠡ ᠲᠥᠷᠥᠯ ᠵᠦᠢᠯ ᠤᠨ ᠦᠨ᠎ᠡ ᠬᠠᠩᠰᠢ ᠶᠢ ᠳᠡᠭᠡᠭᠰᠢᠯᠡᠭᠦᠯᠬᠦ ᠪᠠᠷ ᠳᠠᠮᠵᠢᠭᠤᠯᠤᠨ᠂ ᠬᠡᠰᠡᠭ ᠲᠤᠮᠤ ᠬᠡᠯᠪᠡᠷᠢ ᠶᠢᠨ ᠲᠥᠬᠦᠭᠡᠷᠦᠮᠵᠢ ᠪᠠᠷ ᠪᠠᠶᠢᠴᠠᠭᠠᠬᠤ᠂ ᠰᠢᠯᠭᠠᠨ ᠪᠠᠶᠢᠴᠠᠭᠠᠬᠤ ᠵᠦᠢᠯ ᠵᠡᠷᠭᠡ ᠲᠥᠷᠥᠯ ᠵᠦᠢᠯ ᠤᠨ ᠦᠨ᠎ᠡ ᠬᠠᠩᠰᠢ ᠶᠢ ᠪᠠᠭᠤᠷᠠᠭᠤᠯᠵᠤ᠂ ᠡᠮᠴᠢᠯᠡᠭᠡ ᠶᠢᠨ ᠦᠢᠯᠡᠴᠢᠯᠡᠭᠡ ᠶᠢᠨ ᠠᠳᠠᠯᠢᠳᠬᠠᠯ  ᠦᠨ᠎ᠡ ᠶᠢᠨ ᠬᠠᠷᠢᠴᠠᠭ᠎ᠠ ᠶᠢ ᠤᠯᠠᠮ ᠨᠢᠭᠡ ᠠᠯᠬᠤᠮ ᠰᠢᠯᠤᠭᠤᠳᠬᠠᠵᠤ᠂ ᠡᠮᠨᠡᠯᠭᠡ ᠶᠢᠨ ᠠᠵᠢᠯᠲᠠᠳ ᠤᠨ ᠮᠡᠷᠭᠡᠵᠢᠯ ᠬᠦᠴᠦ ᠬᠥᠳᠡᠯᠮᠦᠷᠢ ᠶᠢᠨ ᠦᠨ᠎ᠡ ᠥᠷᠳᠡᠭ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠵᠢᠴᠢ ᠬᠡᠰᠡᠭ ᠭᠠᠵᠠᠷ ᠣᠷᠣᠨ ᠳᠤ ᠲᠤᠷᠰᠢᠯᠲᠠ ᠬᠢᠬᠦ ᠶᠢᠨ ᠬᠠᠮᠲᠤ ᠬᠥᠳᠡᠯᠦᠩᠭᠦᠶ ᠲᠣᠬᠢᠷᠠᠭᠤᠯᠬᠤ ᠲᠣᠭᠲᠠᠴᠠ ᠶᠢ ᠪᠠᠶᠢᠭᠤᠯᠵᠤ᠂ ᠦᠨ᠎ᠡ ᠬᠠᠩᠰᠢ ᠶᠢ ᠲᠣᠭᠲᠠᠭᠤᠨ ᠢᠶᠠᠷ  ᠰᠢᠯᠵᠢᠭᠦᠯᠵᠦ᠂ ᠳᠠᠷᠠᠭᠠᠴᠢ ᠶᠢᠨ ᠠᠯᠬᠤᠮ ᠳᠤ ᠪᠦᠬᠦ ᠲᠠᠯ᠎ᠠ ᠪᠠᠷ ᠬᠡᠷᠡᠭᠵᠢᠭᠦᠯᠬᠦ ᠳᠤ ᠰᠠᠭᠤᠷᠢ ᠲᠠᠯᠪᠢᠵᠤ ᠦᠭᠭᠦᠨ᠎ᠡ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠥᠪᠯᠡᠯ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠵᠢᠯᠲᠠᠳ ᠢ ᠵᠣᠬᠢᠶᠠᠨ ᠪᠠᠶᠢᠭᠤᠯᠵᠤ ᠭᠤᠷᠪᠠᠨ ᠵᠢᠯ ᠬᠠᠭᠠᠰ ᠪᠠᠶᠢᠴᠠᠭᠠᠨ ᠰᠤᠳᠤᠯᠤᠯᠲᠠ ᠬᠢᠵᠦ᠂ ᠲᠤᠰᠬᠠᠶ ᠮᠡᠷᠭᠡᠵᠢᠯᠲᠡᠨ ᠢᠶᠠᠷ ᠨᠣᠲᠠᠯᠠᠭᠤᠯᠤᠭᠠᠳ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠦᠢᠯᠡᠴᠢᠯᠡᠭᠡᠨ ᠤ ᠲᠥᠷᠥᠯ ᠵᠦᠢᠯ ᠤᠨ ᠦᠨ᠎ᠡ ᠬᠠᠩᠰᠢ ︵ᠲᠤᠷᠰᠢᠨ ᠬᠡᠷᠡᠭᠵᠢᠭᠦᠯᠬᠦ︶ 2012 ᠣᠨ ᠤ ᠬᠡᠪᠯᠡᠯ︾᠎ ᠢ ᠬᠠᠮᠲᠤᠷᠠᠨ ᠲᠣᠭᠲᠠᠭᠠᠵᠤ᠂  ᠨᠡᠶᠢᠲᠡ 12 ᠲᠥᠷᠥᠯ 9221 ᠵᠣᠷᠪᠤᠰ ᠬᠤᠪᠢᠶᠠᠵᠠᠢ᠃ ᠡᠨᠡ ᠵᠢᠯ ᠤᠨ 4 ᠳ᠋ᠦ᠋ᠭᠡᠷ ᠰᠠᠷ᠎ᠠ ᠶᠢᠨ 1᠎ ᠤ ᠡᠳᠦᠷ ᠠᠴᠠ ᠡᠬᠢᠯᠡᠨ᠂ ᠤᠷᠳᠤᠰ ᠬᠤᠳᠠ᠂ ᠦᠬᠠᠶ ᠬᠤᠳᠠ᠂ ᠬᠥᠬᠡᠬᠤᠲᠠ᠂ ᠲᠦᠩᠯᠢᠶᠣᠤ ᠬᠤᠲᠠ ᠶᠢᠨ ᠡᠯ᠎ᠡ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠳᠤ ᠠᠯᠬᠤᠮ ᠠᠯᠬᠤᠮ ᠢᠶᠠᠷ ᠤᠷᠢᠳᠠᠪᠠᠷ ᠲᠤᠷᠰᠢᠨ ᠬᠡᠷᠡᠭᠵᠢᠭᠦᠯᠪᠡ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号