| ᠰᠣᠷᠪᠤᠯᠵᠢᠯᠠᠭᠰᠠᠨ ᠴᠠᠭ᠄ | 2016 ᠣᠨ ᠤ 4 ᠳ᠋ᠤᠭᠡᠷ ᠰᠠᠷ᠎ᠠ ᠶᠢᠨ 29 ᠤ ᠡᠳᠦᠷ ᠤᠨ ᠦᠳᠡ ᠶᠢᠨ ᠡᠮᠦᠨᠡᠬᠢ 10 ᠴᠠᠭ ᠲᠤ | ᠰᠣᠷᠪᠣᠯᠵᠢᠯᠠᠭᠰᠠᠨ ᠵᠣᠴᠢᠨ ᠄ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠳᠡᠳ᠋ ᠳᠠᠷᠤᠭ᠎ᠠ ᠹᠸᠡᠭ ᠵᠢᠶᠠᠨ ᠵᠥᠡᠭ | ᠰᠣᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ | ᠲᠦᠷᠦ ᠶᠢᠨ ᠶᠠᠪᠤᠳᠠᠯ ᠤᠨ ᠬᠤᠷᠢᠶ᠎ᠠ 2016 ᠣᠨ ᠳᠤ ᠡᠵᠡᠩᠨᠡᠯᠲᠡ ᠶᠢᠨ ᠭᠠᠶᠢᠯᠢ ᠶᠢ ᠥᠷᠲᠡᠭ | ᠨᠡᠮᠡᠭᠳᠡᠯ ᠤᠨ ᠭᠠᠶᠢᠯᠢ ᠪᠣᠯᠭᠠᠬᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠬᠡᠷᠡᠭᠵᠢᠭᠦᠯᠬᠦ ᠪᠠᠷ ᠲᠣᠭᠲᠠᠪᠠ᠄ 5 ᠳ᠋ᠤᠭᠠᠷ | ᠰᠠᠷ᠎ᠠ ᠶᠢᠨ 1 ᠤ ᠡᠳᠦᠷ ᠠᠴᠠ ᠡᠬᠢᠯᠡᠨ᠂ ᠲᠤᠷᠰᠢᠯᠲᠠ ᠬᠢᠬᠦ ᠬᠡᠪᠴᠢᠶ᠎ᠡ ᠪᠠᠨ ᠪᠠᠷᠢᠯᠭ᠎ᠠ ᠶᠢᠨ ᠦᠢᠯᠡᠰ᠂ ᠭᠡᠷ | ᠪᠠᠶᠢᠰᠢᠩ ᠭᠠᠵᠠᠷ ᠬᠦᠷᠦᠩᠭᠡ ᠶᠢᠨ ᠦᠢᠯᠡᠰ᠂ ᠮᠥᠩᠭᠦᠨ ᠭᠦᠢᠯᠭᠡᠭᠡᠨ ᠤ ᠦᠢᠯᠡᠰ᠂ ᠠᠮᠢᠳᠤᠷᠠᠯ ᠤᠨ | ᠦᠢᠯᠡᠴᠢᠯᠡᠭᠡᠨ ᠤ ᠦᠢᠯᠡᠰ ᠬᠦᠷᠲᠡᠯ᠎ᠡ ᠥᠷᠭᠡᠳᠬᠡᠭᠰᠡᠨ ᠪᠥᠭᠡᠳ ᠪᠤᠢ ᠪᠦᠬᠦᠢ ᠠᠵᠤ ᠠᠬᠤᠶᠢᠯᠠᠯ ᠤᠨ ᠰᠢᠨ᠎ᠡ ᠪᠠᠷ | ᠨᠡᠮᠡᠭᠳᠡᠭᠰᠡᠨ ᠲᠣᠭᠲᠠᠮᠠᠯ ᠬᠦᠷᠦᠩᠭᠡ ᠳᠤ ᠠᠭᠤᠯᠤᠭᠰᠠᠨ ᠦᠷᠳᠡᠭ ᠨᠡᠮᠡᠭᠳᠡᠯ ᠤᠨ ᠭᠠᠶᠢᠯᠢ ᠶᠢ ᠲᠤᠯᠭᠠᠨ ᠰᠠᠭᠤᠳᠬᠠᠬᠤ | ᠬᠡᠪᠴᠢᠶᠡᠨ ᠳᠤ ᠣᠷᠣᠭᠤᠯᠵᠤ᠂ ᠪᠤᠢ ᠪᠦᠬᠦᠢ ᠠᠵᠢᠯ ᠲᠥᠷᠥᠯ ᠤᠨ ᠭᠠᠶᠢᠯᠢ ᠶᠢᠨ ᠡᠭᠦᠷᠭᠡᠯᠡᠯ ᠢ ᠪᠠᠭᠠᠰᠬᠠᠬᠤ ᠠᠴᠠ | ᠪᠢᠰᠢ ᠨᠡᠮᠡᠭᠳᠡᠭᠦᠯᠬᠦ ᠦᠭᠡᠶ ᠪᠠᠶᠢᠬᠤ ᠶᠢ ᠦᠨᠡᠨ ᠬᠦ ᠪᠠᠲᠤᠯᠠᠬᠤ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ | ᠡᠵᠡᠩᠨᠡᠯᠲᠡ ᠶᠢᠨ ᠭᠠᠶᠢᠯᠢ ᠶᠢ ᠦᠷᠲᠡᠭ ᠨᠡᠮᠡᠭᠳᠡᠯ ᠤᠨ ᠭᠠᠶᠢᠯᠢ ᠪᠣᠯᠭᠠᠨ ᠲᠠᠲᠠᠪᠤᠷᠢᠯᠠᠬᠤ ᠪᠠᠶᠢᠳᠠᠯ ᠢ ᠨᠠᠷᠢᠨ | ᠲᠣᠳᠣᠷᠬᠠᠶ ᠣᠶᠢᠯᠠᠭᠠᠭᠤᠯᠬᠤ ᠶᠢᠨ ᠲᠤᠰᠠᠲᠠ᠂ ᠣᠶᠢᠷ᠎ᠠ ᠳᠤ᠂ ᠪᠢᠳᠡ ᠥᠪᠡᠷᠲᠡᠭᠡᠨ ᠵᠠᠰᠠᠬᠤ ᠣᠷᠣᠨ ᠤ ᠡᠳ᠋ ᠤᠨ | ᠵᠠᠰᠠᠭ ᠤᠨ ᠲᠢᠩᠬᠢᠮ ᠤᠨ ᠳᠡᠳ᠋ ᠳᠠᠷᠤᠭ᠎ᠠ ᠹᠸᠡᠭ ᠵᠢᠶᠠᠨ ᠵᠥᠡᠭ ᠶᠢ ︽ᠳᠤᠮᠳᠠᠳᠤ ᠤᠯᠤᠰ · ᠥᠪᠥᠷ ᠮᠣᠩᠭᠤᠯ︾ | ᠰᠦᠯᠵᠢᠶ᠎ᠡ ᠳᠤ ᠣᠷᠢᠬᠤ ᠪᠣᠯᠣᠨ᠎ᠠ᠃ ᠲᠤᠬᠠᠢ ᠶᠢᠨ ᠴᠠᠭ ᠲᠤ ᠰᠦᠯᠵᠢᠶᠡᠨ ᠠᠨᠳᠠ ᠨᠠᠷ ᠢᠳᠡᠪᠬᠢᠲᠡᠢ ᠤᠷᠤᠯᠴᠠᠬᠤ | ᠪᠤᠯᠪᠠᠤ︕ | ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ | ᠬᠥᠲᠥᠯᠥᠭᠴᠢ᠄ | ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠤᠤ ︖ ᠲᠤᠰ ᠬᠤᠭᠤᠴᠠᠭᠠᠨ ᠤ ︽ᠳᠤᠮᠳᠠᠳᠤ ᠤᠯᠤᠰ᠂ | ᠦᠪᠤᠷ ᠮᠤᠩᠭᠤᠯ︾ ᠰᠦᠯᠵᠢᠶᠡᠨ ᠤ ᠰᠤᠷᠪᠤᠯᠵᠢᠯᠠᠭ᠎ᠠ ᠶᠠᠷᠢᠯᠴᠠᠭ᠎ᠠ ᠶᠢᠨ ᠪᠤᠯᠤᠩ ᠢ ᠬᠦᠯᠢᠶᠡᠨ ᠠᠪᠴᠤ ᠦᠵᠡᠬᠦ ᠶᠢ | ᠪᠠᠶᠠᠷᠯᠠᠨ ᠤᠭᠳᠤᠵᠦ ᠪᠠᠶᠢᠨ᠎ᠠ᠃ ᠦᠨᠦᠳᠤᠷ ᠪᠢᠳᠡᠨ ᠤ ᠤᠷᠢᠭᠰᠠᠨ ᠵᠤᠴᠢᠨ ᠪᠤᠯ ᠥᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ ᠤᠨ ᠲᠢᠩᠬᠢᠮ ᠤᠨ ᠳᠡᠳ᠋ ᠳᠠᠷᠤᠭ᠎ᠠ ᠹᠸᠡᠭ ᠵᠢᠶᠠᠨ ᠵᠥᠡᠭ ᠪᠤᠯᠤᠨ᠎ᠠ᠂ ᠳᠡᠷᠡ ᠥᠪᠡᠷᠲᠡᠭᠡᠨ ᠵᠠᠰᠠᠬᠤ | ᠣᠷᠣᠨ ᠤ ᠡᠵᠡᠩᠨᠡᠯᠲᠡ ᠶᠢᠨ ᠭᠠᠶᠢᠯᠢ ᠶᠢ ᠦᠷᠲᠡᠭ ᠨᠡᠮᠡᠭᠳᠡᠯ ᠤᠨ ᠭᠠᠶᠢᠯᠢ ᠪᠣᠯᠭᠠᠨ ᠲᠠᠲᠠᠪᠤᠷᠢᠯᠠᠬᠤ ᠬᠤᠯᠪᠤᠭᠳᠠᠯ | ᠪᠥᠬᠦᠢ ᠪᠠᠶᠢᠳᠠᠯ ᠢ ᠲᠠ ᠪᠥᠬᠦᠨ ᠳᠤ ᠲᠠᠨᠢᠯᠴᠠᠭᠤᠯᠬᠤ ᠶᠢᠨ ᠬᠠᠮᠲᠤ ᠰᠦᠯᠵᠢᠶᠡᠨ ᠳᠡᠭᠡᠷ᠎ᠡ ᠲᠠ ᠪᠥᠬᠦᠨ ᠤ | ᠠᠰᠠᠭᠤᠳᠠᠯ ᠢ ᠬᠠᠷᠢᠭᠤᠯᠬᠤ ᠪᠣᠯᠣᠨ᠎ᠠ᠃ ᠹᠸᠡᠭ ᠳᠠᠷᠤᠭ᠎ᠠ ᠡ᠂ ᠲᠠᠨ ᠢ ᠪᠠᠶᠠᠷᠯᠠᠨ ᠤᠭᠳᠤᠵᠦ ᠪᠠᠶᠢᠨ᠎ᠠ︕ | ᠹᠸᠡᠭ ᠵᠢᠶᠠᠨ ᠵᠥᠡᠭ᠄ | ᠬᠦᠳᠤᠯᠦᠭᠴᠢ ᠰᠠᠶᠢᠨ ᠤᠤ︖ ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠤᠤ︖ | ᠬᠥᠲᠥᠯᠥᠭᠴᠢ᠄ | ᠹᠸᠡᠭ ᠳᠠᠷᠤᠭ᠎ᠠ ᠡ᠂ ᠲᠠ ᠪᠢᠳᠡᠨ ᠳᠤ ᠡᠵᠡᠩᠨᠡᠯᠲᠡ ᠶᠢᠨ ᠭᠠᠶᠢᠯᠢ ᠶᠢ ᠥᠷᠲᠡᠭ ᠨᠡᠮᠡᠭᠳᠡᠯ ᠤᠨ ᠭᠠᠶᠢᠯᠢ | ᠪᠣᠯᠭᠠᠬᠤ ᠥᠭᠡᠷᠡᠴᠢᠯᠡᠯᠲᠡ ᠭᠡᠭᠴᠢ ᠨᠢ ᠶᠠᠭᠤ ᠪᠣᠯᠬᠤ ᠶᠢ ᠶᠠᠷᠢᠭᠠᠳ ᠦᠭᠭᠦᠨ᠎ᠡ ᠤᠤ︖ ᠪᠠᠶᠠᠷᠯᠠᠯ᠎ᠠ᠃ | ᠹᠸᠡᠭ ᠵᠢᠶᠠᠨ ᠵᠥᠡᠭ᠄ | ᠡᠵᠡᠩᠨᠡᠯᠲᠡ ᠶᠢᠨ ᠭᠠᠶᠢᠯᠢ ᠶᠢ ᠥᠷᠲᠡᠭ ᠨᠡᠮᠡᠭᠳᠡᠯ ᠤᠨ ᠭᠠᠶᠢᠯᠢ ᠪᠣᠯᠭᠠᠬᠤ ᠥᠭᠡᠷᠡᠴᠢᠯᠡᠯᠲᠡ ᠪᠣᠯ | ᠡᠵᠡᠩᠨᠡᠯᠲᠡ ᠶᠢᠨ ᠭᠠᠶᠢᠯᠢ ᠶᠢ ᠦᠷᠲᠡᠭ ᠨᠡᠮᠡᠭᠳᠡᠯ ᠤᠨ ᠭᠠᠶᠢᠯᠢ ᠪᠣᠯᠭᠠᠨ ᠲᠠᠲᠠᠪᠤᠷᠢᠯᠠᠬᠤ ᠶᠢᠨ ᠲᠣᠪᠴᠢ ᠳᠠᠭᠤᠳᠠᠯᠭ᠎ᠠ | ᠪᠣᠯᠬᠤ ᠪᠥᠭᠡᠳ ᠦᠷᠳᠡᠭ ᠨᠡᠮᠡᠭᠳᠡᠯ ᠤᠨ ᠭᠠᠶᠢᠯᠢ ᠶᠢᠨ ᠥᠭᠡᠷᠡᠴᠢᠯᠡᠯᠲᠡ ᠶᠢᠨ ᠣᠷᠭᠠᠨᠢᠭ ᠪᠦᠷᠢᠯᠳᠦᠬᠦᠨ ᠬᠡᠰᠡᠭ ᠮᠥᠨ᠃ | ᠡᠵᠡᠩᠨᠡᠯᠲᠡ ᠶᠢᠨ ᠭᠠᠶᠢᠯᠢ ᠶᠢ ᠥᠷᠲᠡᠭ ᠨᠡᠮᠡᠭᠳᠡᠯ ᠤᠨ ᠭᠠᠶᠢᠯᠢ ᠪᠣᠯᠭᠠᠬᠤ ᠥᠭᠡᠷᠡᠴᠢᠯᠡᠯᠲᠡ ᠪᠣᠯ ᠡᠷᠭᠢᠯᠲᠡ ᠶᠢᠨ | ᠭᠠᠶᠢᠯᠢ ᠶᠢᠨ ᠳᠦᠷᠢᠮ ᠳᠠᠬᠢ ᠡᠳ᠋ ᠪᠠᠷᠠᠭ᠎ᠠ ᠪᠣᠯᠣᠨ ᠦᠢᠯᠡᠴᠢᠯᠡᠭᠡ ᠠᠴᠠ ᠲᠤᠰ ᠲᠤᠰ ᠦᠷᠳᠡᠭ ᠨᠡᠮᠡᠭᠳᠡᠯ ᠤᠨ | ᠭᠠᠶᠢᠯᠢ᠂ ᠡᠵᠡᠩᠨᠡᠯᠲᠡ ᠶᠢᠨ ᠭᠠᠶᠢᠯᠢ ᠲᠠᠲᠠᠪᠤᠷᠢᠯᠠᠬᠤ ᠠᠰᠠᠭᠤᠳᠠᠯ ᠳᠤ ᠬᠠᠨᠳᠤᠭᠤᠯᠤᠨ᠂ ᠭᠠᠶᠢᠯᠢ ᠶᠢᠨ ᠲᠦᠷᠢᠮ ᠢ | ᠨᠢᠭᠡᠳᠦᠯᠲᠡᠶ ᠪᠣᠯᠭᠠᠬᠤ ᠪᠠᠷ ᠳᠠᠮᠵᠢᠭᠤᠯᠤᠨ ᠪᠣᠷᠣᠯᠠᠭᠤᠯᠬᠤ ᠦᠢᠯᠡᠴᠢᠯᠡᠭᠡ᠂ ᠳᠠᠯᠳᠠ ᠬᠦᠷᠦᠩᠭᠡ᠂ ᠲᠣᠭᠲᠠᠮᠠᠯ | ᠬᠦᠷᠦᠩᠭᠡ ᠶᠢ ᠥᠷᠲᠡᠭ ᠨᠡᠮᠡᠭᠳᠡᠯ ᠤᠨ ᠭᠠᠶᠢᠯᠢ ᠶᠢᠨ ᠰᠢᠰᠲ᠋ᠧᠮᠵᠢ ᠳᠤ ᠠᠯᠬᠤᠮ ᠠᠯᠬᠤᠮ ᠢᠶᠠᠷ ᠣᠷᠤᠭᠤᠯᠵᠤ᠂ | ᠪᠣᠷᠣᠯᠠᠭᠤᠯᠬᠤ ᠡᠳ᠋ ᠪᠠᠷᠠᠭ᠎ᠠ ᠲᠠᠢ ᠬᠠᠮᠲᠤ ᠨᠡᠮᠡᠭᠳᠡᠯ ᠤᠨ ᠭᠠᠶᠢᠯᠢ ᠲᠠᠲᠠᠪᠤᠷᠢᠯᠠᠵᠤ᠂ ᠡᠴᠦᠰ ᠲᠡᠭᠡᠨ ᠡᠵᠡᠩᠨᠡᠯᠲᠡ ᠶᠢᠨ | ᠭᠠᠶᠢᠯᠢ ᠶᠢ ᠬᠦᠴᠦᠨ ᠦᠭᠡᠢ ᠪᠣᠯᠭᠠᠬᠤ ᠶᠠᠪᠤᠳᠠᠯ ᠪᠣᠯᠣᠨ᠎ᠠ᠃ | ᠬᠥᠲᠥᠯᠥᠭᠴᠢ᠄ | ᠲᠡᠭᠡᠪᠡᠯ᠂ ᠡᠵᠡᠩᠨᠡᠯᠲᠡ ᠶᠢᠨ ᠭᠠᠶᠢᠯᠢ ᠶᠢ ᠶᠠᠭᠤᠨ ᠳᠤ ᠦᠷᠳᠡᠭ ᠨᠡᠮᠡᠭᠳᠡᠯ ᠤᠨ ᠭᠠᠶᠢᠯᠢ ᠪᠣᠯᠭᠠᠨ | ᠲᠠᠲᠠᠪᠤᠷᠢᠯᠠᠬᠤ ᠪᠤᠢ︖ | ᠹᠸᠡᠭ ᠵᠢᠶᠠᠨ ᠵᠥᠡᠭ᠄ | ᠡᠵᠡᠩᠨᠡᠯᠲᠡ ᠶᠢᠨ ᠭᠠᠶᠢᠯᠢ ᠶᠢ ᠥᠷᠲᠡᠭ ᠨᠡᠮᠡᠭᠳᠡᠯ ᠤᠨ ᠭᠠᠶᠢᠯᠢ ᠪᠣᠯᠭᠠᠬᠤ ᠥᠭᠡᠷᠡᠴᠢᠯᠡᠯᠲᠡ ᠶᠢᠨ ᠵᠣᠷᠢᠯᠭ᠎ᠠ | ᠪᠣᠯ ᠡᠵᠡᠩᠨᠡᠯᠲᠡ ᠶᠢᠨ ᠭᠠᠶᠢᠯᠢ ᠠᠴᠠ ᠳᠠᠪᠬᠤᠷ ᠭᠠᠶᠢᠯᠢ ᠲᠠᠲᠠᠪᠤᠷᠢᠯᠠᠬᠤ ᠭᠡᠮ ᠰᠣᠭᠤᠭ ᠢ ᠠᠷᠢᠯᠭᠠᠵᠤ᠂ | ᠲᠤᠰᠬᠠᠶᠢᠵᠢᠭᠤᠯᠤᠭᠰᠠᠨ ᠠᠵᠢᠯ ᠤᠨ ᠬᠤᠪᠢᠶᠠᠷᠢᠯᠠᠯ ᠪᠣᠯᠤᠨ ᠠᠵᠤ ᠦᠢᠯᠡᠰ ᠤᠨ ᠠᠭᠤᠰᠤᠯᠴᠠᠯ ᠢ ᠠᠬᠢᠭᠤᠯᠤᠨ᠂ | ᠠᠵᠤ ᠠᠬᠤᠶᠢᠯᠠᠯ ᠤᠨ ᠥᠪᠡᠷ ᠤᠨ ᠥᠷᠲᠡᠭ ᠢ ᠳᠣᠷᠣᠭᠰᠢᠯᠠᠭᠤᠯᠵᠤ᠂ ᠬᠥᠭᠵᠢᠯᠲᠡ ᠶᠢᠨ ᠴᠢᠳᠠᠪᠤᠷᠢ ᠶᠢ ᠨᠢ | ᠨᠡᠮᠡᠭᠳᠡᠭᠦᠯᠬᠦ ᠶᠢᠨ ᠲᠥᠯᠦᠭᠡ ᠶᠤᠮ᠃ ᠤᠯᠠᠨ ᠤ ᠮᠡᠳᠡᠭᠡᠵᠢ ᠪᠠᠷ᠂ ᠡᠵᠡᠩᠨᠡᠯᠲᠡ ᠶᠢᠨ ᠭᠠᠶᠢᠯᠢ ᠪᠣᠯ ᠭᠠᠶᠢᠯᠢ | ᠲᠤᠰᠢᠶᠠᠭᠴᠢ ᠶᠢᠨ ᠪᠣᠷᠣᠯᠠᠭᠤᠯᠬᠤ ᠦᠢᠯᠡᠴᠢᠯᠡᠭᠡ᠂ ᠳᠠᠯᠳᠠ ᠬᠦᠷᠦᠩᠭᠡ᠂ ᠲᠣᠭᠲᠠᠮᠠᠯ ᠬᠦ᠋ᠷᠦᠩᠭᠡ ᠶᠢᠨ ᠣᠷᠣᠯᠭ᠎ᠠ ᠶᠢᠨ | ᠪᠦᠬᠦ ᠲᠤᠭ᠎ᠠ ᠠᠴᠠ ᠭᠠᠶᠢᠯᠢ ᠲᠠᠲᠠᠪᠤᠷᠢᠯᠠᠬᠤ ᠪᠣᠯᠣᠨ᠎ᠠ᠂ ᠡᠷᠭᠢᠯᠲᠡ ᠶᠢᠨ ᠶᠠᠪᠤᠴᠠ ᠳᠤ ᠳᠠᠪᠬᠤᠷ ᠭᠠᠶᠢᠯᠢ | ᠲᠠᠲᠠᠪᠤᠷᠢᠯᠠᠬᠤ ᠠᠰᠠᠭᠤᠳᠠᠯ ᠭᠠᠷᠬᠤ ᠨᠢ ᠵᠠᠶᠢᠯᠠᠰᠢ ᠦᠭᠡᠢ ᠶᠤᠮ᠂ ᠡᠷᠭᠢᠯᠲᠡ ᠶᠢᠨ ᠭᠤᠭᠴᠤᠭ᠎ᠠ ᠬᠤᠶᠢᠰᠢᠯᠠᠬᠤ | ᠲᠣᠰᠣᠮ ᠭᠠᠶᠢᠯᠢ ᠶᠢᠨ ᠡᠭᠦᠷᠭᠡᠯᠡᠯ ᠨᠢ ᠤᠯᠠᠮ ᠬᠥᠨᠳᠥᠷᠡᠬᠦ ᠪᠣᠯᠣᠨ᠎ᠠ᠃ ᠥᠷᠲᠡᠭ ᠨᠡᠮᠡᠭᠳᠡᠯ ᠤᠨ ᠭᠠᠶᠢᠯᠢ ᠪᠣᠯ ᠡᠳ᠋ | ᠪᠠᠷᠠᠭ᠎ᠠ ᠪᠣᠷᠣᠯᠠᠭᠤᠯᠬᠤ ᠪᠠ ᠦᠢᠯᠡᠴᠢᠯᠡᠭᠡ ᠬᠠᠩᠭᠠᠬᠤ ᠳᠠᠬᠢ ᠨᠡᠮᠡᠭᠳᠡᠭᠰᠡᠨ ᠥᠷᠲᠡᠭ ᠤᠨ ᠲᠤᠭ᠎ᠠ ᠠᠴᠠ | ᠲᠠᠲᠠᠪᠤᠷᠢᠯᠠᠬᠤ ᠭᠠᠶᠢᠯᠢ ᠪᠣᠯᠣᠨ᠎ᠠ᠂ ᠲᠤᠬᠠᠶᠢᠯᠠᠪᠠᠯ ᠭᠠᠶᠢᠯᠢ ᠲᠤᠰᠢᠶᠠᠭᠴᠢ ᠶᠢᠨ ᠳᠡᠭᠡᠷ᠎ᠡ ᠨᠢᠭᠡ ᠭᠤᠭᠴᠤᠭ᠎ᠠ | ᠳᠡᠭᠡᠷ᠎ᠡ ᠨᠢᠭᠡᠨᠲᠡ ᠲᠤᠰᠢᠶᠠᠭᠰᠠᠨ ᠭᠠᠶᠢᠯᠢ ᠶᠢᠨ ᠲᠡᠷᠡ ᠬᠡᠰᠡᠭ ᠦᠷᠲᠡᠭ ᠶᠢ ᠲᠤᠯᠭᠠᠨ ᠰᠠᠭᠤᠳᠬᠠᠭᠰᠠᠨ ᠤ ᠳᠠᠷᠠᠭ᠎ᠠ᠂ | ᠵᠥᠪᠬᠡᠨ ᠲᠤᠰ ᠵᠠᠩᠭᠢᠯᠠᠭ᠎ᠠ ᠶᠢᠨ ᠰᠢᠨ᠎ᠡ ᠪᠠᠷ ᠨᠡᠮᠡᠭᠳᠡᠭᠰᠡᠨ ᠦᠷᠳᠡᠭ ᠠᠴᠠ ᠭᠠᠶᠢᠯᠢ ᠲᠠᠲᠠᠪᠤᠷᠢᠯᠠᠵᠤ᠂ ᠤᠯᠠᠮᠵᠢᠯᠠᠯᠲᠤ | ᠡᠵᠡᠩᠨᠡᠯᠲᠡ ᠶᠢᠨ ᠭᠠᠶᠢᠯᠢ ᠶᠢᠨ ᠪᠦᠬᠦ ᠲᠤᠭ᠎ᠠ ᠠᠴᠠ ᠭᠠᠶᠢᠯᠢ ᠲᠠᠲᠠᠪᠤᠷᠢᠯᠠᠬᠤ ᠳᠤ ᠪᠤᠢ ᠪᠣᠯᠬᠤ ᠳᠠᠪᠬᠤᠷ ᠭᠠᠶᠢᠯᠢ | ᠲᠠᠲᠠᠪᠤᠷᠢᠯᠠᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠪᠡ᠃ | ᠦᠢᠯᠡᠳᠦᠯᠭᠡ ᠭᠡᠷᠡᠴᠢᠯᠡᠭᠰᠡᠨ ᠨᠢ᠂ ᠡᠵᠡᠩᠨᠡᠯᠲᠡ ᠶᠢᠨ ᠭᠠᠶᠢᠯᠢ ᠶᠢ ᠦᠷᠲᠡᠭ ᠨᠡᠮᠡᠭᠳᠡᠯ ᠤᠨ ᠭᠠᠶᠢᠯᠢ ᠪᠣᠯᠭᠠᠬᠤ | ᠥᠭᠡᠷᠡᠴᠢᠯᠡᠯᠲᠡ ᠨᠢ ᠭᠠᠶᠢᠯᠢ ᠶᠢᠨ ᠲᠦᠷᠢᠮ ᠢ ᠲᠡᠭᠦᠯᠳᠡᠷᠵᠢᠭᠦᠯᠬᠦ ᠪᠠ ᠳᠠᠪᠬᠤᠷ ᠭᠠᠶᠢᠯᠢ ᠲᠠᠲᠠᠪᠤᠷᠢᠯᠠᠬᠤ ᠶᠢ | ᠠᠷᠢᠯᠭᠠᠬᠤ ᠳᠤ ᠠᠰᠢᠭᠲᠠᠶ︔ ᠨᠡᠶᠢᠭᠡᠮ ᠤᠨ ᠲᠤᠰᠬᠠᠶᠢᠵᠢᠭᠤᠯᠤᠭᠰᠠᠨ ᠠᠵᠢᠯ ᠤᠨ ᠬᠤᠪᠢᠶᠠᠷᠢᠯᠠᠯ᠂ ᠭᠤᠷᠪᠠ | ᠤᠳᠠᠭᠠᠨ ᠤ ᠠᠵᠤ ᠦᠢᠯᠡᠰ ᠤᠨ ᠠᠭᠤᠰᠤᠯᠴᠠᠯ ᠤᠨ ᠠᠬᠢᠭᠤᠯᠤᠯᠲᠠ ᠳᠤ ᠠᠰᠢᠭᠲᠠᠢ︔ ᠠᠵᠤ ᠠᠬᠤᠶᠢᠯᠠᠯ ᠤᠨ | ᠭᠠᠶᠢᠯᠢ ᠲᠠᠲᠠᠪᠤᠷᠢ ᠶᠢᠨ ᠥᠪᠡᠷ ᠤᠨ ᠦᠷᠳᠡᠭ ᠢ ᠳᠣᠷᠣᠭᠰᠢᠯᠠᠭᠤᠯᠤᠨ᠂ ᠠᠵᠤ ᠠᠬᠤᠶᠢᠯᠠᠯ ᠤᠨ ᠬᠥᠭᠵᠢᠯᠲᠡ ᠶᠢᠨ | ᠴᠢᠳᠠᠪᠤᠷᠢ ᠶᠢ ᠨᠡᠮᠡᠭᠳᠡᠭᠦᠯᠬᠦ ᠳᠤ ᠠᠰᠢᠭᠲᠠᠢ︔ ᠪᠡᠯᠡ ᠣᠷᠣᠭᠤᠯᠤᠯᠲᠠ᠂ ᠬᠡᠷᠡᠭᠯᠡᠭᠡ ᠪᠣᠯᠣᠨ ᠭᠠᠳᠠᠭᠠᠳᠤ ᠳᠤ | ᠭᠠᠷᠭᠠᠬᠤ ᠪᠦᠲᠦᠴᠡ ᠶᠢ ᠰᠢᠯᠢᠳᠡᠭᠵᠢᠭᠦᠯᠦᠨ᠂ ᠤᠯᠤᠰ ᠠᠷᠠᠳ ᠤᠨ ᠠᠵᠤ ᠠᠬᠤᠶ ᠶᠢᠨ ᠡᠷᠡᠭᠦᠯ ᠪᠥᠭᠡᠳ | ᠵᠣᠬᠢᠴᠠᠩᠭᠤᠶ ᠪᠠᠷ ᠬᠥᠭᠵᠢᠭᠦᠯᠬᠦ ᠶᠢ ᠠᠬᠢᠭᠤᠯᠬᠤ ᠳᠤ ᠠᠰᠢᠭᠲᠠᠢ ᠶᠤᠮ᠃ | ᠬᠥᠲᠥᠯᠥᠭᠴᠢ᠄ | ᠲᠠ ᠦᠷᠳᠡᠭ ᠨᠡᠮᠡᠭᠳᠡᠯ ᠤᠨ ᠭᠠᠶᠢᠯᠢ ᠶᠢᠨ ᠥᠭᠡᠷᠡᠴᠢᠯᠡᠯᠲᠡ ᠶᠢᠨ ᠲᠡᠦᠬᠡ ᠶᠢ ᠲᠠᠨᠢᠯᠴᠠᠭᠤᠯᠤᠭᠠᠳ ᠥᠭᠭᠦᠨ᠎ᠡ | ᠤᠤ︖ | ᠹᠸᠡᠭ ᠵᠢᠶᠠᠨ ᠵᠥᠡᠭ᠄ | ᠪᠣᠯᠣᠨ᠎ᠠ᠃ 1954 ᠣᠨ ᠳᠤ ᠦᠷᠳᠡᠭ ᠨᠡᠮᠡᠭᠳᠡᠯ ᠤᠨ ᠭᠠᠶᠢᠯᠢ ᠶᠢ ᠡᠩ ᠲᠡᠷᠢᠭᠦᠨ ᠳᠤ ᠹᠷᠠᠨᠼᠢ ᠳᠤ ᠡᠬᠢᠯᠡᠨ | ᠲᠠᠲᠠᠪᠤᠷᠢᠯᠠᠵᠤ᠂ ᠤᠲᠤ ᠨᠢᠭᠡᠨᠲᠡ ᠳᠡᠯᠡᠬᠡᠶ ᠶᠢᠨ 170 ᠭᠠᠷᠤᠶ ᠤᠯᠤᠰ ᠪᠣᠯᠣᠨ ᠭᠠᠵᠠᠷ ᠣᠷᠣᠨ ᠳᠤ ᠬᠡᠷᠡᠭᠯᠡᠵᠦ᠂ | ᠶᠡᠷᠦᠩᠬᠡᠶ ᠳᠡᠭᠡᠨ ᠴᠦᠮ ᠡᠳ᠋ ᠪᠠᠷᠠᠭ᠎ᠠ ᠪᠣᠯᠣᠨ ᠦᠢᠯᠡᠴᠢᠯᠡᠭᠡᠨ ᠤ ᠠᠵᠢᠯ ᠲᠦᠷᠦᠯ ᠢ ᠬᠠᠮᠤᠷᠴᠤ ᠪᠣᠢ᠃ ᠮᠠᠨ ᠤ | ᠤᠯᠤᠰ 1979 ᠣᠨ ᠳᠤ ᠦᠷᠳᠡᠭ ᠨᠡᠮᠡᠭᠳᠡᠯ ᠤᠨ ᠭᠠᠶᠢᠯᠢ ᠶᠢ ᠣᠷᠣᠭᠤᠯᠤᠨ ᠠᠪᠴᠢᠷᠠᠵᠤ᠂ ᠠᠩᠬ᠎ᠠ ᠡᠬᠢᠯᠡᠬᠦ ᠳᠤ | ᠰᠢᠶᠠᠩ ᠹᠠᠨ᠂ ᠱᠠᠩᠬᠠᠶ᠂ ᠯᠢᠤᠵᠸᠤ ᠵᠡᠷᠭᠡ ᠬᠤᠳᠠ ᠶᠢᠨ ᠮᠠᠰᠢᠨ ᠮᠧᠬᠠᠨᠢᠭ᠂ ᠮᠠᠰᠢᠨ ᠲᠡᠷᠬᠡ᠂ ᠪᠣᠯᠣᠳ ᠮᠠᠲ᠋ᠧᠷᠢᠶᠠᠯ | ᠵᠡᠷᠭᠡ 5 ᠲᠥᠷᠥᠯ ᠤᠨ ᠡᠳ᠋ ᠪᠠᠷᠠᠭ᠎ᠠ ᠳᠤ ᠲᠤᠷᠰᠢᠨ ᠬᠡᠷᠡᠭᠵᠢᠭᠦᠯᠪᠡ᠃ 1984 ᠣᠨ ᠳᠤ ᠲᠥᠷᠥ ᠶᠢᠨ | ᠶᠠᠪᠤᠳᠠᠯ ᠤᠨ ᠬᠤᠷᠢᠶ᠎ᠠ ᠦᠷᠳᠡᠭ ᠨᠡᠮᠡᠭᠳᠡᠯ ᠤᠨ ᠭᠠᠶᠢᠯᠢ ᠶᠢᠨ ᠲᠦᠷᠢᠮ ︵ᠲᠥᠰᠦᠯ︶ ᠢ ᠨᠡᠶᠢᠲᠡᠯᠡᠵᠦ᠂ ᠪᠦᠬᠦ | ᠤᠯᠤᠰ ᠤᠨ ᠬᠡᠪᠴᠢᠶᠡᠨ ᠳᠤ ᠮᠠᠰᠢᠨ ᠮᠧᠬᠠᠨᠢᠭ᠂ ᠮᠠᠰᠢᠨ ᠲᠡᠷᠭᠡ᠂ ᠪᠤᠯᠤᠳ ᠮᠠᠲ᠋ᠧᠷᠢᠶᠠᠯ ᠵᠡᠷᠭᠡ 12 ᠳᠦᠷᠦᠯ ᠤᠨ | ᠡᠳ᠋ ᠪᠠᠷᠠᠭ᠎ᠠ ᠠᠴᠠ ᠦᠷᠳᠡᠭ ᠨᠡᠮᠡᠭᠳᠡᠯ ᠤᠨ ᠭᠠᠶᠢᠯᠢ ᠲᠠᠲᠠᠪᠤᠷᠢᠯᠠᠪᠠ᠃ 1994 ᠣᠨ ᠤ ᠭᠠᠶᠢᠯᠢ ᠶᠢᠨ ᠲᠦᠷᠢᠮ ᠤᠨ | ᠥᠭᠡᠷᠡᠴᠢᠯᠡᠯᠲᠡ ᠳᠤ ᠦᠷᠲᠡᠭ ᠨᠡᠮᠡᠭᠳᠡᠯ ᠤᠨ ᠭᠠᠶᠢᠯᠢ ᠶᠢᠨ ᠭᠠᠶᠢᠯᠢ ᠲᠠᠲᠠᠪᠤᠷᠢᠯᠠᠬᠤ ᠬᠦᠷᠢᠶ᠎ᠡ ᠬᠡᠪᠴᠢᠶ᠎ᠡ ᠶᠢ ᠪᠤᠢ | ᠪᠦᠬᠦᠢ ᠡᠳ᠋ ᠪᠠᠷᠠᠭ᠎ᠠ ᠪᠣᠯᠣᠨ ᠡᠳ᠋ᠰᠢᠭᠦᠯᠦᠨ ᠪᠣᠯᠪᠠᠰᠤᠷᠠᠭᠤᠯᠬᠤ ᠰᠡᠯᠪᠢᠨ ᠵᠠᠰᠠᠬᠤ ᠦᠢᠯᠡᠴᠢᠯᠡᠭᠡ ᠬᠦᠷᠲᠡᠯ᠎ᠡ | ᠥᠷᠭᠡᠳᠬᠡᠭᠰᠡᠨ ᠪᠣᠯᠪᠠᠴᠤ᠂ ᠪᠤᠰᠤᠳ ᠦᠢᠯᠡᠴᠢᠯᠡᠭᠡ᠂ ᠳᠠᠯᠳᠠ ᠬᠦᠷᠦᠩᠭᠡ ᠪᠣᠯᠣᠨ ᠲᠣᠭᠲᠠᠮᠠᠯ ᠬᠦᠷᠦᠩᠭᠡ ᠠᠴᠠ | ᠮᠥᠨ ᠯᠡ ᠡᠵᠡᠩᠨᠡᠯᠲᠡ ᠶᠢᠨ ᠭᠠᠶᠢᠯᠢ ᠲᠠᠲᠠᠪᠤᠷᠢᠯᠠᠵᠤ ᠪᠠᠶᠢᠪᠠ᠃ ᠡᠵᠡᠩᠨᠡᠯᠲᠡ ᠶᠢᠨ ᠭᠠᠶᠢᠯᠢ ᠶᠢ ᠬᠡᠪ ᠢᠶᠠᠷ ᠨᠢ | ᠪᠠᠶᠢᠯᠭᠠᠭᠰᠠᠨ ᠨᠢ ᠭᠤᠣᠯᠳᠠᠭᠤ ᠲᠤᠬᠠᠶ ᠶᠢᠨ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠡᠪᠴᠢᠶ᠎ᠡ ᠨᠡᠯᠢᠶᠡᠳ ᠪᠠᠭ᠎ᠠ | ᠂ ᠡᠵᠡᠩᠨᠡᠯᠲᠡ ᠶᠢᠨ ᠭᠠᠶᠢᠯᠢ ᠶᠢ ᠥᠷᠲᠡᠭ ᠨᠡᠮᠡᠭᠳᠡᠯ ᠤᠨ ᠭᠠᠶᠢᠯᠢ ᠪᠣᠯᠭᠠᠬᠤ ᠥᠭᠡᠷᠡᠴᠢᠯᠡᠯᠲᠡ ᠬᠢᠬᠦ ᠳᠤ ᠬᠦᠴᠢᠷ | ᠪᠡᠷᠬᠡ ᠨᠡᠯᠢᠶᠡᠳ ᠶᠡᠭᠡ᠂ ᠴᠠᠭ ᠲᠣᠬᠢᠶᠠᠯ ᠬᠠᠷᠠᠬᠠᠨ ᠪᠦᠷᠢᠯᠳᠦᠭᠡᠳᠦᠶ ᠪᠠᠶᠢᠬᠤ ᠶᠢ ᠪᠣᠳᠣᠯᠬᠢᠯᠠᠪᠠ᠃ 2009 | ᠣᠨ ᠳᠤ ᠤᠯᠤᠰ ᠠᠴᠠ ᠬᠡᠷᠡᠭᠯᠡᠭᠡᠨ ᠤ ᠬᠡᠯᠪᠡᠷᠢ ᠶᠢᠨ ᠥᠷᠲᠡᠭ ᠨᠡᠮᠡᠭᠳᠡᠯ ᠤᠨ ᠭᠠᠶᠢᠯᠢ ᠶᠢᠨ ᠥᠭᠡᠷᠡᠴᠢᠯᠡᠯᠲᠡ ᠬᠢᠵᠦ᠂ | ᠮᠠᠰᠢᠨ ᠲᠥᠬᠦᠭᠡᠷᠦᠮᠵᠢ ᠶᠢ ᠥᠷᠲᠡᠭ ᠨᠡᠮᠡᠭᠳᠡᠯ ᠤᠨ ᠭᠠᠶᠢᠯᠢ ᠶᠢᠨ ᠲᠤᠯᠭᠠᠨ ᠰᠠᠭᠤᠳᠬᠠᠬᠤ ᠬᠡᠪᠴᠢᠶᠡᠨ ᠳᠤ | ᠣᠷᠤᠭᠤᠯᠬᠤ ᠪᠠᠷ ᠪᠣᠯᠪᠠ᠃ ᠳᠡᠭᠡᠷ᠎ᠡ ᠳᠤᠷᠠᠳᠤᠭᠰᠠᠨ ᠥᠭᠡᠷᠡᠴᠢᠯᠡᠯᠲᠡ ᠶᠢᠨ ᠰᠠᠭᠤᠷᠢᠨ ᠳᠡᠭᠡᠷ᠎ᠡ᠂ 2013 ᠣᠨ ᠤ | 8 ᠳ᠋ᠤᠭᠠᠷ ᠰᠠᠷ᠎ᠠ ᠶᠢᠨ 1 ᠤ ᠡᠳᠦᠷ ᠠᠴᠠ ᠨᠠᠰᠢ᠂ ᠤᠯᠤᠰ ᠠᠴᠠ ᠵᠠᠮ ᠲᠡᠭᠡᠭᠡᠪᠦᠷᠢ ᠶᠢᠨ ᠦᠢᠯᠡᠰ᠂ ᠣᠳᠣ ᠦᠶ᠎ᠡ | ᠦᠢᠯᠡᠴᠢᠯᠡᠭᠡᠨ ᠤ ᠬᠡᠰᠡᠭ ᠠᠵᠤ ᠦᠢᠯᠡᠰ᠂ ᠰᠢᠦᠳᠠᠨ ᠤ ᠦᠢᠯᠡᠰ ᠵᠢᠴᠢ ᠴᠠᠬᠢᠯᠭᠠᠨ ᠬᠤᠯᠪᠣᠭᠠᠨ ᠤ ᠦᠢᠯᠡᠰ ᠢ | ᠤᠷᠢᠳ ᠬᠤᠵᠢᠳ ᠡᠵᠡᠩᠨᠡᠯᠲᠡ ᠶᠢᠨ ᠭᠠᠶᠢᠯᠢ ᠶᠢ ᠥᠷᠲᠡᠭ ᠨᠡᠮᠡᠭᠳᠡᠯ ᠤᠨ ᠭᠠᠶᠢᠯᠢ ᠪᠣᠯᠭᠠᠬᠤ ᠥᠭᠡᠷᠡᠴᠢᠯᠡᠯᠲᠡ ᠶᠢᠨ | ᠲᠤᠷᠰᠢᠯᠲᠠ ᠬᠢᠬᠦ ᠬᠡᠪᠴᠢᠶᠡᠨ ᠳᠤ ᠣᠷᠣᠭᠤᠯᠵᠠᠶ᠃ 2016 ᠣᠨ ᠳᠤ ᠡᠵᠡᠩᠨᠡᠯᠲᠡ ᠶᠢᠨ ᠭᠠᠶᠢᠯᠢ ᠶᠢ ᠥᠷᠲᠡᠭ | ᠨᠡᠮᠡᠭᠳᠡᠯ ᠤᠨ ᠭᠠᠶᠢᠯᠢ ᠪᠣᠯᠭᠠᠬᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠬᠡᠷᠡᠭᠵᠢᠭᠦᠯᠵᠦ᠂ 5 ᠳ᠋ᠤᠭᠠᠷ ᠰᠠᠷ᠎ᠠ ᠶᠢᠨ | 1 ᠤ ᠡᠳᠦᠷ ᠠᠴᠠ ᠡᠬᠢᠯᠡᠨ ᠪᠠᠷᠢᠯᠭ᠎ᠠ ᠶᠢᠨ ᠦᠢᠯᠡᠰ᠂ ᠭᠡᠷ ᠪᠠᠶᠢᠰᠢᠩ ᠭᠠᠵᠠᠷ ᠬᠦᠷᠦᠩᠭᠡ ᠶᠢᠨ ᠦᠢᠯᠡᠰ᠂ ᠮᠥᠩᠭᠦᠨ | ᠭᠦᠢᠯᠭᠡᠭᠡᠨ ᠤ ᠦᠢᠯᠡᠰ᠂ ᠠᠮᠢᠳᠤᠷᠠᠯ ᠤᠨ ᠦᠢᠯᠡᠴᠢᠯᠡᠭᠡᠨ ᠤ ᠦᠢᠯᠡᠰ ᠢ ᠲᠤᠷᠰᠢᠯᠲᠠ ᠬᠢᠬᠦ ᠬᠡᠪᠴᠢᠶᠡᠨ ᠳᠤ | ᠣᠷᠤᠭᠤᠯᠤᠭᠰᠠᠨ ᠪᠥᠭᠡᠳ ᠪᠤᠢ ᠪᠦᠬᠦᠢ ᠠᠵᠤ ᠠᠬᠤᠶᠢᠯᠠᠯ ᠤᠨ ᠰᠢᠨ᠎ᠡ ᠪᠠᠷ ᠨᠡᠮᠡᠭᠳᠡᠭᠰᠡᠨ ᠲᠣᠭᠲᠠᠮᠠᠯ ᠬᠦᠷᠦᠩᠭᠡ ᠳᠤ | ᠠᠭᠤᠯᠬᠤ ᠦᠷᠳᠡᠭ ᠨᠡᠮᠡᠭᠳᠡᠯ ᠤᠨ ᠭᠠᠶᠢᠯᠢ ᠶᠢ ᠲᠤᠯᠭᠠᠨ ᠰᠠᠭᠤᠳᠬᠠᠬᠤ ᠬᠡᠪᠴᠢᠶᠡᠨ ᠳᠤ ᠣᠷᠣᠭᠤᠯᠵᠤ᠂ | ᠡᠵᠡᠩᠨᠡᠯᠲᠡ ᠶᠢᠨ ᠭᠠᠶᠢᠯᠢ ᠶᠢ ᠲᠦᠢᠯᠪᠤᠷᠢᠲᠠᠶ ᠬᠦᠴᠦᠨ ᠦᠬᠡᠢ ᠪᠣᠯᠭᠠᠪᠠ᠃ ᠬᠤᠶᠢᠰᠢᠲᠠ᠂ ᠦᠷᠲᠡᠭ ᠨᠡᠮᠡᠭᠳᠡᠯ ᠤᠨ | ᠭᠠᠶᠢᠯᠢ ᠶᠢᠨ ᠥᠭᠡᠷᠡᠴᠢᠯᠡᠯᠲᠡ ᠳᠤᠮᠳᠠ ᠦᠷᠭᠦᠯᠵᠢᠯᠡᠨ ᠲᠡᠭᠦᠯᠳᠡᠷᠵᠢᠭᠦᠯᠬᠦ ᠶᠢᠨ ᠬᠠᠮᠲᠤ ᠬᠠᠤᠯᠢ ᠲᠣᠭᠲᠠᠭᠠᠬᠤ ᠪᠠᠷ | ᠳᠠᠮᠵᠢᠭᠤᠯᠤᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠨᠡᠯᠢᠶᠡᠳ ᠵᠢᠷᠤᠮᠵᠢᠭᠰᠠᠨ ᠬᠡᠷᠡᠭᠯᠡᠭᠡᠨ ᠤ | ᠬᠡᠯᠪᠡᠷᠢ ᠶᠢᠨ ᠥᠷᠲᠡᠭ ᠨᠡᠮᠡᠭᠳᠡᠯ ᠤᠨ ᠭᠠᠶᠢᠯᠢ ᠶᠢᠨ ᠳᠦᠷᠢᠮ ᠡᠴᠦᠰ ᠲᠡᠭᠡᠨ ᠲᠣᠭᠲᠠᠭᠠᠭᠳᠠᠬᠤ ᠨᠢ ᠳᠠᠮᠵᠢᠭ | ᠦᠭᠡᠢ᠃ | ᠬᠦᠲᠦᠯᠦᠭᠴᠢ᠄ | ᠡᠵᠡᠩᠨᠡᠯᠲᠡ ᠶᠢᠨ ᠭᠠᠶᠢᠯᠢ ᠶᠢ ᠥᠷᠲᠡᠭ ᠨᠡᠮᠡᠭᠳᠡᠯ ᠤᠨ ᠭᠠᠶᠢᠯᠢ ᠪᠤᠯᠭᠠᠬᠤ ᠦᠭᠡᠷᠡᠴᠢᠯᠡᠯᠲᠡ ᠶᠢ ᠪᠦᠬᠦ | ᠲᠠᠯ᠎ᠠ ᠪᠠᠷ ᠬᠡᠷᠡᠭᠵᠢᠬᠦᠯᠬᠦ ᠨᠢ ᠶᠠᠮᠠᠷ ᠶᠠᠮᠠᠷ ᠠᠴᠢ ᠬᠤᠯᠪᠣᠭᠳᠠᠯ ᠲᠠᠢ ᠪᠤᠢ︖ | ᠹᠸᠡᠭ ᠵᠢᠶᠠᠨ ᠵᠦᠡᠭ᠄ | ᠣᠳᠣᠬᠠᠨ ᠤ ᠪᠠᠶᠢᠳᠠᠯ ᠳᠣᠣᠷ᠎ᠠ᠂ ᠡᠵᠡᠩᠨᠡᠯᠲᠡ ᠶᠢᠨ ᠭᠠᠶᠢᠯᠢ ᠶᠢ ᠥᠷᠲᠡᠭ ᠨᠡᠮᠡᠭᠳᠡᠯ ᠤᠨ ᠭᠠᠶᠢᠯᠢ ᠪᠤᠯᠭᠠᠬᠤ | ᠦᠬᠡᠷᠡᠴᠢᠯᠡᠯᠲᠡ ᠶᠢ ᠪᠦᠬᠦ ᠲᠠᠯ᠎ᠠ ᠪᠠᠷ ᠬᠡᠷᠡᠭᠵᠢᠬᠦᠯᠬᠦ ᠨᠢ᠄ ᠨᠢᠭᠡ ᠳᠤ᠂ ᠡᠵᠡᠩᠨᠡᠯᠲᠡ ᠶᠢᠨ ᠭᠠᠶᠢᠯᠢ ᠶᠢ ᠥᠷᠲᠡᠭ | ᠨᠡᠮᠡᠭᠳᠡᠯ ᠤᠨ ᠭᠠᠶᠢᠯᠢ ᠪᠤᠯᠭᠠᠬᠤ ᠦᠭᠡᠷᠡᠴᠢᠯᠡᠯᠲᠡ ᠶᠢᠨ ᠲᠤᠷᠰᠢᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠨᠡᠯᠢᠶᠡᠳ | ᠪᠦᠷᠢᠨ ᠪᠦᠲᠦᠨ ᠬᠡᠷᠡᠭᠯᠡᠭᠡᠨ ᠤ ᠬᠡᠯᠪᠡᠷᠢ ᠶᠢᠨ ᠦᠷᠳᠡᠭ ᠨᠡᠮᠡᠭᠳᠡᠯ ᠤᠨ ᠭᠠᠶᠢᠯᠢ ᠶᠢᠨ ᠳᠦᠷᠢᠮ ᠢ ᠪᠠᠶᠢᠭᠤᠯᠬᠤ ᠪᠤᠯ | ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ ᠤᠨ ᠥᠭᠡᠷᠡᠴᠢᠯᠡᠯᠲᠡ ᠳᠠᠬᠢ ᠪᠠᠶᠢᠭᠤᠯᠤᠯ ᠲᠣᠭᠲᠠᠴᠠ ᠶᠢᠨ ᠰᠢᠨ᠎ᠡ ᠶᠢ | ᠡᠭᠦᠳᠦᠯᠲᠡ ᠪᠤᠯᠬᠤᠷ᠂ ᠤᠯᠤᠰ ᠣᠷᠣᠨ ᠤ ᠵᠠᠰᠠᠯᠲᠠ ᠶᠢᠨ ᠰᠢᠰᠲ᠋ᠧᠮᠵᠢ ᠪᠣᠯᠤᠨ ᠵᠠᠰᠠᠯᠲᠠ ᠶᠢᠨ ᠴᠢᠳᠠᠪᠤᠷᠢ ᠶᠢᠨ | ᠣᠳᠣᠬᠢᠴᠢᠯᠠᠯᠲᠠ ᠶᠢ ᠲᠦᠯᠬᠢᠨ ᠠᠬᠢᠭᠤᠯᠵᠤ᠂ ᠰᠢᠨ᠎ᠡ ᠬᠥᠳᠡᠯᠭᠡᠭᠴᠢ ᠬᠦᠴᠦᠨ ᠢ ᠪᠤᠶᠢᠵᠢᠭᠤᠯᠤᠨ ᠬᠦᠭᠵᠢᠬᠦᠯᠬᠦ ᠳᠤ | ᠢᠳᠡᠪᠬᠢᠲᠠᠢ ᠠᠴᠢ ᠬᠤᠯᠪᠣᠭᠳᠠᠯ ᠲᠠᠢ ᠶᠤᠮ᠃ | ᠬᠤᠶᠠᠷ ᠲᠤ᠂ ᠡᠵᠡᠩᠨᠡᠯᠲᠡ ᠶᠢᠨ ᠭᠠᠶᠢᠯᠢ ᠶᠢ ᠥᠷᠲᠡᠭ ᠨᠡᠮᠡᠭᠳᠡᠯ ᠤᠨ ᠭᠠᠶᠢᠯᠢ ᠪᠤᠯᠭᠠᠬᠤ | ᠦᠭᠡᠷᠡᠴᠢᠯᠡᠯᠲᠡ ᠶᠢᠨ ᠲᠤᠷᠰᠢᠯᠲᠠ ᠶᠢ ᠪᠦᠬᠦ ᠲᠠᠯ᠎ᠠ ᠪᠠᠷ ᠬᠡᠷᠡᠭᠵᠢᠬᠦᠯᠬᠦ ᠨᠢ᠂ 2016 ᠣᠨ ᠤ ᠪᠦᠬᠦ ᠤᠯᠤᠰ ᠤᠨ | ᠭᠠᠶᠢᠯᠢ ᠬᠦᠡᠭᠭᠡᠷᠡᠭᠦᠯᠦᠯᠲᠡ ᠨᠢ 5000 ᠭᠠᠷᠤᠶ ᠳ᠋ᠦᠩᠰᠢᠭᠤᠷ ᠲᠥᠭᠦᠷᠢᠭ ᠢ ᠳᠠᠪᠠᠵᠤ᠂ ᠮᠠᠨ ᠤ ᠣᠷᠣᠨ ᠤ ᠭᠠᠶᠢᠯᠢ | ᠬᠦᠡᠭᠭᠡᠷᠡᠭᠦᠯᠦᠯᠲᠡ ᠶᠢᠨ ᠬᠡᠮᠵᠢᠶ᠎ᠡ ᠨᠢ 87 ᠳ᠋ᠦᠡᠭᠰᠢᠭᠤᠷ ᠲᠥᠭᠦᠷᠢᠭ ᠲᠤ ᠬᠦᠷᠬᠦ ᠪᠣᠯᠤᠨ᠎ᠠ᠃ ᠨᠢᠭᠡ ᠲᠠᠯ᠎ᠠ ᠪᠠᠷ᠂ | ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠠᠮᠢᠵᠢᠷᠠᠯ ᠤᠨ ᠬᠦᠴᠦᠨ ᠢ ᠢᠳᠡᠪᠬᠢᠲᠠᠢ ᠪᠤᠯᠭᠠᠵᠤ᠂ ᠪᠡᠯᠡ | ᠤᠷᠤᠭᠤᠯᠬᠤ ᠬᠦᠰᠡᠯ ᠡᠷᠡᠮᠡᠯᠵᠡᠯ ᠢ ᠨᠡᠮᠡᠭᠳᠡᠭᠦᠯᠵᠤ᠂ ᠪᠦᠲᠦᠮᠵᠢᠲᠡᠶ ᠬᠠᠩᠭᠠᠯᠭ᠎ᠠ ᠶᠢ ᠨᠡᠮᠡᠭᠳᠡᠭᠦᠯᠬᠦ ᠪᠤᠯᠤᠨ᠎ᠠ︔ | ᠨᠦᠬᠦᠭᠡ ᠲᠠᠯ᠎ᠠ ᠪᠠᠷ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠠᠵᠤ ᠠᠬᠤᠶ ᠪᠠᠭᠤᠷᠠᠬᠤ ᠳᠠᠷᠤᠯᠲᠠ ᠶᠢ | ᠡᠰᠡᠷᠭᠦᠴᠡᠨ ᠬᠤᠷᠢᠭᠯᠠᠬᠤ ᠴᠢᠳᠠᠪᠤᠷᠢ ᠶᠢ ᠳᠡᠭᠡᠭᠰᠢᠯᠡᠭᠦᠯᠬᠦ ᠳᠤ ᠠᠰᠢᠭᠲᠠᠶ ᠪᠠᠶᠢᠵᠤ᠂ ᠠᠵᠤ ᠠᠬᠤᠶ ᠶᠢᠨ ᠬᠠᠷᠢᠮᠠᠬᠠᠢ | ᠴᠢᠨᠠᠷ ᠪᠤᠯᠤᠨ ᠬᠥᠭᠵᠢᠯᠲᠡ ᠶᠢᠨ ᠰᠡᠯᠭᠦᠬᠦ ᠬᠦᠴᠦ ᠶᠢ ᠴᠢᠩᠭᠠᠳᠬᠠᠵᠤ᠂ ᠣᠬᠤᠷ ᠬᠤᠭᠤᠴᠠᠭᠠᠨ ᠤ ᠡᠳ᠋ ᠤᠨ | ᠵᠠᠰᠠᠭ ᠤᠨ ᠣᠷᠣᠯᠭ᠎ᠠ ᠶᠢ ︽ᠬᠠᠰᠤᠬᠤ︾ ᠪᠠᠷ ᠢᠷᠡᠵᠤ ᠦᠷᠭᠦᠯᠵᠢᠯᠡᠨ ᠬᠦᠭᠵᠢᠬᠦ ᠴᠢᠳᠠᠮᠵᠢ ᠶᠢᠨ ︽ᠨᠡᠮᠡᠭᠳᠡᠯ︾ ᠢ | ᠰᠤᠯᠢᠬᠤ ᠪᠤᠯᠤᠨ᠎ᠠ᠃ | ᠭᠤᠷᠪᠠ ᠳᠤ ᠡᠵᠡᠩᠨᠡᠯᠲᠡ ᠶᠢᠨ ᠭᠠᠶᠢᠯᠢ ᠶᠢ ᠥᠷᠲᠡᠭ ᠨᠡᠮᠡᠭᠳᠡᠯ ᠤᠨ ᠭᠠᠶᠢᠯᠢ ᠪᠤᠯᠭᠠᠬᠤ ᠦᠭᠡᠷᠡᠴᠢᠯᠡᠯᠲᠡ ᠶᠢᠨ | ᠲᠤᠷᠰᠢᠯᠲᠠ ᠶᠢ ᠪᠦᠬᠦ ᠲᠠᠯ᠎ᠠ ᠪᠠᠷ ᠬᠡᠷᠡᠭᠵᠢᠬᠦᠯᠬᠦ ᠨᠢ᠂ ᠬᠤᠶᠠᠷ ᠭᠤᠷᠪᠠᠳᠤᠭᠠᠷ ᠠᠵᠤ ᠦᠢᠯᠡᠰ ᠪᠤᠯᠤᠨ | ᠦᠢᠯᠡᠴᠢᠯᠡᠭᠡᠨ ᠤ ᠦᠢᠯᠡᠰ ᠤᠨ ᠳᠣᠲᠣᠭᠠᠳᠤ ᠶᠢᠨ ᠰᠠᠭᠤᠳᠬᠠᠨ ᠬᠥᠩᠭᠡᠯᠡᠬᠦ ᠬᠡᠯᠬᠢᠶ᠎ᠡ ᠶᠢ ᠲᠦᠢᠯᠪᠤᠷᠢᠲᠠᠶ | ᠨᠡᠪᠲᠡᠷᠡᠭᠦᠯᠵᠦ᠂ ᠳᠠᠬᠢᠨ ᠳᠠᠪᠲᠠᠨ ᠭᠠᠶᠢᠯᠢ ᠲᠠᠲᠠᠪᠤᠷᠢᠯᠠᠬᠤ ᠶᠢ ᠠᠷᠢᠯᠭᠠᠵᠤ᠂ ᠦᠷᠳᠡᠭ ᠨᠡᠮᠡᠭᠳᠡᠯ ᠤᠨ ᠭᠠᠶᠢᠯᠢ ᠶᠢ | ᠪᠦᠷᠢᠨ ᠪᠦᠷᠬᠦᠬᠦᠯᠬᠦ ᠶᠢ ᠪᠡᠶᠡᠯᠡᠭᠦᠯᠵᠦ᠂ ᠲᠥᠪ ᠭᠤᠣᠯᠴᠢ᠂ ᠳᠤᠮᠳᠠ ᠶᠢᠨ ᠴᠢᠨᠠᠷᠲᠠᠢ ᠭᠠᠶᠢᠯᠢ ᠲᠠᠲᠠᠪᠤᠷᠢ ᠶᠢᠨ | ᠲᠦᠷᠢᠮ ᠤᠨ ᠣᠷᠴᠢᠨ ᠲᠣᠭᠤᠷᠢᠨ ᠢ ᠪᠤᠢ ᠪᠤᠯᠭᠠᠬᠤ ᠳᠤ ᠠᠰᠢᠭᠲᠠᠶ᠂ ᠦᠢᠯᠡᠳᠬᠦ ᠦᠢᠯᠡᠰ ᠤᠨ ᠬᠡᠯᠪᠡᠷᠢ ᠪᠠᠨ | ᠬᠤᠪᠢᠷᠠᠭᠤᠯᠤᠨ ᠲᠡᠰ ᠳᠡᠪᠰᠢᠬᠦ ᠪᠠ ᠦᠢᠯᠡᠴᠢᠯᠡᠭᠡᠨ ᠤ ᠦᠢᠯᠡᠰ ᠢ ᠲᠦᠷᠭᠡᠳᠭᠡᠨ ᠬᠦᠭᠵᠢᠬᠦᠯᠬᠦ ᠳᠤ ᠠᠰᠢᠭᠲᠠᠶ᠂ | ᠠᠵᠤ ᠠᠬᠤᠶ ᠶᠢᠨ ᠨᠡᠮᠡᠭᠳᠡᠯ ᠤᠨ ᠶᠠᠰᠤ ᠴᠢᠨᠠᠷ ᠪᠤᠯᠤᠨ ᠦᠷ᠎ᠡ ᠠᠰᠢᠭ ᠢ ᠳᠡᠭᠡᠭᠰᠢᠯᠡᠭᠦᠯᠬᠦ ᠳᠤ ᠠᠰᠢᠭᠲᠠᠶ ᠪᠥᠭᠡᠳ | ᠲᠦᠭ ᠲᠦᠮᠡᠨ ᠢᠶᠠᠷ ᠢᠶᠠᠨ ᠠᠳᠠᠯ ᠦᠢᠯᠡᠰ ᠴᠣᠭᠴᠠᠯᠠᠵᠤ᠂ ᠦᠢ ᠣᠯᠠᠨ ᠢᠶᠠᠷ ᠢᠶᠠᠨ ᠰᠢᠨ᠎ᠡ ᠶᠢ ᠡᠭᠦᠳᠬᠦ ᠤᠷᠮ᠎ᠠ | ᠵᠣᠷᠢᠭ ᠢ ᠬᠦᠭᠵᠢᠭᠡᠬᠦ ᠪᠤᠯᠤᠨ᠎ᠠ᠃ | ᠬᠥᠲᠥᠯᠥᠭᠴᠢ᠄ | 2013 ᠣᠨ ᠤ 8 ᠳ᠋ᠤᠭᠠᠷ ᠰᠠᠷ᠎ᠠ ᠠᠴᠠ ᠨᠠᠰᠢ᠂ ᠮᠠᠨ ᠤ ᠣᠷᠣᠨ ᠤ ᠵᠠᠮ ᠲᠡᠭᠡᠭᠡᠪᠦᠷᠢ ᠶᠢᠨ ᠦᠢᠯᠡᠰ᠂ | ᠬᠡᠰᠡᠭ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ᠂ ᠰᠢᠦᠳᠠᠨ ᠤ ᠦᠢᠯᠡᠰ ᠵᠢᠴᠢ ᠴᠠᠬᠢᠯᠭᠠᠨ ᠬᠤᠯᠪᠣᠭᠠᠨ ᠤ | ᠦᠢᠯᠡᠰ ᠤᠷᠢᠳ ᠬᠤᠵᠢᠳ ᠡᠵᠡᠩᠨᠡᠯᠲᠡ ᠶᠢᠨ ᠭᠠᠶᠢᠯᠢ ᠶᠢ ᠥᠷᠲᠡᠭ ᠨᠡᠮᠡᠭᠳᠡᠯ ᠤᠨ ᠭᠠᠶᠢᠯᠢ ᠪᠤᠯᠭᠠᠬᠤ | ᠦᠭᠡᠷᠡᠴᠢᠯᠡᠯᠲᠡ ᠶᠢᠨ ᠲᠤᠷᠰᠢᠯᠲᠠ ᠶᠢᠨ ᠬᠡᠪᠴᠢᠶᠡᠨ ᠳᠤ ᠤᠷᠤᠪᠠ᠃ ᠣᠳᠣᠬᠠᠨ ᠤ ᠲᠤᠷᠰᠢᠯᠲᠠ ᠳᠤ ᠶᠠᠮᠠᠷ ᠶᠠᠮᠠᠷ | ᠦᠷ᠎ᠡ ᠪᠦᠲᠦᠭᠡᠯ ᠣᠯᠤᠭᠰᠠᠨ ᠢ ᠲᠠᠨᠢᠯᠴᠠᠭᠤᠯᠤᠭᠠᠳ ᠥᠭᠭᠦᠨ᠎ᠡ ᠤᠤ︖ | ᠹᠸᠡᠭ ᠵᠢᠶᠠᠨ ᠵᠦᠡᠭ᠄ | 2013 ᠣᠨ ᠤ 8 ᠳ᠋ᠤᠭᠠᠷ ᠰᠠᠷ᠎ᠠ ᠠᠴᠠ ᠨᠠᠰᠢ᠂ ᠮᠠᠨ ᠤ ᠣᠷᠣᠨ ᠤ ᠵᠠᠮ ᠲᠡᠭᠡᠭᠡᠪᠦᠷᠢ ᠶᠢᠨ ᠦᠢᠯᠡᠰ᠂ | ᠰᠢᠦᠳᠠᠨ ᠤ ᠦᠢᠯᠡᠰ᠂ ᠴᠠᠬᠢᠯᠭᠠᠨ ᠬᠤᠯᠪᠣᠭᠠᠨ ᠤ ᠦᠢᠯᠡᠰ ᠪᠤᠯᠤᠨ ᠬᠡᠰᠡᠭ ᠣᠳᠣ ᠦᠶ᠎ᠡ ᠶᠢᠨ ᠦᠢᠯᠡᠴᠢᠯᠡᠭᠡᠨ ᠤ | ᠦᠢᠯᠡᠰ ᠤᠷᠢᠳ ᠬᠤᠵᠢᠳ ᠡᠵᠡᠩᠨᠡᠯᠲᠡ ᠶᠢᠨ ᠭᠠᠶᠢᠯᠢ ᠶᠢ ᠦᠷᠲᠡᠭ ᠨᠡᠮᠡᠭᠳᠡᠯ ᠤᠨ ᠭᠠᠶᠢᠯᠢ ᠪᠤᠯᠭᠠᠬᠤ | ᠦᠭᠡᠷᠡᠴᠢᠯᠡᠯᠲᠡ ᠶᠢᠨ ᠲᠤᠷᠰᠢᠯᠲᠠ ᠶᠢᠨ ᠬᠡᠪᠴᠢᠶᠡᠨ ᠳᠤ ᠤᠷᠤᠵᠤ᠂ ᠢᠳᠡᠪᠬᠢᠲᠡᠶ ᠦᠷ᠎ᠡ ᠪᠦᠲᠦᠭᠡᠯ ᠣᠯᠤᠭᠰᠠᠨ | ᠪᠠᠶᠢᠨ᠎ᠠ᠃ 2016 ᠤᠨ ᠤ 3 ᠳ᠋ᠤᠭᠠᠷ ᠰᠠᠷ᠎ᠠ ᠪᠣᠯᠲᠠᠯ᠎ᠠ᠂ ᠪᠦᠬᠦ ᠤᠷᠤᠨ ᠳᠤ ᠨᠡᠶᠢᠲᠡ 106512 ᠡᠷᠥᠭᠡ | ᠭᠠᠶᠢᠯᠢ ᠲᠤᠰᠢᠶᠠᠭᠴᠢ ᠡᠵᠡᠩᠨᠡᠯᠲᠡ ᠶᠢᠨ ᠭᠠᠶᠢᠯᠢ ᠶᠢ ᠥᠷᠲᠡᠭ ᠨᠡᠮᠡᠭᠳᠡᠯ ᠤᠨ ᠭᠠᠶᠢᠯᠢ ᠪᠤᠯᠭᠠᠬᠤ | ᠦᠭᠡᠷᠡᠴᠢᠯᠡᠯᠲᠡ ᠶᠢᠨ ᠲᠤᠷᠰᠢᠯᠲᠠ ᠶᠢᠨ ᠬᠡᠪᠴᠢᠶᠡᠨ ᠳᠤ ᠤᠷᠤᠪᠠ᠃ ᠥᠭᠡᠷᠡᠴᠢᠯᠡᠯᠲᠡ ᠬᠢᠭᠰᠡᠨ ᠠᠴᠠ ᠨᠠᠰᠢ᠂ | ᠤᠤᠯ ᠤᠨ ᠡᠵᠡᠩᠨᠡᠯᠲᠡ ᠶᠢᠨ ᠭᠠᠶᠢᠯᠢ ᠲᠤᠰᠢᠶᠠᠬᠤ ᠲᠠᠢ ᠠᠳᠠᠯᠢᠳᠬᠠᠪᠠᠯ᠂ ᠳᠡᠭᠡᠷ᠎ᠡ ᠳᠤᠷᠠᠳᠤᠭᠰᠠᠨ ᠲᠤᠷᠰᠢᠯᠲᠠ ᠳᠤ | ᠭᠠᠶᠢᠯᠢ ᠲᠤᠰᠢᠶᠠᠭᠴᠢ ᠶᠢᠨ ᠭᠠᠶᠢᠯᠢ ᠶᠢ ᠨᠡᠶᠢᠲᠡ 10.3 ᠳ᠋ᠦᠡᠭᠰᠢᠭᠤᠷ ᠲᠥᠭᠦᠷᠢᠭ ᠬᠦᠡᠭᠭᠡᠷᠡᠭᠦᠯᠪᠡ︔ ᠤᠤᠯ ᠤᠨ | ᠥᠷᠲᠡᠭ ᠨᠡᠮᠡᠭᠳᠡᠯ ᠤᠨ ᠭᠠᠶᠢᠯᠢ ᠶᠢᠨ ᠡᠩ ᠤᠨ ᠭᠠᠶᠢᠯᠢ ᠲᠤᠰᠢᠶᠠᠭᠴᠢ ᠶᠢᠨ ᠰᠢᠨ᠎ᠡ ᠪᠠᠷ ᠨᠡᠮᠡᠭᠳᠡᠭᠰᠡᠨ ᠭᠠᠶᠢᠯᠢ | ᠲᠤᠰᠢᠶᠠᠬᠤ ᠦᠢᠯᠡᠴᠢᠯᠡᠭᠡᠨ ᠤ ᠲᠦᠷᠦᠯ ᠵᠦᠢᠯ ᠢ ᠲᠤᠯᠭᠠᠨ ᠰᠠᠭᠤᠳᠬᠠᠬᠤ ᠳᠤ ᠨᠡᠶᠢᠲᠡ 102.3 ᠳ᠋ᠦᠡᠭᠰᠢᠭᠤᠷ | ᠲᠥᠭᠦᠷᠢᠭ ᠤᠨ ᠭᠠᠶᠢᠯᠢ ᠶᠢ ᠬᠦᠡᠭᠭᠡᠷᠡᠭᠦᠯᠵᠠᠢ᠂ ᠡᠨᠡ ᠬᠤᠶᠠᠷ ᠢ ᠨᠡᠶᠢᠯᠡᠭᠦᠯᠪᠡᠯ᠂ ᠭᠠᠶᠢᠯᠢ ᠲᠤᠰᠢᠶᠠᠭᠴᠢ ᠶᠢᠨ 112. | 6 ᠳ᠋ᠦᠡᠭᠰᠢᠭᠤᠷ ᠲᠥᠭᠦᠷᠢᠭ ᠤᠨ ᠳᠠᠷᠤᠭᠠᠰᠤ ᠶᠢ ᠬᠦᠡᠭᠭᠡᠷᠡᠭᠦᠯᠪᠡ᠃ ᠡᠵᠡᠩᠨᠡᠯᠲᠡ ᠶᠢᠨ ᠭᠠᠶᠢᠯᠢ ᠶᠢ ᠦᠷᠲᠡᠭ | ᠨᠡᠮᠡᠭᠳᠡᠯ ᠤᠨ ᠭᠠᠶᠢᠯᠢ ᠪᠤᠯᠭᠠᠬᠤ ᠦᠭᠡᠷᠡᠴᠢᠯᠡᠯᠲᠡ ᠶᠢᠨ ᠲᠤᠷᠰᠢᠯᠲᠠ ᠶᠢᠨ ᠭᠠᠶᠢᠯᠢ ᠲᠤᠰᠢᠶᠠᠭᠴᠢ ᠶᠢᠨ ᠳᠠᠷᠤᠭᠠᠰᠤ ᠶᠢ | ᠬᠦᠡᠭᠭᠡᠷᠡᠭᠦᠯᠵᠤ᠂ ᠠᠵᠤ ᠠᠬᠤᠶᠢᠯᠠᠯ ᠤᠨ ᠭᠤᠣᠯ ᠳᠡᠳ᠋ ᠢ ᠰᠠᠯᠭᠠᠬᠤ᠂ ᠲᠥᠬᠦᠭᠡᠷᠦᠮᠵᠢ ᠶᠢ ᠰᠢᠨᠡᠳᠬᠡᠬᠦ ᠶᠢ | ᠠᠬᠢᠭᠤᠯᠵᠤ ᠂ ᠠᠵᠤ ᠦᠢᠯᠡᠰ ᠤᠨ ᠪᠦᠲᠦᠴᠡ ᠢᠶᠠᠨ ᠬᠤᠪᠢᠷᠠᠭᠤᠯᠤᠨ ᠳᠡᠰ ᠳᠡᠪᠰᠢᠭᠦᠯᠬᠦ ᠶᠢ ᠠᠬᠢᠭᠤᠯᠵᠤ᠂ | ᠦᠢᠯᠡᠳᠪᠦᠷᠢᠯᠡᠯ ᠤᠨ ᠶᠡᠷᠦᠩᠬᠡᠶ ᠥᠷᠲᠡᠭ ᠲᠤ ᠪᠠᠷᠤᠭ 338 ᠳ᠋ᠦᠡᠭᠰᠢᠭᠤᠷ ᠲᠥᠭᠦᠷᠢᠭ ᠤᠨ ᠬᠤᠪᠢ ᠨᠡᠮᠡᠷᠢ | ᠦᠵᠡᠭᠦᠯᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢᠨ ᠬᠥᠭᠵᠢᠯᠲᠡ ᠳᠤ ᠢᠳᠡᠪᠬᠢᠲᠡᠶ ᠬᠤᠪᠢ ᠨᠡᠮᠡᠷᠢ | ᠦᠵᠡᠭᠦᠯᠦᠭᠰᠡᠨ ᠪᠠᠶᠢᠨ᠎ᠠ᠃ | ᠬᠥᠲᠥᠯᠥᠭᠴᠢ᠄ | 2016 ᠣᠨ ᠳᠤ ᠡᠵᠡᠩᠨᠡᠯᠲᠡ ᠶᠢᠨ ᠭᠠᠶᠢᠯᠢ ᠶᠢ ᠤᠢᠷᠳᠡᠭ ᠨᠡᠮᠡᠭᠳᠡᠯ ᠤᠨ ᠭᠠᠶᠢᠯᠢ ᠪᠤᠯᠭᠠᠬᠤ | ᠦᠬᠡᠷᠡᠴᠢᠯᠡᠯᠲᠡ ᠶᠢ ᠪᠦᠬᠦ ᠲᠠᠯ᠎ᠠ ᠪᠠᠷ ᠬᠡᠷᠡᠭᠵᠢᠬᠦᠯᠬᠦ ᠭᠤᠣᠯ ᠠᠭᠤᠯᠭ᠎ᠠ ᠶᠢ ᠲᠠᠨᠢᠯᠴᠠᠭᠤᠯᠤᠭᠠᠳ ᠦᠭᠭᠦᠨ᠎ᠡ ᠤᠤ︖ | ᠹᠸᠡᠭ ᠵᠢᠶᠠᠨ ᠵᠦᠡᠭ᠄ | ᠲᠦᠷᠦ ᠶᠢᠨ ᠶᠠᠪᠤᠳᠠᠯ ᠤᠨ ᠬᠤᠷᠢᠶ᠎ᠠ 2016 ᠣᠨ ᠳᠤ ᠡᠵᠡᠩᠨᠡᠯᠲᠡ ᠶᠢᠨ ᠭᠠᠶᠢᠯᠢ ᠶᠢ ᠥᠷᠲᠡᠭ | ᠨᠡᠮᠡᠭᠳᠡᠯ ᠤᠨ ᠭᠠᠶᠢᠯᠢ ᠪᠤᠯᠭᠠᠬᠤ ᠦᠭᠡᠷᠡᠴᠢᠯᠡᠯᠲᠡ ᠶᠢ ᠪᠦᠬᠦ ᠲᠠᠯ᠎ᠠ ᠪᠠᠷ ᠬᠡᠷᠡᠭᠵᠢᠭᠦᠯᠵᠦ᠂ 5 ᠳ᠋ᠤᠭᠠᠷ ᠰᠠᠷ᠎ᠠ ᠶᠢᠨ | 1 ᠤ ᠡᠳᠦᠷ ᠠᠴᠠ ᠡᠬᠢᠯᠡᠨ᠂ ᠲᠤᠷᠰᠢᠯᠲᠠ ᠶᠢᠨ ᠬᠡᠪᠴᠢᠶ᠎ᠡ ᠶᠢ ᠪᠠᠷᠢᠯᠭ᠎ᠠ ᠶᠢᠨ ᠦᠢᠯᠡᠰ᠂ ᠭᠡᠷ ᠪᠠᠶᠢᠰᠢᠩ ᠭᠠᠵᠠᠷ | ᠬᠦᠷᠦᠩᠭᠡ ᠶᠢᠨ ᠦᠢᠯᠡᠰ᠂ ᠮᠥᠩᠭᠦᠨ ᠭᠦᠢᠯᠭᠡᠭᠡᠨ ᠤ ᠦᠢᠯᠡᠰ᠂ ᠠᠮᠢᠳᠤᠷᠠᠯ ᠤᠨ ᠦᠢᠯᠡᠴᠢᠯᠡᠭᠡᠨ ᠤ ᠦᠢᠯᠡᠰ | ᠬᠦᠷᠲᠡᠯ᠎ᠡ ᠦᠷᠭᠡᠳᠭᠡᠬᠦ ᠶᠢᠨ ᠬᠠᠮᠲᠤ᠂ ᠪᠤᠢ ᠪᠦᠬᠦᠢ ᠠᠵᠤ ᠠᠬᠤᠶᠢᠯᠠᠯ ᠤᠨ ᠰᠢᠨ᠎ᠡ ᠪᠠᠷ ᠨᠡᠮᠡᠭᠳᠡᠭᠰᠡᠨ ᠦᠯᠦ | ᠬᠦᠳᠡᠯᠬᠦ ᠬᠦᠷᠦᠩᠭᠡ ᠶᠢᠨ ᠠᠭᠤᠯᠬᠤ ᠦᠷᠳᠡᠭ ᠨᠡᠮᠡᠭᠳᠡᠯ ᠤᠨ ᠭᠠᠶᠢᠯᠢ ᠶᠢ ᠲᠤᠯᠭᠠᠨ ᠰᠠᠭᠤᠳᠬᠠᠬᠤ ᠬᠡᠪᠴᠢᠶᠡᠨ ᠳᠤ | ᠣᠷᠣᠭᠤᠯᠵᠤ᠂ ᠪᠤᠢ ᠪᠦᠬᠦᠢ ᠠᠵᠢᠯ ᠲᠥᠷᠥᠯ ᠤᠨ ᠭᠠᠶᠢᠯᠢ ᠶᠢᠨ ᠡᠭᠦᠷᠭᠡᠯᠡᠯ ᠢ ᠪᠠᠭᠠᠰᠬᠠᠬᠤ ᠠᠴᠠ ᠪᠢᠰᠢ ᠨᠡᠮᠡᠭᠳᠡᠭᠦᠯᠬᠦ | ᠦᠭᠡᠶ ᠪᠠᠶᠢᠬᠤ ᠶᠢ ᠦᠨᠡᠨ ᠬᠦ ᠪᠠᠲᠤᠯᠠᠬᠤ ᠪᠤᠯᠤᠨ᠎ᠠ᠃ ᠭᠤᠣᠯ ᠠᠭᠤᠯᠭ᠎ᠠ ᠨᠢ ᠬᠡᠪᠡᠯ᠄ | ᠨᠢᠭᠡ ᠳᠤ᠂ ᠲᠤᠷᠰᠢᠯᠲᠠ ᠠᠵᠢᠯ ᠲᠦᠷᠦᠯ ᠤᠨ ᠬᠦᠷᠢᠶ᠎ᠡ ᠬᠡᠪᠴᠢᠶ᠎ᠡ ᠶᠢ ᠦᠷᠭᠡᠳᠭᠡᠨ᠎ᠡ᠃ ᠪᠠᠷᠢᠯᠭ᠎ᠠ ᠶᠢᠨ | ᠦᠢᠯᠡᠰ᠂ ᠭᠡᠷ ᠪᠠᠶᠢᠰᠢᠩ ᠭᠠᠵᠠᠷ ᠬᠦᠷᠦᠩᠭᠡ ᠶᠢᠨ ᠦᠢᠯᠡᠰ᠂ ᠮᠥᠩᠭᠦᠨ ᠭᠦᠢᠯᠭᠡᠭᠡᠨ ᠤ ᠦᠢᠯᠡᠰ᠂ ᠠᠮᠢᠳᠤᠷᠠᠯ ᠤᠨ | ᠦᠢᠯᠡᠴᠢᠯᠡᠭᠡᠨ ᠤ ᠦᠢᠯᠡᠰ ᠵᠡᠷᠭᠡ 4 ᠠᠵᠢᠯ ᠲᠥᠷᠥᠯ ᠢ ᠡᠵᠡᠩᠨᠡᠯᠲᠡ ᠶᠢᠨ ᠭᠠᠶᠢᠯᠢ ᠶᠢ ᠥᠷᠲᠡᠭ ᠨᠡᠮᠡᠭᠳᠡᠯ ᠤᠨ | ᠭᠠᠶᠢᠯᠢ ᠪᠤᠯᠭᠠᠬᠤ ᠦᠭᠡᠷᠡᠴᠢᠯᠡᠯᠲᠡ ᠶᠢᠨ ᠲᠤᠷᠰᠢᠯᠲᠠ ᠶᠢᠨ ᠬᠦᠷᠢᠶ᠎ᠡ ᠬᠡᠪᠴᠢᠶ᠎ᠡ ᠳᠤ ᠤᠷᠤᠭᠤᠯᠵᠤ᠂ ᠪᠠᠷᠠᠭ᠎ᠠ ᠪᠤᠯᠤᠨ | ᠦᠢᠯᠡᠴᠢᠯᠡᠭᠡᠨ ᠤ ᠠᠵᠢᠯ ᠲᠦᠷᠦᠯ ᠢ ᠪᠦᠷᠢᠨ ᠪᠦᠷᠭᠦᠭᠦᠯᠵᠤ᠂ ᠡᠵᠡᠩᠨᠡᠯᠲᠡ ᠶᠢᠨ ᠭᠠᠶᠢᠯᠢ ᠶᠢ ᠬᠦᠴᠦᠨ ᠦᠭᠡᠢ | ᠪᠤᠯᠭᠠᠨ᠎ᠠ᠃ ᠡᠭᠦᠨ ᠳᠤ᠂ ᠪᠠᠷᠢᠯᠭ᠎ᠠ ᠶᠢᠨ ᠦᠢᠯᠡᠰ ᠪᠤᠯᠤᠨ ᠭᠡᠷ ᠪᠠᠶᠢᠰᠢᠩ ᠭᠠᠵᠠᠷ ᠬᠥᠷᠤᠩᠭᠡ ᠶᠢᠨ ᠦᠢᠯᠡᠰ ᠤᠨ | ᠲᠤᠬᠢᠷᠠᠭᠰᠠᠨ ᠭᠠᠶᠢᠯᠢ ᠶᠢᠨ ᠨᠤᠷᠮ᠎ᠠ ᠶᠢ 11% ᠪᠠᠶᠢᠯᠭᠠᠵᠤ᠂ ᠮᠥᠩᠭᠦᠨ ᠭᠦᠢᠯᠭᠡᠭᠡᠨ ᠤ ᠦᠢᠯᠡᠰ ᠪᠤᠯᠤᠨ | ᠠᠮᠢᠳᠤᠷᠠᠯ ᠤᠨ ᠦᠢᠯᠡᠴᠢᠯᠡᠭᠡᠨ ᠤ ᠦᠢᠯᠡᠰ ᠤᠨ ᠲᠤᠬᠢᠷᠠᠭᠰᠠᠨ ᠭᠠᠶᠢᠯᠢ ᠶᠢᠨ ᠨᠤᠷᠮ᠎ᠠ ᠶᠢ 6% ᠪᠠᠶᠢᠯᠭᠠᠨ᠎ᠠ᠃ | ᠬᠤᠶᠠᠷ ᠲᠤ᠂ ᠦᠯᠦ ᠬᠥᠳᠡᠯᠬᠦ ᠬᠦᠷᠦᠩᠭᠡ ᠶᠢ ᠲᠤᠯᠭᠠᠨ ᠰᠠᠭᠤᠳᠬᠠᠬᠤ ᠬᠡᠪᠴᠢᠶᠡᠨ ᠳᠤ ᠤᠷᠤᠭᠤᠯᠤᠨ᠎ᠠ᠃ | 2009 ᠣᠨ ᠤ ᠠᠵᠤ ᠠᠬᠤᠢᠯᠠᠯ ᠤᠨ ᠬᠤᠳᠠᠯᠳᠤᠨ ᠠᠪᠤᠭᠰᠠᠨ ᠮᠠᠰᠢᠨ ᠲᠥᠬᠦᠭᠡᠷᠦᠮᠵᠢ ᠶᠢᠨ ᠠᠭᠤᠯᠬᠤ ᠦᠷᠲᠡᠭ | ᠨᠡᠮᠡᠭᠳᠡᠯ ᠤᠨ ᠭᠠᠶᠢᠯᠢ ᠶᠢ ᠲᠤᠯᠭᠠᠨ ᠰᠠᠭᠤᠳᠬᠠᠬᠤ ᠬᠡᠪᠴᠢᠶᠡᠨ ᠳᠤ ᠤᠷᠤᠭᠤᠯᠤᠭᠰᠠᠨ ᠰᠠᠭᠤᠷᠢᠨ ᠳᠡᠭᠡᠷ᠎ᠡ᠂ | ᠰᠢᠨ᠎ᠡ ᠪᠠᠷ ᠨᠡᠮᠡᠭᠳᠡᠭᠰᠡᠨ ᠦᠯᠦ ᠬᠥᠳᠡᠯᠬᠦ ᠬᠦ᠋ᠷᠦᠩᠭᠡ ᠶᠢ ᠲᠤᠯᠭᠠᠨ ᠰᠠᠭᠤᠳᠬᠠᠬᠤ ᠬᠡᠪᠴᠢᠶᠡᠨ ᠳᠤ ᠣᠷᠣᠭᠤᠯᠵᠤ᠂ | ᠦᠢᠯᠡᠳᠬᠦ ᠦᠢᠯᠡᠰ᠂ ᠬᠤᠳᠠᠯᠳᠤᠭᠠᠨ ᠤ ᠦᠢᠯᠡᠰ ᠵᠡᠷᠭᠡ ᠤᠤᠯ ᠤᠨ ᠥᠷᠲᠡᠭ ᠨᠡᠮᠡᠭᠳᠡᠯ ᠤᠨ ᠭᠠᠶᠢᠯᠢ ᠲᠤᠰᠢᠶᠠᠭᠴᠢ᠂ | ᠡᠰᠡᠬᠦᠯ᠎ᠡ ᠡᠵᠡᠩᠨᠡᠯᠲᠡ ᠶᠢᠨ ᠭᠠᠶᠢᠯᠢ ᠶᠢ ᠥᠷᠲᠡᠭ ᠨᠡᠮᠡᠭᠳᠡᠯ ᠤᠨ ᠭᠠᠶᠢᠯᠢ ᠪᠤᠯᠭᠠᠬᠤ ᠦᠭᠡᠷᠡᠴᠢᠯᠡᠯᠲᠡ ᠶᠢᠨ | ᠲᠤᠷᠰᠢᠯᠲᠠ ᠶᠢᠨ ᠭᠠᠶᠢᠯᠢ ᠲᠤᠰᠢᠶᠠᠭᠴᠢ ᠶᠢ ᠴᠥᠮ ᠰᠢᠨ᠎ᠡ ᠪᠠᠷ ᠨᠡᠮᠡᠭᠳᠡᠭᠰᠡᠨ ᠦᠯᠦ ᠬᠦᠳᠡᠯᠬᠦ ᠬᠦᠷᠦᠩᠭᠡ ᠶᠢᠨ | ᠠᠭᠤᠯᠬᠤ ᠦᠷᠲᠡᠭ ᠨᠡᠮᠡᠭᠳᠡᠯ ᠤᠨ ᠭᠠᠶᠢᠯᠢ ᠶᠢᠨ ᠲᠤᠯᠭᠠᠨ ᠰᠠᠭᠤᠳᠬᠠᠬᠤ ᠬᠡᠪᠴᠢᠶ᠎ᠡ ᠳᠤ ᠤᠷᠤᠭᠤᠯᠵᠤ᠂ | ᠣᠷᠣᠯᠭ᠎ᠠ ᠶᠢᠨ ᠲᠦᠷᠦᠯ ᠵᠦᠢᠯ ᠢᠶᠠᠷ ᠲᠤᠯᠭᠠᠨ ᠰᠠᠭᠤᠳᠬᠠᠬᠤ ᠶᠢ ᠨᠡᠮᠡᠭᠳᠡᠭᠦᠯᠵᠦ᠂ ᠠᠵᠤ ᠠᠬᠤᠶᠢᠯᠠᠯ ᠤᠨ | ᠳᠠᠷᠤᠭᠠᠰᠤ ᠶᠢ ᠬᠦᠡᠭᠭᠡᠷᠡᠭᠦᠯᠬᠦ ᠡᠷᠴᠢᠮ ᠢ ᠴᠢᠩᠭᠠᠷᠠᠭᠤᠯᠵᠤ᠂ ᠪᠦᠲᠦᠮᠵᠢᠲᠡᠶ ᠪᠡᠯᠡ ᠣᠷᠣᠭᠤᠯᠤᠯᠲᠠ ᠶᠢᠨ ᠦᠷᠭᠡᠵᠢᠯ ᠢ | ᠠᠬᠢᠭᠤᠯᠬᠤ ᠪᠤᠯᠤᠨ᠎ᠠ᠃ | ᠭᠤᠷᠪᠠ ᠳᠤ᠂ ᠰᠢᠨ᠎ᠡ ᠪᠠᠷ ᠨᠡᠮᠡᠭᠳᠡᠭᠰᠡᠨ ᠲᠤᠷᠰᠢᠯᠲᠠ ᠶᠢᠨ ᠠᠵᠢᠯ ᠲᠦᠷᠦᠯ ᠤᠨ ᠤᠤᠯ ᠤᠨ ᠡᠵᠡᠩᠨᠡᠯᠲᠡ ᠶᠢᠨ | ᠭᠠᠶᠢᠯᠢ ᠶᠢᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠵᠠᠷᠴᠢᠮ ᠳᠡᠭᠡᠷ᠎ᠡ ᠪᠠᠨ ᠦᠷᠭᠦᠯᠵᠢᠯᠡᠨ ᠦᠯᠡᠳᠡᠭᠡᠵᠤ᠂ | ᠤᠨᠴᠠ ᠲᠤᠭᠲᠠᠭᠰᠠᠨ ᠠᠵᠢᠯ ᠲᠦᠷᠦᠯ ᠳᠤ ᠰᠢᠯᠵᠢᠯᠲᠡ ᠶᠢᠨ ᠴᠢᠨᠠᠷ ᠲᠠᠢ ᠠᠷᠭ᠎ᠠ ᠬᠡᠮᠵᠢᠶ᠎ᠡ ᠠᠪᠴᠤ᠂ | ᠦᠢᠯᠡᠴᠢᠯᠡᠭᠡ ᠶᠢ ᠭᠠᠳᠠᠭᠠᠳᠤ ᠳᠤ ᠭᠠᠷᠭᠠᠬᠤ ᠳᠤ ᠲᠡᠭ ᠭᠠᠶᠢᠯᠢ ᠶᠢᠨ ᠨᠤᠷᠮ᠎ᠠ ᠪᠤᠶᠤ ᠭᠠᠶᠢᠯᠢ ᠠᠴᠠ ᠬᠡᠯᠲᠦᠷᠢᠭᠦᠯᠬᠦ | ᠲᠦᠷᠦ ᠶᠢᠨ ᠪᠤᠳᠤᠯᠭ᠎ᠠ ᠶᠢ ᠬᠡᠷᠡᠭᠵᠢᠬᠦᠯᠵᠤ᠂ ᠪᠤᠢ ᠪᠦᠬᠦᠢ ᠠᠵᠢᠯ ᠲᠥᠷᠥᠯ ᠤᠨ ᠭᠠᠶᠢᠯᠢ ᠶᠢᠨ ᠡᠭᠦᠷᠭᠡᠯᠡᠯ ᠢ | ᠪᠠᠭᠠᠰᠬᠠᠬᠤ ᠠᠴᠠ ᠪᠢᠰᠢ ᠨᠡᠮᠡᠭᠳᠡᠭᠦᠯᠬᠦ ᠦᠭᠡᠶ ᠪᠠᠶᠢᠬᠤ ᠶᠢ ᠦᠨᠡᠨ ᠬᠦ ᠪᠠᠲᠤᠯᠠᠨ᠎ᠠ᠃ | ᠲᠦᠷᠪᠡ ᠳᠤ᠂ ᠡᠵᠡᠩᠨᠡᠯᠲᠡ ᠶᠢᠨ ᠭᠠᠶᠢᠯᠢ ᠶᠢ ᠦᠷᠳᠡᠭ ᠨᠡᠮᠡᠭᠳᠡᠯ ᠤᠨ ᠭᠠᠶᠢᠯᠢ ᠪᠤᠯᠭᠠᠬᠤ | ᠦᠭᠡᠷᠡᠴᠢᠯᠡᠯᠲᠡ ᠶᠢᠨ ᠳᠠᠷᠠᠭᠠᠬᠢ ᠦᠷᠲᠡᠭ ᠨᠡᠮᠡᠭᠳᠡᠯ ᠤᠨ ᠭᠠᠶᠢᠯᠢ ᠶᠢ ᠤᠯᠤᠰ ᠤᠨ ᠭᠠᠶᠢᠯᠢ ᠶᠢᠨ ᠶᠠᠪᠤᠳᠠᠯ ᠤᠨ | ᠲᠣᠪᠴᠢᠶ᠎ᠠ ᠬᠠᠷᠢᠭᠤᠴᠠᠵᠤ ᠲᠠᠲᠠᠪᠤᠷᠢᠯᠠᠨ᠎ᠠ᠃ ᠭᠠᠶᠢᠯᠢ ᠲᠤᠰᠢᠶᠠᠭᠴᠢ ᠶᠢᠨ ᠪᠤᠷᠤᠯᠠᠭᠤᠯᠤᠭᠠᠳ ᠣᠯᠤᠭᠰᠠᠨ ᠦᠯᠤ | ᠬᠥᠳᠡᠯᠬᠦ ᠭᠦᠷᠤᠩᠭᠡ ᠪᠤᠯᠤᠨ ᠪᠤᠰᠤᠳ ᠬᠤᠪᠢ ᠬᠥᠮᠦᠨ ᠤ ᠲᠦᠷᠢᠶᠡᠰᠦᠯᠡᠭᠰᠡᠨ ᠦᠯᠦ ᠬᠥᠳᠡᠯᠬᠦ ᠬᠦᠷᠦᠩᠭᠡ ᠶᠢᠨ | ᠦᠷᠳᠡᠭ ᠨᠡᠮᠡᠭᠳᠡᠯ ᠤᠨ ᠭᠠᠶᠢᠯᠢ ᠶᠢ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠳᠤ ᠨᠠᠶᠢᠳᠠᠵᠤ | ᠣᠷᠣᠯᠠᠨ ᠲᠠᠲᠠᠪᠤᠷᠢᠯᠠᠭᠤᠯᠵᠤ ᠪᠤᠯᠤᠨ᠎ᠠ᠃ ᠪᠠᠶᠠᠷᠯᠠᠯ᠎ᠠ︕ | ᠬᠥᠲᠥᠯᠥᠭᠴᠢ᠄ | ᠬᠤᠪᠢ ᠬᠥᠮᠦᠨ ᠭᠠᠷ ᠳᠠᠮᠵᠢᠭᠰᠠᠨ ᠣᠷᠣᠨ ᠰᠠᠭᠤᠴᠠ ᠶᠢᠨ ᠭᠠᠶᠢᠯᠢ ᠲᠠᠲᠠᠪᠤᠷᠢ ᠶᠢᠨ ᠲᠦᠷᠦ ᠶᠢᠨ | ᠪᠤᠳᠤᠯᠭᠠᠨᠢ ᠲᠦᠭ ᠲᠦᠮᠡᠨ ᠠᠶᠢᠯ ᠡᠷᠤᠬᠡ ᠳᠤ ᠬᠤᠯᠪᠣᠭᠳᠠᠵᠤ᠂ ᠣᠯᠠᠨ ᠢᠶᠠᠷ ᠢᠶᠠᠨ ᠮᠠᠰᠢ ᠠᠩᠬᠠᠷᠴᠤ ᠪᠠᠶᠢᠨ᠎ᠠ᠃ | ᠲᠠ ᠨᠢᠭᠡ ᠵᠢᠱᠢᠶ᠎ᠡ ᠲᠠᠲᠠᠵᠤ ᠡᠵᠡᠩᠨᠡᠯᠲᠡ ᠶᠢᠨ ᠭᠠᠶᠢᠯᠢ ᠶᠢ ᠥᠷᠲᠡᠭ ᠨᠡᠮᠡᠭᠳᠡᠯ ᠤᠨ ᠭᠠᠶᠢᠯᠢ ᠪᠣᠯᠭᠠᠨ | ᠥᠭᠡᠷᠡᠴᠢᠯᠡᠭᠰᠡᠨ ᠤ ᠳᠠᠷᠠᠭᠠᠬᠢ ᠬᠤᠪᠢ ᠬᠥᠮᠦᠨ ᠤ ᠭᠠᠷ ᠳᠠᠮᠵᠢᠭᠰᠠᠨ ᠣᠷᠣᠨ ᠰᠠᠭᠤᠴᠠ ᠶᠢᠨ ᠭᠠᠶᠢᠯᠢ ᠶᠢᠨ | ᠡᠭᠦᠷᠭᠡᠯᠡᠯ ᠤᠨ ᠬᠤᠪᠢᠷᠠᠯᠲᠠ ᠶᠢᠨ ᠪᠠᠶᠢᠳᠠᠯ ᠢ ᠲᠣᠲᠣᠷᠬᠠᠶᠢᠯᠠᠵᠤ ᠥᠭᠭᠦᠨ᠎ᠡ ᠤᠤ︖ | ᠹᠧᠩ ᠵᠢᠶᠠᠨ ᠵᠦᠩ᠄ | ᠲᠤᠰ ᠤᠳᠠᠭᠠᠨ ᠤ ᠥᠭᠡᠷᠡᠴᠢᠯᠡᠯᠲᠡ ᠳᠤ᠂ ᠤᠯᠤᠰ ᠠᠴᠠ ᠬᠤᠪᠢ ᠬᠥᠮᠦᠨ ᠤ ᠣᠷᠣᠨ ᠰᠠᠭᠤᠴᠠ ᠶᠢᠨ | ᠭᠠᠶᠢᠯᠢ ᠲᠠᠲᠠᠪᠤᠷᠢ ᠶᠢᠨ ᠲᠦᠷᠦ ᠶᠢᠨ ᠪᠤᠳᠤᠯᠭ᠎ᠠ ᠶᠢ ᠲᠤᠶᠢᠯ ᠤᠨ ᠪᠣᠯᠭᠤᠮᠵᠢᠲᠠᠢ ᠰᠤᠳᠤᠯᠤᠨ ᠲᠣᠭᠲᠠᠭᠠᠵᠠᠢ᠂ | ᠬᠤᠷᠢᠶᠠᠩᠭᠤᠶᠢᠯᠠᠪᠠᠯ ᠳᠠᠷᠤᠢ ︽ᠲᠣᠭᠲᠠᠭᠤᠨ ᠪᠠᠶᠢᠯᠭᠠᠬᠤ︾ ᠭᠡᠰᠡᠨ ᠦᠭᠡ ᠪᠣᠯᠣᠨ᠎ᠠ᠂ ᠥᠭᠡᠷ᠎ᠡ ᠪᠠᠷ ᠬᠡᠯᠡᠪᠡᠯ | ᠬᠤᠪᠢ ᠬᠥᠮᠦᠨ ᠤ ᠭᠠᠷ ᠳᠠᠮᠵᠢᠭᠰᠠᠨ ᠣᠷᠣᠨ ᠰᠠᠭᠤᠴᠠ ᠶᠢᠨ ᠠᠷᠠᠯᠵᠢᠶᠠᠨ ᠤ ᠭᠠᠶᠢᠯᠢ ᠶᠢᠨ ᠡᠭᠦᠷᠭᠡᠯᠡᠯ ᠢ | ᠦᠨᠳᠦᠰᠦᠨ ᠳᠡᠭᠡᠨ ᠲᠣᠭᠲᠠᠪᠤᠷᠢᠲᠠᠶ ᠪᠠᠶᠢᠯᠭᠠᠨ᠎ᠠ᠂ ᠡᠨᠡ ᠲᠥᠰᠦᠯ ᠳᠤ ᠭᠠᠷ ᠳᠠᠮᠵᠢᠭᠰᠠᠨ ᠣᠷᠣᠨ ᠰᠠᠭᠤᠴᠠ ᠶᠢᠨ | ᠡᠵᠡᠩᠨᠡᠯᠲᠡ ᠶᠢᠨ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ ᠪᠣᠯᠣᠨ ᠭᠠᠶᠢᠯᠢ ᠠᠴᠠ ᠬᠡᠯᠲᠦᠷᠢᠭᠦᠯᠬᠦ | ᠲᠦᠷᠦ ᠶᠢᠨ ᠪᠤᠳᠤᠯᠭ᠎ᠠ ᠶᠢ ᠦᠨᠳᠦᠰᠦᠨ ᠳᠡᠭᠡᠨ ᠰᠢᠭᠤᠳ ᠡᠰᠢᠯᠡᠨ ᠬᠡᠷᠡᠭᠯᠡᠪᠡ᠃ ᠵᠢᠱᠢᠶᠡᠯᠡᠪᠡᠯ᠂ ᠨᠢᠭᠡᠨ | ᠰᠦᠯᠵᠢᠶᠡᠨ ᠤ ᠠᠨᠳᠠ ᠬᠤᠳᠠᠯᠳᠤᠨ ᠠᠪᠤᠭᠠᠳ 2 ᠵᠢᠯ ᠪᠣᠯᠣᠭᠰᠠᠨ ᠪᠠᠶᠢᠰᠢᠩ ᠢᠶᠠᠨ 100 ᠲᠦᠮᠡᠨ | ᠲᠥᠭᠦᠷᠢᠭ ᠢᠶᠠᠷ ᠬᠤᠳᠠᠯᠳᠤᠬᠤ ᠭᠡᠵᠡᠢ᠂ ᠥᠭᠡᠷᠡᠴᠢᠯᠡᠯᠲᠡ ᠬᠢᠬᠦ ᠠᠴᠠ ᠡᠮᠦᠨᠡᠬᠢ ᠡᠵᠡᠩᠨᠡᠯᠲᠡ ᠶᠢᠨ ᠭᠠᠶᠢᠯᠢ ᠶᠢ | 5% ᠶᠢᠨ ᠨᠤᠷᠮ᠎ᠠ ᠪᠠᠷ ᠪᠤᠳᠤᠨ᠎ᠠ᠂ ᠲᠡᠭᠡᠪᠡᠯ 100 ᠲᠦᠮᠡᠨ ᠲᠥᠬᠦᠷᠢᠭ ᠢ 5% ᠪᠠᠷ ᠦᠷᠡᠵᠢᠭᠦᠯᠪᠡᠯ᠂ 5 | ᠲᠦᠮᠡᠨ ᠲᠥᠭᠦᠷᠢᠭ ᠤᠨ ᠡᠵᠡᠩᠨᠡᠯᠲᠡ ᠶᠢᠨ ᠭᠠᠶᠢᠯᠢ ᠲᠤᠰᠢᠶᠠᠬᠤ ᠴᠢᠬᠤᠯᠠᠲᠠᠶ︔ ᠦᠷᠳᠡᠭ ᠨᠡᠮᠡᠭᠳᠡᠯ ᠤᠨ ᠭᠠᠶᠢᠯᠢ | ᠪᠣᠯᠭᠠᠨ ᠥᠭᠡᠷᠡᠴᠢᠯᠡᠭᠰᠡᠨ ᠤ ᠳᠠᠷᠠᠭ᠎ᠠ᠂ ᠪᠠᠶᠢᠰᠢᠩ ᠤᠨ ᠦᠨ᠎ᠡ ᠨᠢ ᠮᠥᠨ ᠯᠡ 100 ᠲᠦᠮᠡᠨ ᠲᠥᠭᠦᠷᠢᠭ ᠬᠦᠷᠬᠦ | ᠪᠠᠶᠢᠳᠠᠯ ᠳᠣᠣᠷ᠎ᠠ 5% ᠶᠢᠨ ᠭᠠᠶᠢᠯᠢ ᠲᠠᠲᠠᠪᠤᠷᠢᠯᠠᠬᠤ ᠪᠠᠷ ᠪᠤᠳᠤᠪᠠᠯ᠂ 100 ÷ ︵1+5%︶× 5% | =47600 ᠲᠥᠭᠦᠷᠢᠭ᠂ 47600 ᠲᠥᠬᠦᠷᠢᠭ ᠤᠨ ᠦᠷᠳᠡᠭ ᠨᠡᠮᠡᠭᠳᠡᠯ ᠤᠨ ᠭᠠᠶᠢᠯᠢ ᠲᠤᠰᠢᠶᠠᠬᠤ ᠴᠢᠬᠤᠯᠠᠲᠠᠶ | ᠪᠠᠶᠢᠵᠤ᠂ ᠡᠵᠡᠩᠨᠡᠯᠲᠡ ᠶᠢᠨ ᠭᠠᠶᠢᠯᠢ ᠲᠠᠢ ᠬᠠᠷᠢᠴᠠᠭᠤᠯᠪᠠᠯ 2400 ᠲᠥᠭᠦᠷᠢᠭ ᠪᠠᠭᠤᠷᠠᠪᠠ︔ ᠳᠠᠷᠤᠢ | ᠡᠵᠡᠩᠨᠡᠯᠲᠡ ᠶᠢᠨ ᠭᠠᠶᠢᠯᠢ ᠶᠢ ᠥᠷᠲᠡᠭ ᠨᠡᠮᠡᠭᠳᠡᠯ ᠤᠨ ᠭᠠᠶᠢᠯᠢ ᠪᠣᠯᠭᠠᠨ ᠥᠭᠡᠷᠡᠴᠢᠯᠡᠭᠰᠡᠨ ᠤ ᠳᠠᠷᠠᠭᠠᠬᠢ ᠡᠭᠦᠷᠭᠡᠯᠡᠯ | ᠨᠢ 4.76% ᠪᠣᠯᠵᠤ᠂ 0.24 ᠵᠠᠭᠤᠨ ᠤ ᠴᠡᠭ ᠢᠶᠠᠷ ᠪᠠᠭᠤᠷᠠᠪᠠ᠃ ᠡᠭᠦᠨ ᠤ ᠵᠠᠩᠭᠢᠯᠠᠭ᠎ᠠ ᠨᠢ ᠭᠠᠶᠢᠯᠢ ᠶᠢᠨ | ᠰᠠᠭᠤᠷᠢ ᠨᠢ ᠠᠳᠠᠯᠢ ᠦᠭᠡᠶ᠄ ᠡᠵᠡᠩᠨᠡᠯᠲᠡ ᠶᠢᠨ ᠭᠠᠶᠢᠯᠢ ᠪᠣᠯ ᠭᠠᠶᠢᠯᠢ ᠶᠢ ᠪᠠᠭᠲᠠᠭᠠᠭᠰᠠᠨ 100 ᠲᠦᠮᠡᠨ | ᠲᠥᠬᠦᠷᠢᠭ ᠠᠴᠠ ᠭᠠᠶᠢᠯᠢ ᠲᠠᠲᠠᠪᠤᠷᠢᠯᠠᠵᠤ᠂ ᠣᠳᠣᠬᠢ ᠤᠢᠷᠳᠡᠭ ᠨᠡᠮᠡᠭᠳᠡᠯ ᠤᠨ ᠭᠠᠶᠢᠯᠢ ᠪᠣᠯ ᠭᠠᠶᠢᠯᠢ ᠶᠢ | ᠪᠠᠭᠲᠠᠭᠠᠭᠰᠠᠨ ᠦᠭᠡᠢ 95.2 ᠲᠦᠮᠡᠨ ᠲᠥᠭᠦᠷᠢᠭ ᠠᠴᠠ ᠭᠠᠶᠢᠯᠢ ᠲᠠᠲᠠᠪᠤᠷᠢᠯᠠᠬᠤ ᠪᠣᠯᠣᠨ᠎ᠠ᠃ ᠡᠶᠢᠮᠦ ᠠᠴᠠ᠂ ᠡᠨᠡ | ᠰᠦᠯᠵᠢᠶᠡᠨ ᠠᠨᠳᠠ ᠡᠵᠡᠩᠨᠡᠯᠲᠡ ᠶᠢᠨ ᠭᠠᠶᠢᠯᠢ ᠶᠢ ᠥᠷᠲᠡᠭ ᠨᠡᠮᠡᠭᠳᠡᠯ ᠤᠨ ᠭᠠᠶᠢᠯᠢ ᠪᠣᠯᠭᠠᠨ ᠥᠭᠡᠷᠡᠴᠢᠯᠡᠭᠰᠡᠨ ᠤ | ᠳᠠᠷᠠᠭ᠎ᠠ ᠭᠠᠷ ᠳᠠᠮᠵᠢᠭᠰᠠᠨ ᠣᠷᠣᠨ ᠰᠠᠭᠤᠴᠠ ᠶᠢ ᠠᠷᠠᠯᠵᠢᠶᠠᠯᠠᠬᠤ ᠳᠤ ᠭᠠᠶᠢᠯᠢ ᠶᠢᠨ ᠡᠭᠦᠷᠭᠡᠯᠡᠯ ᠨᠢ ᠨᠡᠮᠡᠭᠳᠡᠭᠰᠡᠨ | ᠦᠭᠡᠢ ᠪᠠᠷ ᠪᠠᠷᠠᠬᠤ ᠦᠭᠡᠢ᠂ ᠪᠠᠰᠠ ᠪᠠᠭ᠎ᠠ ᠪᠠᠭᠤᠷᠠᠵᠠᠢ᠃ | ᠬᠥᠲᠥᠯᠥᠭᠴᠢ᠄ | ᠹᠸᠡᠭ ᠳᠠᠷᠤᠭ᠎ᠠ ᠡ᠂ ᠡᠵᠡᠩᠨᠡᠯᠲᠡ ᠶᠢᠨ ᠭᠠᠶᠢᠯᠢ ᠶᠢ ᠥᠷᠲᠡᠭ ᠨᠡᠮᠡᠭᠳᠡᠯ ᠤᠨ ᠭᠠᠶᠢᠯᠢ ᠪᠣᠯᠭᠠᠨ | ᠥᠭᠡᠷᠡᠴᠢᠯᠡᠭᠰᠡᠨ ᠤ ᠲᠠᠷᠠᠭ᠎ᠠ ᠠᠯᠢᠪᠠ ᠠᠵᠢᠯ ᠲᠥᠷᠥᠯ ᠤᠨ ᠭᠠᠶᠢᠯᠢ ᠶᠢᠨ ᠡᠭᠦᠷᠭᠡᠯᠡᠯ ᠢ ᠪᠠᠭᠠᠰᠬᠠᠬᠤ ᠠᠴᠠ ᠪᠢᠰᠢ | ᠨᠡᠮᠡᠭᠳᠡᠭᠦᠯᠬᠦ ᠦᠭᠡᠶ ᠪᠠᠶᠢᠬᠤ ᠶᠢ ᠬᠡᠷᠬᠢᠨ ᠪᠠᠲᠤᠯᠠᠬᠤ ᠪᠤᠢ︖ | ᠹᠧᠩ ᠵᠢᠶᠠᠨ ᠵᠦᠩ᠄ | ᠡᠵᠡᠩᠨᠡᠯᠲᠡ ᠶᠢᠨ ᠭᠠᠶᠢᠯᠢ ᠶᠢ ᠥᠷᠲᠡᠭ ᠨᠡᠮᠡᠭᠳᠡᠯ ᠤᠨ ᠭᠠᠶᠢᠯᠢ ᠪᠣᠯᠭᠠᠬᠤ ᠥᠭᠡᠷᠴᠢᠯᠡᠯᠲᠡ ᠶᠢᠨ | ᠲᠤᠷᠰᠢᠯᠲᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠲᠥᠰᠦᠯ ᠢ ᠳᠣᠷᠣᠭᠰᠢ ᠪᠠᠭᠤᠯᠭᠠᠭᠰᠠᠨ ᠤ ᠳᠠᠷᠠᠭ᠎ᠠ᠂ ᠳᠡᠭᠡᠪᠦᠷ | ᠵᠢᠷᠤᠭ ᠲᠥᠯᠥᠪᠯᠡᠭᠡ ᠶᠢᠨ ᠳᠡᠰ ᠳᠠᠪᠬᠤᠷᠭ᠎ᠠ ᠠᠴᠠ᠂ ᠪᠢᠳᠠ ᠲᠥᠰᠦᠯ ᠨᠢ ᠭᠠᠶᠢᠯᠢ ᠶᠢᠨ ᠡᠭᠦᠷᠭᠡᠯᠡᠯ ᠢ | ᠪᠠᠭᠠᠰᠬᠠᠬᠤ ᠠᠴᠠ ᠪᠢᠰᠢ ᠨᠡᠮᠡᠭᠳᠡᠭᠦᠯᠬᠦ ᠦᠭᠡᠶ ᠲᠦᠷᠦ ᠶᠢᠨ ᠪᠤᠳᠤᠯᠭ᠎ᠠ ᠪᠠᠷ ᠤᠳᠤᠷᠢᠳᠤᠮᠵᠢ ᠪᠣᠯᠭᠠᠭᠰᠠᠨ ᠢ ᠣᠯᠵᠤ | ᠬᠠᠷᠠᠵᠠᠢ᠃ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢᠨ ᠲᠠᠯ᠎ᠠ ᠠᠴᠠ ᠠᠪᠴᠤ ᠬᠡᠯᠡᠪᠡᠯ᠂ ᠡᠳ᠋ ᠤᠨ | ᠵᠠᠰᠠᠭ ᠤᠨ ᠶᠠᠮᠤᠨ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠠᠴᠠ ᠡᠯ᠎ᠡ ᠱᠠᠲᠤᠨ ᠤ | ᠡᠳ᠋ ᠤᠨ ᠵᠠᠰᠠᠭ ᠭᠠᠶᠢᠯᠢ ᠶᠢᠨ ᠶᠠᠪᠤᠳᠠᠯ ᠤᠨ ᠺᠠᠳ᠋ᠷ ᠤᠳ ᠠᠵᠤ ᠠᠬᠤᠶᠢᠯᠠᠯ ᠤᠨ ᠡᠳ᠋ ᠤᠨ ᠶᠠᠪᠤᠳᠠᠯ ᠤᠨ | ᠠᠵᠢᠯᠲᠠᠳ ᠢ ᠲᠦᠷᠭᠡᠬᠡᠨ ᠬᠠᠪᠰᠤᠷᠤᠨ ᠪᠣᠯᠪᠠᠰᠤᠷᠠᠭᠤᠯᠵᠤ᠂ ᠡᠨᠡ ᠤᠳᠠᠭᠠᠨ ᠤ ᠡᠵᠡᠩᠨᠡᠯᠲᠡ ᠶᠢᠨ ᠭᠠᠶᠢᠯᠢ ᠶᠢ | ᠥᠷᠲᠡᠭ ᠨᠡᠮᠡᠭᠳᠡᠯ ᠤᠨ ᠭᠠᠶᠢᠯᠢ ᠪᠣᠯᠭᠠᠨ ᠥᠭᠡᠷᠡᠴᠢᠯᠡᠬᠦ ᠲᠦᠷᠦ ᠶᠢᠨ ᠪᠤᠳᠤᠯᠭ᠎ᠠ ᠶᠢ ᠶᠠᠭᠠᠬᠢᠵᠤ ᠲᠣᠭᠲᠠᠭᠠᠭᠰᠠᠨ᠂ | ᠲᠦᠷᠦ ᠶᠢᠨ ᠪᠤᠳᠤᠯᠭ᠎ᠠ ᠶᠢᠨ ᠠᠭᠤᠯᠤᠭᠳᠠᠬᠤᠨ ᠨᠢ ᠶᠠᠭᠤ ᠪᠣᠯᠬᠤ᠂ ᠥᠷᠲᠡᠭ ᠨᠡᠮᠡᠭᠳᠡᠯ ᠤᠨ ᠰᠢᠨ᠎ᠡ ᠲᠣᠭᠲᠠᠴᠠ ᠶᠢᠨ | ᠳᠣᠣᠷ᠎ᠠ ᠬᠡᠷᠬᠢᠨ ᠭᠤᠶᠤᠴᠢᠯᠠᠨ ᠮᠡᠳᠡᠭᠦᠯᠵᠦ ᠭᠠᠶᠢᠯᠢ ᠲᠤᠰᠢᠶᠠᠬᠤ ᠶᠢ ᠣᠶᠢᠯᠠᠭᠠᠭᠤᠯᠵᠤ᠂ ᠥᠭᠡᠷᠡᠴᠢᠯᠡᠯᠲᠡ ᠶᠢᠨ | ᠲᠦᠷᠦ ᠶᠢᠨ ᠪᠤᠳᠦᠯᠭ᠎ᠠ ᠶᠢ ᠲᠡᠷᠡ ᠴᠢᠭ ᠢᠶᠠᠷ ᠨᠢ ᠪᠣᠳᠠᠲᠠᠶ ᠳᠤ ᠨᠠᠶᠢᠳᠠᠪᠤᠷᠢᠵᠢᠭᠤᠯᠵᠤ᠂ ᠪᠤᠷᠤᠭᠤ ᠣᠶᠢᠯᠠᠭᠠᠬᠤ᠂ | ᠪᠤᠷᠤᠭᠤ ᠲᠠᠰᠤᠯᠬᠤ ᠪᠤᠶᠤ ᠵᠣᠷᠢᠭᠤᠳᠠ ᠭᠠᠶᠢᠯᠢ ᠶᠢᠨ ᠡᠭᠦᠷᠭᠡᠯᠡᠯ ᠢ ᠨᠡᠮᠡᠭᠳᠡᠭᠦᠯᠬᠦ ᠪᠠᠶᠢᠳᠠᠯ ᠭᠠᠷᠬᠤ ᠠᠴᠠ ᠰᠡᠷᠭᠡᠶᠢᠯᠡᠬᠦ | ᠬᠡᠷᠡᠭᠲᠡᠢ ᠭᠡᠵᠦ ᠱᠠᠭᠠᠷᠳᠠᠵᠠᠢ᠃ ᠣᠳᠣᠬᠠᠨ ᠳᠤ᠂ ᠮᠠᠨ ᠤ ᠣᠷᠣᠨ ᠤ ᠡᠯ᠎ᠡ ᠱᠠᠲᠤᠨ ᠤ ᠡᠳ᠋ ᠤᠨ ᠵᠠᠰᠠᠭ ᠭᠠᠶᠢᠯᠢ ᠶᠢᠨ | ᠶᠠᠪᠤᠳᠠᠯ ᠤᠨ ᠰᠠᠯᠠᠭ᠎ᠠ ᠮᠦᠴᠢᠷ ᠤᠳ ᠤᠯᠤᠰ ᠤᠨ ᠡᠳ᠋ ᠤᠨ ᠵᠠᠰᠠᠭ ᠭᠠᠶᠢᠯᠢ ᠶᠢᠨ ᠶᠠᠪᠤᠳᠠᠯ ᠤᠨ ᠭᠤᠣᠯᠯᠠᠨ | ᠬᠠᠮᠢᠶᠠᠷᠬᠤ ᠰᠠᠯᠠᠭ᠎ᠠ ᠮᠥᠴᠢᠷ ᠤᠨ ᠱᠠᠭᠠᠷᠳᠠᠯᠭ᠎ᠠ ᠶᠢ ᠶᠠᠭ ᠲᠡᠷᠡ ᠶᠣᠰᠣᠭᠠᠷ ᠨᠢ ᠨᠠᠶᠢᠳᠠᠪᠤᠷᠢᠵᠢᠭᠤᠯᠵᠤ ᠪᠠᠶᠢᠨ᠎ᠠ᠃ | ᠡᠳᠡᠭᠡᠷ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠨᠢ ᠡᠵᠡᠩᠨᠡᠯᠲᠡ ᠶᠢᠨ ᠭᠠᠶᠢᠯᠢ ᠶᠢ ᠥᠷᠲᠡᠭ ᠨᠡᠮᠡᠭᠳᠡᠯ ᠤᠨ ᠭᠠᠶᠢᠯᠢ | ᠪᠤᠯᠭᠠᠬᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠬᠡᠷᠡᠭᠵᠢᠭᠦᠯᠦᠭᠰᠡᠨ ᠤ ᠲᠡᠷᠠᠭ᠎ᠠ ᠪᠤᠢ ᠪᠦᠬᠦᠢ ᠠᠵᠢᠯ ᠲᠥᠷᠥᠯ ᠤᠨ | ᠭᠠᠶᠢᠯᠢ ᠶᠢᠨ ᠡᠭᠦᠷᠭᠡᠯᠡᠯ ᠢ ᠪᠠᠭᠠᠰᠬᠠᠬᠤ ᠠᠴᠠ ᠪᠢᠰᠢ ᠨᠡᠮᠡᠭᠳᠡᠭᠦᠯᠬᠦ ᠦᠭᠡᠶ ᠪᠠᠶᠢᠯᠭᠠᠬᠤ ᠳᠤ ᠪᠠᠲᠤ ᠪᠠᠬᠢ ᠰᠠᠭᠤᠷᠢ | ᠲᠠᠯᠪᠢᠵᠤ ᠥᠭᠭᠦᠭᠰᠡᠨ ᠪᠠᠶᠢᠨ᠎ᠠ᠃ | ᠹᠧᠩ ᠵᠢᠶᠠᠨ ᠵᠦᠩ᠄ | ᠳᠡᠭᠡᠷ᠎ᠡ ᠳᠤᠷᠠᠳᠤᠭᠰᠠᠨ ᠰᠠᠭᠤᠷᠢᠨ ᠳᠡᠭᠡᠷ᠎ᠡ᠂ ᠲᠤᠷᠰᠢᠯᠲᠠ ᠶᠢᠨ ᠭᠠᠶᠢᠯᠢ ᠲᠤᠰᠢᠶᠠᠭᠴᠢᠳ ᠡᠵᠡᠩᠨᠡᠯᠲᠡ ᠶᠢᠨ | ᠭᠠᠶᠢᠯᠢ ᠶᠢ ᠥᠷᠲᠡᠭ ᠨᠡᠮᠡᠭᠳᠡᠯ ᠤᠨ ᠭᠠᠶᠢᠯᠢ ᠪᠣᠯᠭᠠᠨ ᠥᠭᠡᠷᠡᠴᠢᠯᠡᠬᠦ ᠲᠦᠷᠦ ᠶᠢᠨ ᠪᠤᠳᠤᠯᠭ᠎ᠠ ᠶᠢ ᠰᠠᠶᠢᠨ | ᠰᠤᠷᠤᠯᠴᠠᠵᠤ᠂ ᠰᠠᠶᠢᠲᠤᠷ ᠭᠦᠢᠴᠡᠳᠬᠡᠵᠦ᠂ ᠡᠵᠡᠩᠨᠡᠯᠲᠡ ᠶᠢᠨ ᠠᠷᠭ᠎ᠠ ᠬᠡᠯᠪᠡᠷᠢ ᠪᠠᠨ ᠰᠠᠨᠠᠭᠠᠴᠢᠯᠠᠭ᠎ᠠ ᠠᠴᠠ ᠪᠠᠨ | ᠥᠭᠡᠷᠡᠴᠢᠯᠡᠨ ᠰᠠᠶᠢᠵᠢᠷᠠᠭᠤᠯᠵᠤ᠂ ᠬᠠᠮᠢᠶᠠᠷᠤᠯᠲᠠ ᠶᠢᠨ ᠬᠢᠷᠢ ᠲᠥᠪᠰᠢᠨ ᠢᠶᠠᠨ ᠳᠡᠭᠡᠭᠰᠢᠯᠡᠭᠦᠯᠵᠦ᠂ | ᠥᠭᠡᠷᠡᠴᠢᠯᠡᠯᠲᠡ ᠶᠢᠨ ᠱᠠᠭᠠᠷᠳᠠᠯᠭ᠎ᠠ ᠶᠢ ᠲᠠᠭᠠᠵᠤ ᠳᠡᠶᠢᠯᠬᠦ ᠦᠭᠡᠢ᠂ ᠲᠤᠯᠭᠠᠨ ᠰᠠᠭᠤᠳᠬᠠᠬᠤ ᠭᠡᠷᠡᠴᠢ ᠪᠠᠷᠢᠮᠲᠠ ᠪᠠᠨ | ᠴᠠᠭ ᠲᠣᠬᠠᠢ ᠳᠤᠨᠢ ᠣᠯᠣᠭᠰᠠᠨ ᠦᠭᠡᠢ ᠪᠤᠶᠤ ᠲᠤᠯᠭᠠᠨ ᠰᠠᠭᠤᠳᠬᠠᠬᠤ ᠨᠢ ᠭᠦᠢᠴᠡᠳ ᠤᠢᠭᠡᠢ ᠠᠴᠠ ᠪᠣᠯᠵᠤ᠂ | ᠲᠤᠯᠭᠠᠨ ᠰᠠᠭᠤᠳᠬᠠᠬᠤ ᠶᠣᠰᠣᠲᠠᠢ ᠪᠠᠶᠢᠲᠠᠯ᠎ᠠ ᠲᠤᠯᠭᠠᠨ ᠰᠠᠭᠤᠳᠬᠠᠭᠰᠠᠨ ᠦᠭᠡᠢ᠂ ᠭᠠᠶᠢᠯᠢ ᠶᠢᠨ ᠡᠭᠦᠷᠭᠡᠯᠡᠯ | ᠬᠦᠨᠳᠦᠷᠡᠭᠰᠡᠨ ᠠᠰᠠᠭᠤᠳᠠᠯ ᠭᠠᠷᠬᠤ ᠠᠴᠠ ᠪᠣᠯᠭᠤᠮᠵᠢᠯᠠᠬᠤ ᠶᠢ ᠰᠠᠨᠠᠭᠤᠯᠵᠤ ᠪᠠᠶᠢᠨ᠎ᠠ᠃ ᠪᠠᠭᠴᠠᠯᠠᠭᠠᠳ ᠬᠡᠯᠡᠪᠡᠯ᠂ | ᠲᠤᠷᠰᠢᠯᠲᠠ ᠶᠢᠨ ᠭᠠᠶᠢᠯᠢ ᠲᠤᠰᠢᠶᠠᠭᠴᠢᠳ ᠥᠭᠡᠷᠡᠴᠢᠯᠡᠯᠲᠡ ᠶᠢᠨ ᠱᠠᠭᠠᠷᠳᠠᠯᠭ᠎ᠠ ᠳᠤ ᠰᠠᠨᠠᠭᠠᠴᠢᠯᠠᠭ᠎ᠠ ᠠᠴᠠ ᠪᠠᠨ | ᠵᠣᠬᠢᠴᠠᠵᠤ᠂ ᠡᠵᠡᠩᠨᠡᠯᠲᠡ ᠶᠢᠨ ᠵᠠᠭᠪᠤᠷ ᠢᠶᠠᠨ ᠴᠠᠭ ᠲᠣᠬᠠᠢ ᠳᠤᠨᠢ ᠲᠣᠬᠢᠷᠠᠭᠤᠯᠵᠤ᠂ ᠥᠭᠡᠷᠡᠴᠢᠯᠡᠯᠲᠡ ᠶᠢᠨ ᠳᠤᠮᠳᠠ | ᠲᠠᠰᠤᠷᠠᠯᠲᠠ ᠦᠭᠡᠢ ᠬᠥᠭᠵᠢᠨ ᠪᠤᠵᠠᠭᠠᠶᠢᠷᠠᠬᠤ ᠶᠢ ᠰᠠᠨᠠᠭᠤᠯᠵᠤ ᠪᠠᠶᠢᠨ᠎ᠠ᠃ | ᠬᠥᠲᠥᠯᠥᠭᠴᠢ᠄ | ᠹᠸᠡᠭ ᠳᠠᠷᠤᠭ᠎ᠠ ᠡ᠂ ᠡᠵᠡᠩᠨᠡᠯᠲᠡ ᠶᠢᠨ ᠭᠠᠶᠢᠯᠢ ᠶᠢ ᠥᠷᠲᠡᠭ ᠨᠡᠮᠡᠭᠳᠡᠯ ᠤᠨ ᠭᠠᠶᠢᠯᠢ ᠪᠣᠯᠭᠠᠬᠤ | ᠥᠭᠡᠷᠡᠴᠢᠯᠡᠯᠲᠡ ᠪᠣᠯ 1994 ᠣᠨ ᠤ ᠭᠠᠶᠢᠯᠢ ᠶᠢᠨ ᠲᠥᠷᠥᠯ ᠢᠯᠭᠠᠬᠤ ᠲᠦᠷᠢᠮ ᠤᠨ ᠥᠭᠡᠷᠡᠴᠢᠯᠡᠯᠲᠡ ᠶᠢᠨ | ᠳᠠᠷᠠᠭᠠᠬᠢ ᠴᠢᠬᠤᠯᠠ ᠨᠢᠭᠡᠨ ᠭᠠᠶᠢᠯᠢ ᠶᠢᠨ ᠳᠦᠷᠢᠮ ᠤᠨ ᠥᠭᠡᠷᠡᠴᠢᠯᠡᠯᠲᠡ ᠪᠣᠯᠬᠤᠷ᠂ ᠪᠦᠬᠦ ᠲᠠᠯ᠎ᠠ ᠲᠠᠢ | ᠬᠤᠯᠪᠣᠭᠳᠠᠬᠤ ᠪᠣᠯᠣᠨ᠎ᠠ᠃ ᠡᠵᠡᠩᠨᠡᠯᠲᠡ ᠶᠢᠨ ᠭᠠᠶᠢᠯᠢ ᠶᠢ ᠥᠷᠲᠡᠭ ᠨᠡᠮᠡᠭᠳᠡᠯ ᠤᠨ ᠭᠠᠶᠢᠯᠢ ᠪᠣᠯᠭᠠᠬᠤ | ᠥᠭᠡᠷᠡᠴᠢᠯᠡᠯᠲᠡ ᠨᠢ ᠬᠤᠵᠢᠮ ᠤᠨ ᠡᠳ᠋ ᠤᠨ ᠵᠠᠰᠠᠭ ᠭᠠᠶᠢᠯᠢ ᠶᠢᠨ ᠶᠠᠪᠤᠳᠠᠯ ᠤᠨ ᠥᠭᠡᠷᠡᠴᠢᠯᠡᠯᠲᠡ ᠳᠤ ᠦᠵᠡᠭᠦᠯᠬᠦ | ᠨᠥᠯᠥᠭᠡ ᠶᠢ ᠲᠠ ᠠᠳᠡ ᠶᠠᠷᠢᠭᠠᠳ ᠥᠭᠭᠦᠨ᠎ᠡ ᠤᠤ︖ | ᠹᠧᠩ ᠵᠢᠶᠠᠨ ᠵᠦᠩ᠄ | ᠡᠵᠡᠩᠨᠡᠯᠲᠡ ᠶᠢᠨ ᠭᠠᠶᠢᠯᠢ ᠶᠢ ᠦᠷᠳᠡᠭ ᠨᠡᠮᠡᠭᠳᠡᠯ ᠤᠨ ᠭᠠᠶᠢᠯᠢ ᠪᠣᠯᠭᠠᠨ ᠥᠭᠡᠷᠡᠴᠢᠯᠡᠬᠦ ᠨᠢ ᠭᠠᠶᠢᠯᠢ | ᠲᠠᠲᠠᠪᠤᠷᠢ ᠶᠢᠨ ᠴᠢᠬᠤᠯᠠ ᠨᠢᠭᠡᠨ ᠥᠭᠡᠷᠡᠴᠢᠯᠡᠯᠲᠡ ᠪᠣᠯᠣᠭᠰᠠᠨ ᠤ ᠬᠤᠪᠢ ᠳᠤ᠂ ᠡᠳ᠋ ᠤᠨ ᠵᠠᠰᠠᠭ ᠭᠠᠶᠢᠯᠢ ᠶᠢᠨ | ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠴᠢᠨᠠᠭᠰᠢᠯᠠᠪᠠᠯ ᠪᠦᠬᠦ᠋ᠢᠯᠡ ᠠᠵᠤ ᠠᠬᠤᠶ ᠶᠢᠨ | ᠪᠠᠶᠢᠭᠤᠯᠤᠯ ᠤᠨ ᠥᠭᠡᠷᠡᠴᠢᠯᠡᠯᠲᠡ ᠶᠢ ᠠᠬᠢᠭᠤᠯᠬᠤ ᠳᠤ ᠴᠢᠬᠤᠯᠠ ᠳᠠᠭᠠᠭᠤᠯᠬᠤ ᠦᠢᠯᠡᠳᠦᠯ ᠲᠠᠢ ᠶᠤᠮ᠂ ᠦᠨᠡᠬᠡᠷ | ᠨᠢᠭᠡ ᠥᠭᠡᠷ ᠤᠨ ᠡᠪᠡᠷ ᠢ ᠴᠣᠬᠢᠪᠠᠯ ᠮᠢᠩᠭᠠᠨ ᠦᠬᠡᠷ ᠤᠨ ᠡᠪᠡᠷ ᠳᠣᠷᠬᠢᠨᠠ ᠭᠡᠳᠡᠭ ᠪᠢᠰᠢᠤ︕ ᠡᠵᠡᠩᠨᠡᠯᠲᠡ ᠶᠢᠨ | ᠭᠠᠶᠢᠯᠢ ᠶᠢ ᠥᠷᠲᠡᠭ ᠨᠡᠮᠡᠭᠳᠡᠯ ᠤᠨ ᠭᠠᠶᠢᠯᠢ ᠪᠣᠯᠭᠠᠨ ᠥᠭᠡᠷᠡᠴᠢᠯᠡᠬᠦ ᠨᠢ ᠲᠥᠪ ᠬᠢᠭᠡᠳ ᠣᠷᠣᠨ ᠨᠤᠲᠤᠭ᠂ ᠣᠷᠣᠨ | ᠨᠤᠲᠤᠭ ᠤᠨ ᠵᠠᠰᠠᠭ ᠤᠨ ᠣᠷᠳᠣᠨ ᠤ ᠬᠤᠭᠤᠷᠣᠨᠳᠣᠬᠢ ᠡᠳ᠋ ᠤᠨ ᠵᠠᠰᠠᠭ ᠤᠨ ᠪᠠᠶᠢᠭᠤᠯᠤᠯ ᠤᠨ ᠲᠤᠬᠢᠷᠠᠭᠤᠯᠤᠯᠲᠠ ᠶᠢ | ᠲᠦᠯᠬᠢᠨ ᠠᠬᠢᠭᠤᠯᠬᠤ ᠮᠥᠷᠲᠡᠭᠡᠨ ᠪᠠᠰᠠ ᠣᠷᠣᠨ ᠨᠤᠲᠤᠭ ᠤᠨ ᠭᠠᠶᠢᠯᠢ ᠶᠢᠨ ᠰᠢᠰᠲ᠋ᠧᠮᠵᠢ ᠶᠢᠨ ᠪᠦᠲᠦᠭᠡᠨ | ᠪᠠᠶᠢᠭᠤᠯᠤᠯᠲᠠ ᠵᠡᠷᠭᠡ ᠭᠠᠶᠢᠯᠢ ᠶᠢᠨ ᠲᠦᠷᠢᠮ ᠤᠨ ᠠᠯᠢ ᠣᠯᠠᠨ ᠴᠢᠬᠤᠯᠠ ᠶᠡᠭᠡ ᠥᠭᠡᠷᠡᠴᠢᠯᠡᠯᠲᠡ ᠶᠢ ᠲᠦᠯᠬᠢᠨ | ᠠᠬᠢᠭᠤᠯᠤᠨ᠎ᠠ ᠭᠡᠳᠡᠭ ᠢ ᠡᠭᠦᠨ ᠠᠴᠠ ᠮᠡᠳᠡᠵᠦ ᠪᠣᠯᠣᠨ᠎ᠠ᠃ ᠡᠭᠦᠨ ᠤ ᠲᠤᠯᠠᠳᠠ᠂ ᠥᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ ᠤᠨ ᠰᠠᠯᠠᠭ᠎ᠠ ᠮᠦᠴᠢᠷ ᠤᠳ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠤᠳᠤᠷᠢᠳᠤᠯᠭ᠎ᠠ ᠳᠣᠣᠷ᠎ᠠ᠂ ᠤᠯᠤᠰ ᠤᠨᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠬᠠᠮᠢᠶ᠎ᠠ | ᠪᠦᠬᠦᠢ ᠰᠠᠯᠠᠭ᠎ᠠ ᠮᠥᠴᠢᠷ ᠲᠠᠢ ᠰᠠᠶᠢᠲᠤᠷ ᠬᠠᠮᠵᠢᠯᠴᠠᠵᠤ ᠪᠠᠶᠢᠭᠠᠳ ᠡᠳ᠋ ᠤᠨ ᠵᠠᠰᠠᠭ ᠭᠠᠶᠢᠯᠢ ᠶᠢᠨ ᠶᠠᠪᠤᠳᠠᠯ ᠤᠨ | ᠥᠭᠡᠷᠡᠴᠢᠯᠡᠯᠲᠡ ᠶᠢ ᠢᠳᠡᠪᠬᠢᠲᠡᠶ᠂ ᠯᠠᠪᠳᠠᠭᠤᠨ ᠲᠣᠬᠢᠲᠠᠶ᠂ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ | ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠬᠦ | ᠬᠡᠷᠡᠭᠲᠡᠢ᠃ | ᠬᠥᠲᠥᠯᠥᠭᠴᠢ᠄ | ᠲᠢᠩᠬᠢᠮ ᠤᠨ ᠳᠠᠷᠤᠭ᠎ᠠ ᠹᠧᠩ ᠵᠢᠶᠠᠨ ᠵᠦᠩ ᠪᠢᠳᠠᠨ ᠳᠤ ᠥᠪᠡᠷᠲᠡᠭᠡᠨ ᠵᠠᠰᠠᠬᠤ ᠣᠷᠣᠨ ᠤ ᠡᠵᠡᠩᠨᠡᠯᠲᠡ ᠶᠢᠨ | ᠭᠠᠶᠢᠯᠢ ᠶᠢ ᠦᠷᠳᠡᠭ ᠨᠡᠮᠡᠭᠳᠡᠯ ᠤᠨ ᠭᠠᠶᠢᠯᠢ ᠪᠣᠯᠭᠠᠬᠤ ᠥᠭᠡᠷᠡᠴᠢᠯᠡᠯᠲᠡ ᠶᠢᠨ ᠬᠤᠯᠪᠣᠭᠳᠠᠯ ᠪᠦᠬᠦᠢ ᠪᠠᠶᠢᠳᠠᠯ ᠢ | ᠲᠠᠨᠢᠯᠴᠠᠭᠤᠯᠵᠤ ᠥᠭᠭᠦᠭᠰᠡᠨ ᠳᠤ ᠲᠠᠯᠠᠷᠬᠠᠵᠤ ᠪᠠᠶᠢᠨ᠎ᠠ᠃ ᠥᠨᠥᠳᠦᠷ ᠤᠨ ᠰᠤᠷᠪᠤᠯᠵᠢᠯᠠᠭ᠎ᠠ ᠶᠢ ᠠᠳᠡ ᠬᠦᠷᠦᠭᠡᠳ | ᠵᠠᠪᠰᠠᠷᠯᠠᠶ᠎ᠠ᠂ ᠰᠦᠯᠵᠢᠶᠡᠨ ᠤ ᠠᠨᠳᠠ ᠨᠠᠷ ᠤᠨ ᠣᠷᠣᠯᠴᠠᠭᠰᠠᠨ ᠳᠤ ᠲᠠᠯᠠᠷᠬᠠᠵᠤ ᠪᠠᠶᠢᠨ᠎ᠠ᠃ ᠪᠠᠶᠠᠷᠲᠠᠶ᠃ | | ᠡᠳ᠋ ᠤᠨ ᠵᠠᠰᠠᠭ ᠤᠨ ᠶᠠᠮᠣᠨ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠠᠴᠠ | ᠡᠵᠡᠩᠨᠡᠯᠲᠡ ᠶᠢᠨ ᠭᠠᠶᠢᠯᠢ ᠶᠢ ᠥᠷᠲᠡᠭ ᠨᠡᠮᠡᠭᠳᠡᠯ ᠤᠨ ᠭᠠᠶᠢᠯᠢ ᠪᠣᠯᠭᠠᠬᠤ ᠥᠭᠡᠷᠡᠴᠢᠯᠡᠯᠲᠡ ᠶᠢ ᠪᠦᠬᠦ ᠲᠠᠯ᠎ᠠ ᠪᠠᠷ | ᠲᠦᠭᠡᠮᠡᠯᠵᠢᠭᠦᠯᠬᠦ ᠬᠠᠷᠠᠭᠠᠨ ᠳᠠᠪᠲᠠᠮᠵᠢᠲᠤ ᠳᠠᠶᠢᠴᠢᠯᠠᠯᠲᠠ ᠶᠢᠨ ᠬᠤᠷᠠᠯ ᠬᠢᠵᠦ ᠥᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ ᠤᠨ ᠲᠢᠩᠬᠢᠮ ᠤᠯᠤᠰ ᠤᠨ ᠭᠠᠶᠢᠯᠢ ᠶᠢᠨ ᠲᠣᠪᠴᠢᠶ᠎ᠠ ᠣᠷᠣᠨ ᠨᠤᠲᠤᠭ ᠤᠨ ᠭᠠᠶᠢᠯᠢ ᠶᠢᠨ | ᠲᠣᠪᠴᠢᠶ᠎ᠠ ᠶᠢᠨ ᠬᠤᠯᠪᠣᠭᠳᠠᠯ ᠪᠦᠬᠦᠢ ᠤᠳᠤᠷᠢᠳᠤᠯᠭ᠎ᠠ ᠨᠠᠷ ᠬᠤᠪᠢᠶᠠᠷᠢ ᠬᠤᠷᠠᠯ ᠤᠨ ᠲᠠᠯᠠᠪᠠᠢ ᠳᠤ ᠣᠷᠣᠯᠴᠠᠵᠤ | ᠪᠠᠶᠢᠭ᠎ᠠ ᠨᠢ | |