ᠪᠦᠬᠦ ᠤᠷᠤᠨ ᠤ ᠶᠠᠳᠠᠭᠤ ᠶᠢ ᠲᠡᠳᠬᠦᠨ ᠨᠡᠬᠦᠯᠬᠡᠨ ᠰᠢᠯᠵᠢᠬᠦᠯᠬᠦ ᠢᠨᠵᠧᠨᠧᠷᠢᠩ ᠤᠨ ᠡᠬᠢᠯᠡᠬᠦ ᠶᠤᠰᠤᠯᠠᠯ ᠤᠯᠠᠭᠠᠨᠴᠠᠪ ᠬᠤᠳᠠ ᠳᠤ ᠶᠠᠪᠤᠬᠳᠠᠪᠠ
ᠨᠡᠶᠢᠲᠡᠯᠡᠭᠰᠡᠨ ᠴᠠᠭ᠄
2016/5/9
           5 ᠳ᠋ᠤᠭᠠᠷ ᠰᠠᠷ᠎ᠠ ᠶᠢᠨ 5᠎ ᠤ ᠡᠳᠤᠷ᠂ ᠪᠦᠬᠦ ᠤᠷᠤᠨ ᠤ ᠶᠠᠳᠠᠭᠤ ᠶᠢ ᠲᠡᠳᠬᠦᠨ ᠨᠡᠬᠦᠯᠬᠡᠨ ᠰᠢᠯᠵᠢᠬᠦᠯᠬᠦᠢᠨᠵᠧᠨᠧᠷᠢᠩ ᠤᠨ ᠡᠬᠢᠯᠡᠬᠦ ᠶᠤᠰᠤᠯᠠᠯ ᠤᠯᠠᠭᠠᠨᠴᠠᠪ ᠬᠤᠳᠠ ᠶᠢᠨ ᠯᠢᠶᠠᠩᠴᠧᠩ ᠰᠢᠶᠠᠨ ᠳᠤ ᠶᠠᠪᠤᠬᠳᠠᠪᠠ᠂ ᠡᠨᠡ ᠨᠢ ᠮᠠᠨ ᠤ ᠤᠷᠤᠨ ᠤ ᠶᠠᠳᠠᠭᠤ ᠶᠢ ᠲᠡᠳᠬᠦᠨ ᠨᠡᠬᠦᠯᠬᠡᠨ ᠰᠢᠯᠵᠢᠬᠦᠯᠬᠦ ᠢᠨᠵᠧᠨᠧᠷᠢᠩ ᠪᠦᠬᠦ ᠲᠠᠯ᠎ᠠ ᠪᠠᠷ ᠡᠬᠢᠯᠡᠭᠰᠡᠨ ᠢ ᠬᠠᠷᠠᠭᠤᠯᠵᠤ ᠪᠠᠶᠢᠨ᠎ᠠ᠃      ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠬᠦᠨ᠂ ᠦᠪᠡᠷᠳᠡᠬᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠹᠦ᠋ ᠲᠠᠢ ᠽᠧᠩ ᠶᠤᠰᠤᠯᠠᠯ ᠳᠤ ᠤᠷᠤᠯᠴᠠᠨ ᠶᠠᠳᠠᠭᠤ ᠶᠢ ᠲᠡᠳᠬᠦᠨ ᠨᠡᠬᠦᠯᠬᠡᠨ ᠰᠢᠯᠵᠢᠬᠦᠯᠬᠦ ᠢᠨᠵᠧᠨᠧᠷᠢᠩ ᠪᠦᠬᠦ ᠲᠠᠯ᠎ᠠ ᠪᠠᠷ ᠡᠬᠢᠯᠡᠭᠰᠡᠨ ᠢ ᠨᠡᠶᠢᠳᠠᠯᠠᠵᠤ᠂ ᠦᠪᠡᠷᠳᠡᠬᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠸᠠᠩ ᠢᠤᠢ ᠮᠢᠩ ᠡᠬᠢᠯᠡᠬᠦ ᠶᠤᠰᠤᠯᠠᠯ ᠳᠤ ᠤᠷᠤᠯᠴᠠᠵᠠᠢ᠃      ᠡᠬᠢᠯᠡᠬᠦ ᠶᠤᠰᠤᠯᠠᠯ ᠳᠡᠭᠡᠷ᠎ᠡ᠂ ᠸᠠᠩ ᠢᠤᠢ ᠮᠢᠩ ᠱᠠᠭᠠᠷᠳᠠᠭᠰᠠᠨ ᠨᠢ᠂ ᠡᠯ᠎ᠠ ᠭᠠᠵᠠᠷ ᠡᠯ᠎ᠠ ᠰᠠᠯᠠᠭ᠎ᠠ ᠮᠦᠴᠢᠷ ᠎ ᠤᠨ ᠬᠢᠨ ᠸᠠᠩ ᠵᠢᠶᠦ᠋ᠨ ᠱᠦᠵᠢ ᠶᠢᠨ ᠲᠤᠷᠠᠳᠤᠬᠰᠠᠨ ︽ᠰᠠᠭᠤᠷᠢ ᠲᠤᠭ᠎ᠠ ᠳᠤᠳᠤᠷᠬᠠᠢ᠂ ᠬᠠᠷᠢᠭᠤᠴᠠᠯᠭ᠎ᠠ ᠳᠤᠳᠤᠷᠬᠠᠢ᠂ ᠠᠷᠭ᠎ᠠ ᠬᠡᠮᠵᠢᠶ᠎ᠠ ᠳᠤᠳᠤᠷᠬᠠᠢ᠂ ᠠᠵᠢᠯ ᠤᠨ ᠱᠠᠭᠠᠷᠳᠠᠯᠭ᠎ᠠ ᠳᠤᠳᠤᠷᠬᠠᠢ︾ ᠤᠨᠢᠨ ᠲᠡᠭᠡᠷ᠎ᠠ ᠨᠢ ᠶᠠᠳᠠᠭᠤ ᠠᠴᠠ ᠠᠩᠬᠢᠵᠢᠷᠠᠭᠤᠯᠬᠤ ᠠᠵᠢᠯ ᠤᠨ ᠱᠠᠭᠠᠷᠳᠠᠯᠭ᠎ᠠ ᠪᠠᠷ᠂ ᠲᠠᠩᠰᠠ ᠪᠠᠶᠢᠭᠤᠯᠵᠤ ᠺᠠᠷᠲ ᠬᠢᠵᠤ ᠦᠭᠬᠦ ᠠᠵᠢᠯ ᠎ ᠢ ᠴᠢᠨᠠᠬᠰᠢᠳᠠ ᠰᠠᠶᠢᠳᠤᠷ ᠬᠢᠵᠤ᠂ ᠨᠡᠬᠦᠯᠬᠡᠬᠦ ᠡᠳᠡᠬᠡᠳ ᠢ ᠤᠨᠤᠪᠴᠢᠳᠠᠢ ᠢᠯᠭᠠᠨ ᠳᠤᠳᠤᠯᠠᠵᠤ᠂ ᠨᠡᠬᠦᠯᠬᠡᠬᠦ ᠪᠡᠯᠡ ᠮᠦᠩᠬᠦ ᠶᠢ ᠶᠠᠭᠤᠨ ᠤ ᠤᠷᠢᠳ ᠲᠠᠩᠰᠠ ᠪᠠᠶᠢᠭᠤᠯᠵᠤ ᠺᠠᠷᠲ ᠬᠢᠵᠤ ᠦᠭᠬᠦᠭᠰᠡᠨ ᠶᠠᠳᠠᠭᠤ ᠬᠦᠴᠢᠷᠳᠠᠯᠳᠠᠢ ᠡᠷᠤᠬᠡ ᠶᠢ ᠨᠡᠬᠦᠯᠬᠡᠬᠦ ᠳᠤ ᠭᠡᠷᠡᠭᠯᠡᠬᠦ ᠶᠢ ᠦᠨᠡᠨᠬᠦ ᠪᠠᠳᠤᠯᠠᠬᠤ ᠭᠡᠷᠡᠭᠳᠠᠢ᠃ ᠨᠡᠬᠦᠯᠬᠡᠬᠦ ᠳᠤ ᠠᠵᠤ ᠤᠢᠢᠯᠡᠰ ᠤᠨ ᠲᠤᠯᠭᠠᠭᠤᠷᠢᠯᠠᠯ ᠪᠠᠶᠢᠬᠤ ᠭᠡᠷᠡᠭᠳᠠᠢ᠂ ᠨᠡᠬᠦᠯᠬᠡᠬᠦ ᠭᠠᠵᠠᠷ ᠰᠤᠩᠭᠤᠬᠤ᠂ ᠠᠵᠤ ᠤᠢᠢᠯᠡᠰ ᠤᠨ ᠬᠦᠭᠵᠢᠯᠳᠠ᠂ ᠰᠠᠭᠤᠷᠢ ᠲᠦᠬᠦᠬᠡᠷᠤᠮᠵᠢ ᠎ ᠶᠢᠨ ᠲᠦᠬᠦᠷᠵᠢᠬᠦᠯᠤᠯᠳᠠ ᠪᠤᠯᠤᠨ ᠤᠯᠠᠨ ᠨᠡᠶᠢᠳᠠ ᠶᠢᠨ ᠤᠢᠢᠯᠡᠴᠢᠯᠡᠬᠡᠨ ᠤ ᠲᠦᠬᠦᠬᠡᠷᠤᠮᠵᠢ ᠶᠢᠨ ᠪᠠᠶᠢᠭᠤᠯᠤᠯᠳᠠ ᠶᠢ ᠰᠠᠶᠢᠳᠤᠷ ᠨᠢᠬᠡᠳᠤᠯᠳᠠᠢ ᠲᠦᠯᠤᠪᠵᠢᠬᠦᠯᠤᠨ ᠰᠡᠳᠤᠵᠤ᠂ ᠨᠡᠬᠦᠬᠦ ᠶᠠᠳᠠᠭᠤ ᠬᠦᠴᠢᠷᠳᠠᠯᠳᠠᠢ ᠬᠦᠮᠤᠨ ᠠᠮᠠ ᠶᠢ ᠨᠡᠬᠦᠯᠬᠡᠵᠤ ᠲᠡᠶᠢᠯᠬᠦ᠂ ᠲᠤᠭᠳᠠᠭᠤᠨ ᠪᠠᠶᠢᠯᠭᠠᠬᠤ᠂ ᠴᠢᠨᠡᠭᠡᠯᠢᠭᠵᠢᠬᠦᠯᠬᠦ ᠶᠢ ᠪᠠᠳᠤᠯᠠᠬᠤ ᠭᠡᠷᠡᠭᠳᠠᠢ᠃ ᠡᠯ᠎ᠠ ᠭᠠᠵᠠᠷ ᠎ ᠤᠨ ᠬᠢᠨ ᠡᠬᠢᠯᠡᠬᠦᠯᠬᠦ ᠶᠤᠰᠤᠯᠠᠯ ᠢᠶᠠᠷ ᠪᠡᠯᠬᠡ ᠲᠡᠮᠳᠡᠭ ᠪᠤᠯᠭᠠᠵᠤ᠂ ᠢᠨᠵᠧᠨᠧᠷᠢᠩ ᠤᠨ ᠪᠦᠲᠦᠭᠡᠨ ᠪᠠᠶᠢᠭᠤᠯᠤᠯᠳᠠ ᠶᠢ ᠯᠠᠪᠳᠠᠭᠤᠨ ᠪᠠᠳᠤᠳᠠᠢ ᠠᠬᠢᠭᠤᠯᠵᠤ᠂ ᠡᠯ᠎ᠠ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠬᠢᠨ ᠠᠪᠤᠴᠠᠯᠳᠤᠭᠤᠯᠬᠤ ᠠᠵᠢᠯ ᠢ ᠰᠠᠶᠢᠳᠤᠷ ᠬᠢᠵᠤ᠂ ᠶᠠᠳᠠᠭᠤ ᠶᠢ ᠲᠡᠳᠬᠦᠨ ᠨᠡᠬᠦᠯᠬᠡᠨ ᠰᠢᠯᠵᠢᠬᠦᠯᠬᠦ ᠡᠬᠢᠯᠠᠯᠳᠠ ᠶᠢᠨ ᠠᠵᠢᠯ ᠢ ᠰᠠᠶᠢᠳᠤᠷ ᠬᠢᠵᠤ᠂ ᠡᠨᠡᠬᠦ ᠠᠷᠠᠳ ᠤᠨ ᠠᠮᠢᠳᠤᠷᠠᠯ ᠤᠨ ᠢᠨᠵᠧᠨᠧᠷᠢᠩ ᠢᠶᠠᠷ ᠦᠷᠬᠡᠨ ᠤᠯᠠᠨ ᠶᠠᠳᠠᠭᠤ ᠬᠦᠴᠢᠷᠳᠠᠯᠳᠠᠢ ᠤᠯᠠᠨ ᠲᠦᠮᠡᠨ ᠳᠤ ᠡᠷᠳᠡᠬᠡᠨ ᠠᠰᠢᠬ ᠬᠦᠷᠳᠡᠬᠡᠬᠦ ᠪᠠᠷ ᠴᠢᠷᠮᠠᠶᠢᠬᠤ ᠭᠡᠷᠡᠭᠳᠠᠢ ᠬᠡᠪᠠ᠃       ᠣᠶᠢᠯᠭᠠᠭᠰᠠᠨ ᠢᠶᠠᠷ᠂ ︽13᠂ 5︾᠎ ᠶᠢᠨ ᠬᠤᠭᠤᠴᠠᠭᠠᠨ ᠳᠤ᠂ ᠮᠠᠨ ᠤ ᠤᠷᠤᠨ 12 ᠠᠶᠢᠮᠠᠬ ᠬᠤᠳᠠ᠂ 78 ᠬᠤᠰᠢᠭᠤ ᠰᠢᠶᠠᠨ᠂ 4974 ᠲᠤᠰᠬᠤᠨ᠂ 6.9 ᠲᠦᠮᠡᠨ ᠡᠷᠤᠬᠡ ᠳᠤ ᠬᠤᠯᠪᠤᠬᠳᠠᠬᠤ ᠲᠠᠩᠰᠠ ᠪᠠᠶᠢᠭᠤᠯᠵᠤ ᠺᠠᠷᠲ ᠬᠢᠵᠤ ᠦᠭᠬᠦᠭᠰᠡᠨ 20 ᠲᠦᠮᠡᠨ ᠶᠠᠳᠠᠭᠤ ᠬᠦᠴᠢᠷᠳᠠᠯᠳᠠᠢ ᠬᠦᠮᠤᠨ ᠠᠮᠠ ᠶᠢ ᠨᠡᠬᠦᠯᠬᠡᠬᠦ ᠪᠠᠷ ᠲᠦᠯᠤᠪᠯᠡᠵᠤ ᠪᠠᠶᠢᠨ᠎ᠠ᠃ ᠡᠨᠡ ᠵᠢᠯ ᠲᠠᠩᠰᠠ ᠪᠠᠶᠢᠭᠤᠯᠵᠤ ᠺᠠᠷᠲ ᠬᠢᠵᠤ ᠦᠭᠬᠦᠭᠰᠡᠨ 5 ᠲᠦᠮᠡᠨ ᠶᠠᠳᠠᠭᠤ ᠬᠦᠴᠢᠷᠳᠠᠯᠳᠠᠢ ᠬᠦᠮᠤᠨ ᠠᠮᠠ ᠶᠢ ᠨᠡᠬᠦᠯᠬᠡᠬᠦ ᠪᠠᠷ ᠲᠦᠯᠤᠪᠯᠠᠵᠤ ᠪᠤᠢ᠂ ᠤᠳᠤᠬᠠᠨ ᠳᠤ᠂ ᠨᠡᠬᠦᠯᠬᠡᠬᠦ ᠡᠷᠤᠬᠡ᠂ ᠨᠡᠬᠦᠯᠬᠡᠬᠦ ᠬᠦᠮᠤᠨ ᠠᠮᠠ ᠪᠤᠯᠤᠨ ᠨᠡᠬᠦᠯᠬᠡᠨ ᠲᠦᠪᠬᠢᠨᠡᠬᠦᠯᠬᠦ ᠳᠤ ᠭᠡᠷᠡᠭᠰᠡᠬᠦ ᠪᠡᠯᠡ ᠮᠦᠩᠬᠦ ᠨᠢᠬᠡᠨᠳᠠ ᠳᠤᠳᠤᠷᠬᠠᠢ ᠪᠤᠯᠵᠤ᠂ ᠡᠯ᠎ᠠ ᠭᠠᠵᠠᠷ ᠎ ᠤᠨ ᠬᠢᠨ ᠠᠵᠢᠯ ᠤᠨ ᠪᠠᠶᠢᠷᠢᠯᠠᠭᠤᠯᠤᠯᠳᠠ ᠶᠢ ᠱᠠᠯᠠᠪᠳᠠᠨ ᠨᠠᠶᠢᠳᠠᠪᠤᠷᠢᠵᠢᠭᠤᠯᠵᠤ ᠪᠠᠶᠢᠨ᠎ᠠ᠃    
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号