ᠥᠪᠥᠷ ᠮᠣᠩᠭᠤᠯ ᠳᠥᠭᠦᠮ ᠪᠦᠳᠦᠭᠦᠯᠢᠭ ᠣᠷᠣᠨ ᠰᠠᠭᠤᠴᠠᠳᠤ ᠲᠣᠭᠤᠷᠢᠭ ᠢ ᠥᠭᠡᠷᠡᠴᠢᠯᠡᠨ ᠰᠠᠶᠢᠵᠢᠷᠠᠭᠤᠯᠬᠤ ᠦᠢᠯᠡᠴᠢᠯᠡᠭᠡ ᠶᠢ ᠨᠡᠶᠢᠭᠡᠮ ᠠᠴᠠ ᠬᠤᠳᠠᠯᠳᠤᠨ ᠠᠪᠴᠤ ᠪᠤᠢ
ᠨᠡᠶᠢᠲᠡᠯᠡᠭᠰᠡᠨ ᠴᠠᠭ᠄
2016/5/9
     ᠥᠪᠥᠷ ᠮᠣᠩᠭᠤᠯ ᠡᠨᠡ ᠵᠢᠯ ᠳᠦᠭᠦᠮ ᠪᠦᠳᠦᠭᠦᠯᠢᠭ ᠣᠷᠣᠨ ᠰᠠᠭᠤᠴᠠ ᠶᠢ ᠥᠭᠡᠷᠡᠴᠢᠯᠡᠨ ᠰᠠᠶᠢᠵᠢᠷᠠᠭᠤᠯᠬᠤ ᠦᠢᠯᠡᠴᠢᠯᠡᠭᠡ ᠶᠢ ᠨᠡᠶᠢᠭᠡᠮ ᠠᠴᠠ ᠬᠤᠳᠠᠯᠳᠤᠨ ᠠᠪᠬᠤ ᠠᠷᠭ᠎ᠠ ᠬᠡᠯᠪᠡᠷᠢ ᠪᠠᠷ᠂ ᠳᠥᠭᠦᠮ  ᠪᠦᠳᠦᠭᠦᠯᠢᠭ ᠣᠷᠣᠨ ᠰᠠᠭᠤᠴᠠ ᠶᠢ ᠥᠭᠡᠷᠡᠴᠢᠯᠡᠨ ᠰᠠᠶᠢᠵᠢᠷᠠᠭᠤᠯᠬᠤ ᠠᠯᠬᠤᠴᠠ ᠪᠠᠨ ᠲᠥᠷᠭᠡᠳᠭᠡᠪᠡ᠃ ᠨᠡᠶᠢᠭᠡᠮ ᠤᠨ ᠨᠡᠩ ᠤᠯᠠᠨ ᠬᠦᠴᠦᠨ ᠴᠢᠳᠠᠯ ᠢ ᠳᠥᠭᠦᠮ ᠪᠦᠳᠦᠭᠦᠯᠢᠭ ᠣᠷᠣᠨ ᠰᠠᠭᠤᠴᠠ ᠶᠢ ᠥᠭᠡᠷᠡᠴᠢᠯᠡᠨ ᠰᠠᠶᠢᠵᠢᠷᠠᠭᠤᠯᠬᠤ ᠢᠨᠵᠧᠨᠧᠷᠢᠩ ᠲᠤ ᠣᠷᠣᠯᠴᠠᠭᠤᠯᠬᠤ ᠶᠢ ᠳᠠᠶᠢᠴᠢᠯᠠᠬᠤ ᠶᠢᠨ ᠲᠥᠯᠥᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠵᠠᠬ᠎ᠠ ᠳᠡᠯᠭᠡᠭᠦᠷ ᠤᠨ ᠲᠣᠭᠲᠠᠴᠠ ᠶᠣᠰᠣᠭᠠᠷ᠂ ᠣᠷᠣᠨ ᠨᠤᠲᠤᠭ ᠤᠨ ᠵᠠᠰᠠᠭ ᠤᠨ ᠣᠷᠳᠣᠨ ᠠᠴᠠ ᠡᠭᠦᠷᠭᠡᠯᠡᠪᠡᠰᠦ ᠵᠣᠬᠢᠬᠤ ᠰᠠᠭᠤᠭᠠᠯᠢ ᠠᠷᠠᠳ ᠤᠨ ᠳᠥᠭᠦᠮ ᠪᠦᠳᠦᠭᠦᠯᠢᠭ ᠣᠷᠣᠨ ᠰᠠᠭᠤᠴᠠ ᠶᠢ ᠥᠭᠡᠷᠡᠴᠢᠯᠡᠬᠦ ᠬᠦᠰᠡᠯ ᠰᠠᠨᠠᠭᠠᠨ ᠤ ᠪᠠᠶᠢᠴᠠᠭᠠᠯᠲᠠ᠂ ᠳᠥᠭᠦᠮ ᠪᠦᠳᠦᠭᠦᠯᠢᠭ ᠣᠷᠣᠨ ᠰᠠᠭᠤᠴᠠ ᠶᠢ ᠥᠭᠡᠷᠡᠴᠢᠯᠡᠬᠦ ᠲᠥᠷᠥᠯ ᠵᠦᠢᠯ ᠤᠨ ᠪᠣᠯᠤᠮᠵᠢᠲᠤ ᠨᠤᠲᠠᠯᠠᠯᠲᠠ ᠬᠢᠭᠡᠳ ᠬᠢᠨᠠᠨ ᠲᠣᠭᠲᠠᠭᠠᠬᠤ᠂ ᠭᠠᠵᠠᠷ ᠰᠢᠷᠣᠶ ᠲᠠᠲᠠᠪᠤᠷᠢᠯᠠᠬᠤ ᠪᠠ ᠨᠤᠷᠠᠭᠠᠵᠤ ᠨᠡᠭᠦᠯᠭᠡᠬᠦ᠂ ᠲᠥᠪᠬᠢᠨᠡᠭᠦᠯᠬᠦ ᠣᠷᠣᠨ ᠰᠠᠭᠤᠴᠠ ᠶᠢ ᠪᠦᠳᠦᠭᠡᠨ ᠪᠠᠶᠢᠭᠤᠯᠬᠤ ᠪᠤᠶᠤ ᠴᠤᠭᠯᠠᠭᠤᠯᠬᠤ᠂  ᠵᠣᠭᠤᠰ ᠥᠭᠴᠦ ᠲᠥᠪᠬᠢᠨᠡᠭᠦᠯᠬᠦ᠂ ᠳᠥᠭᠦᠮ ᠪᠦᠳᠦᠭᠦᠯᠢᠭ ᠣᠷᠣᠨ ᠰᠠᠭᠤᠴᠠ ᠶᠢ ᠥᠭᠡᠷᠡᠴᠢᠯᠡᠨ ᠰᠠᠶᠢᠵᠢᠷᠠᠭᠤᠯᠬᠤ ᠲᠦᠷᠦᠯ ᠵᠦᠢᠯ ᠤᠨ ᠢᠵᠢ ᠪᠦᠷᠢᠳᠦᠭᠦᠯᠦᠭᠰᠡᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠰᠠᠭᠤᠷᠢ  ᠪᠡᠯᠡᠳᠬᠡᠮᠵᠢ ᠶᠢᠨ ᠪᠦᠳᠦᠭᠡᠨ ᠪᠠᠶᠢᠭᠤᠯᠤᠯᠲᠠ ᠵᠡᠷᠭᠡ ᠠᠵᠢᠯ ᠢ ᠨᠥᠬᠦᠴᠡᠯ ᠳᠤ ᠨᠡᠶᠢᠴᠡᠭᠰᠡᠨ ᠨᠡᠶᠢᠭᠡᠮ ᠤᠨ ᠬᠦᠴᠦᠨ ᠳᠤ ᠥᠭᠴᠦ ᠡᠭᠦᠷᠭᠡᠯᠡᠵᠦ ᠪᠤᠢ᠃ ᠣᠷᠣᠨ ᠨᠤᠲᠤᠭ ᠤᠨ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠳᠥᠭᠦᠮ ᠪᠦᠳᠦᠭᠦᠯᠢᠭ ᠣᠷᠣᠨ ᠰᠠᠭᠤᠴᠠ ᠶᠢ ᠥᠭᠡᠷᠡᠴᠢᠯᠡᠨ ᠰᠠᠶᠢᠵᠢᠷᠠᠭᠤᠯᠬᠤ ᠦᠢᠯᠡᠴᠢᠯᠡᠭᠡ ᠶᠢ ᠳᠠᠭᠠᠭᠠᠴᠢᠯᠠᠨ ᠠᠪᠤᠭᠰᠠᠨ ᠪᠡᠶᠡᠴᠢ ᠴᠣᠭᠴᠠ ᠶᠢᠨ ᠵᠠᠷᠤᠳᠠᠯ ᠢ ᠳᠥᠭᠦᠮ ᠪᠦᠳᠦᠭᠦᠯᠢᠭ ᠣᠷᠣᠨ ᠰᠠᠭᠤᠴᠠ ᠶᠢ ᠥᠭᠡᠷᠡᠴᠢᠯᠡᠨ ᠰᠠᠶᠢᠵᠢᠷᠠᠭᠤᠯᠬᠤ ᠦᠢᠯᠡᠴᠢᠯᠡᠭᠡ ᠶᠢ ᠬᠤᠳᠠᠯᠳᠤᠨ ᠠᠪᠬᠤ ᠵᠠᠰᠠᠭ ᠤᠨ ᠣᠷᠳᠣᠨ ᠤ ᠪᠡᠶᠡᠴᠢ ᠴᠣᠭᠴᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠲᠥᠯᠥᠨ᠎ᠡ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠲᠣᠭᠲᠠᠭᠠᠭᠰᠠᠨ ᠳᠥᠭᠦᠮ ᠪᠦᠳᠦᠭᠦᠯᠢᠭ ᠣᠷᠣᠨ ᠰᠠᠭᠤᠴᠠ ᠶᠢ ᠥᠭᠡᠷᠡᠴᠢᠯᠡᠨ ᠰᠠᠶᠢᠵᠢᠷᠠᠭᠤᠯᠬᠤ ᠦᠢᠯᠡᠴᠢᠯᠡᠭᠡ ᠬᠤᠳᠠᠯᠳᠤᠨ ᠠᠪᠬᠤ ᠬᠠᠮᠢᠶᠠᠷᠤᠯᠲᠠ ᠶᠢᠨ ᠲᠥᠰᠦᠯ ᠢ ᠦᠨᠳᠦᠰᠦᠯᠡᠪᠡᠯ᠂ ᠦᠢᠯᠡᠴᠢᠯᠡᠭᠡ ᠳᠠᠭᠠᠭᠠᠴᠢᠯᠠᠨ ᠠᠪᠤᠭᠰᠠᠨ ᠪᠡᠶᠡᠴᠢ ᠴᠣᠭᠴᠠ ᠨᠢ ᠡᠷᠬᠡᠪᠰᠢ ᠬᠠᠤᠯᠢ ᠶᠣᠰᠣᠭᠠᠷ ᠲᠡᠩᠰᠡᠯᠡᠠ ᠪᠠᠶᠢᠭᠤᠯᠤᠭᠰᠠᠨ᠂ ᠳᠥᠭᠦᠮ ᠪᠦᠳᠦᠭᠦᠯᠢᠭ ᠣᠷᠣᠨ ᠰᠠᠭᠤᠴᠠ ᠶᠢ ᠥᠭᠡᠷᠡᠴᠢᠯᠡᠨ ᠰᠠᠶᠢᠵᠢᠷᠠᠭᠤᠯᠬᠤ ᠦᠢᠯᠡᠴᠢᠯᠡᠭᠡ ᠬᠠᠩᠭᠠᠬᠤ ᠵᠣᠬᠢᠴᠠᠩᠭᠤᠶ ᠴᠢᠳᠠᠪᠤᠷᠢ ᠲᠠᠢ ᠠᠵᠤ ᠠᠬᠤᠶᠢᠯᠠᠯ ᠵᠢᠴᠢ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠠᠪᠴᠤ ᠪᠡᠯᠡ ᠲᠣᠬᠢᠷᠠᠭᠤᠯᠬᠤ ᠡᠭᠦᠷᠭᠡ ᠴᠢᠳᠠᠪᠤᠷᠢ ᠶᠢ ᠡᠭᠦᠷᠭᠡᠯᠡᠬᠦ ᠦᠭᠡᠢ ᠭᠡᠳᠡᠭ ᠢᠶᠠᠨ ᠲᠣᠲᠣᠷᠬᠠᠢ ᠵᠠᠷᠯᠠᠭᠰᠠᠨ ᠪᠥᠭᠡᠳ ᠨᠢᠭᠡᠨᠲᠡ ᠤᠳᠤ ᠦᠶ᠎ᠡ ᠶᠢᠨ ᠠᠵᠤ ᠠᠬᠤᠶᠢᠯᠠᠯ ᠤᠨ ᠲᠦᠷᠢᠮ᠂ ᠵᠠᠬ᠎ᠠ ᠳᠡᠯᠭᠡᠭᠦᠷᠴᠢᠯᠡᠭᠰᠡᠨ ᠡᠵᠡᠩᠨᠡᠯᠲᠡ ᠶᠢ ᠪᠡᠶᠡᠯᠡᠭᠦᠯᠦᠭᠰᠡᠨ ᠡᠯ᠎ᠡ ᠱᠠᠲᠤᠨ ᠤ ᠵᠠᠰᠠᠭ ᠤᠨ ᠣᠷᠳᠣᠨ ᠤ ᠪᠡᠯᠡ ᠲᠣᠬᠢᠷᠠᠭᠤᠯᠬᠤ ᠲᠠᠪᠴᠠᠩ ᠢ ᠪᠠᠶᠢᠭᠤᠯᠤᠭᠰᠠᠨ ᠪᠠᠶᠢᠬᠤ ᠬᠡᠷᠡᠭᠲᠡᠢ᠃ ᠳᠠᠭᠠᠭᠠᠴᠢᠯᠠᠨ ᠠᠪᠬᠤ ᠪᠡᠶᠡᠴᠢ ᠴᠣᠭᠴᠠ ᠶᠢᠨ ᠬᠠᠩᠭᠠᠭᠰᠠᠨ ᠦᠢᠯᠡᠴᠢᠯᠡᠭᠡ ᠳᠤ ᠣᠷᠣᠨ ᠨᠤᠲᠤᠭ ᠤᠨ ᠡᠳ᠋ ᠤᠨ ᠵᠠᠰᠠᠭ ᠤᠨ ᠰᠠᠯᠠᠭ᠎ᠠ ᠮᠥᠴᠢᠷ᠂ ᠦᠢᠯᠡᠴᠢᠯᠡᠭᠡ ᠬᠤᠳᠠᠯᠳᠤᠨ ᠠᠪᠬᠤ ᠪᠡᠶᠡᠴᠢ ᠴᠣᠭᠴᠠ ᠶᠢᠨ ᠰᠠᠯᠠᠭ᠎ᠠ ᠮᠥᠴᠢᠷ ᠠᠴᠠ ᠪᠦᠬᠦ ᠶᠠᠪᠤᠴᠠ ᠶᠢ ᠬᠢᠨᠠᠵᠤ ᠬᠠᠮᠢᠶᠠᠷᠬᠤ ᠶᠢᠨ ᠬᠠᠮᠲᠤ ᠠᠮᠵᠢᠯᠲᠠ  ᠪᠦᠲᠦᠭᠡᠯ ᠢ ᠨᠢ ᠰᠢᠯᠭᠠᠨ ᠦᠨᠡᠯᠡᠵᠦ᠂ ᠠᠵᠢᠯ ᠤᠨ ᠢᠯᠡ ᠲᠣᠳᠣ ᠶᠢᠨ ᠬᠡᠮᠵᠢᠶ᠎ᠡ ᠪᠣᠯᠤᠨ ᠦᠢᠯᠡᠴᠢᠯᠡᠭᠡᠨ ᠤ ᠶᠠᠰᠤ ᠴᠢᠨᠠᠷ ᠢ ᠪᠠᠲᠤᠯᠠᠵᠤ᠂ ᠪᠡᠯᠡ ᠮᠥᠩᠭᠦ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠬᠤᠳᠠ ᠬᠥᠳᠡᠭᠡ ᠶᠢᠨ ᠪᠥᠳᠥᠭᠡᠨ ᠪᠠᠶᠢᠭᠤᠯᠤᠯᠲᠠ ᠶᠢᠨ ᠲᠢᠩᠬᠢᠮ ᠤᠨ ᠳᠠᠷᠤᠭ᠎ᠠ ᠴᠢᠨ ᠢ ᠬᠡᠯᠡᠭᠰᠡᠨ ᠨᠢ᠂ ︽13· 5︾᠎ ᠶᠢᠨ ᠬᠤᠭᠤᠴᠠᠭᠠᠨ ᠳᠤ᠂ ᠥᠪᠥᠷ ᠮᠣᠩᠭᠤᠯ ᠳᠥᠭᠦᠮ ᠪᠦᠳᠦᠭᠦᠯᠢᠭ ᠣᠷᠣᠨ ᠰᠠᠭᠤᠴᠠᠳᠤ ᠲᠣᠭᠤᠷᠢᠭ ᠢ ᠥᠭᠡᠷᠡᠴᠢᠯᠡᠨ ᠰᠠᠶᠢᠵᠢᠷᠠᠭᠤᠯᠬᠤ ᠢᠨᠵᠧᠨᠧᠷᠢᠩ ᠵᠡᠷᠭᠡ ᠡᠯ᠎ᠡ ᠲᠦᠷᠣᠯ ᠤᠨ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠪᠦᠳᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠂ ᠡᠭᠦᠨ ᠳᠤ 2016 ᠣᠨ ᠳᠤ ᠪᠦᠬᠦ ᠣᠷᠣᠨ 22.1 ᠲᠦᠮᠡᠨ ᠡᠷᠦᠬᠡ ᠳᠥᠭᠦᠮ ᠪᠦᠳᠦᠭᠦᠯᠢᠭ ᠣᠷᠣᠨ ᠰᠠᠭᠤᠴᠠᠳᠤ ᠲᠣᠭᠤᠷᠢᠭ ᠢ ᠵᠠᠰᠠᠨ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠦᠨ᠎ᠡ᠃ ᠨᠡᠶᠢᠭᠡᠮ ᠠᠴᠠ ᠳᠥᠭᠦᠮ ᠪᠦᠳᠦᠭᠦᠯᠢᠭ ᠣᠷᠣᠨ ᠰᠠᠭᠤᠴᠠᠳᠤ ᠲᠣᠭᠤᠷᠢᠭ ᠤᠨ ᠦᠢᠯᠡᠴᠢᠯᠡᠭᠡ ᠶᠢ ᠬᠤᠳᠠᠯᠳᠤᠨ ᠠᠪᠬᠤ ᠨᠢ᠂ ᠣᠷᠣᠨ ᠨᠤᠲᠤᠭ ᠤᠨ ᠵᠠᠰᠠᠭ ᠤᠨ ᠣᠷᠳᠣᠨ ᠤ ᠡᠭᠦᠷᠭᠡ ᠬᠠᠷᠢᠭᠤᠴᠠᠯᠭ᠎ᠠ ᠶᠢ ᠬᠤᠪᠢᠷᠠᠭᠤᠯᠬᠤ᠂ ᠳᠥᠭᠦᠮ ᠪᠦᠳᠦᠭᠦᠯᠢᠭ ᠣᠷᠣᠨ ᠰᠠᠭᠤᠴᠠ ᠶᠢ ᠥᠭᠡᠷᠡᠴᠢᠯᠡᠬᠦ ᠠᠵᠢᠯ ᠢ ᠲᠦᠷᠭᠡᠳᠬᠡᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ ᠭᠡᠪᠡ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号