2016 ᠣᠨ ᠤ ᠡᠩ ᠤᠨ ᠶᠡᠭᠡ ᠳᠡᠭᠡᠳᠦ ᠰᠤᠷᠭᠠᠭᠤᠯᠢ ᠨᠤᠭᠤᠳ ᠤᠨ ᠰᠤᠷᠤᠭᠴᠢ ᠡᠯᠰᠡᠬᠦ ᠪᠦᠬᠦ ᠤᠯᠤᠰ ᠤᠨ ᠨᠢᠭᠡᠳᠦᠯᠲᠡᠶ ᠰᠢᠯᠭᠠᠯᠲᠠ 6 ᠳ᠋ᠤᠭᠠᠷ ᠰᠠᠷ᠎ᠠ ᠶᠢᠨ 7᠎ ᠤ ᠡᠳᠦᠷ ᠠᠴᠠ ᠡᠬᠢᠯᠡᠨ᠎ᠡ
ᠨᠡᠶᠢᠲᠡᠯᠡᠭᠰᠡᠨ ᠴᠠᠭ᠄
2016/5/9
      ᠡᠩ ᠤᠨ ᠶᠡᠭᠡ ᠳᠡᠭᠡᠳᠦ ᠰᠤᠷᠭᠠᠭᠤᠯᠢ ᠨᠤᠭᠤᠳ ᠤᠨ ᠰᠤᠷᠤᠭᠴᠢ ᠡᠯᠰᠡᠬᠦ ᠪᠦᠬᠦ ᠤᠯᠤᠰ ᠤᠨ ᠨᠢᠭᠡᠳᠦᠯᠲᠡᠶ ᠰᠢᠯᠭᠠᠯᠲᠠ ︵ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠬᠠᠷᠠᠭᠠᠯᠵᠠᠭᠰᠠᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠲᠡᠭᠦᠰᠦᠭᠰᠡᠳ ᠲᠤᠰᠠᠭᠠᠷ ᠰᠢᠯᠭᠠᠨ᠎ᠠ︶᠎ 6 ᠳ᠋ᠤᠭᠠᠷ ᠰᠠᠷ᠎ᠠ ᠶᠢᠨ 7᠎ ᠤ ᠡᠳᠦᠷ ᠎ ᠠᠴᠠ ᠡᠬᠢᠯᠡᠵᠦ᠂ 6 ᠳ᠋ᠤᠭᠠᠷ ᠰᠠᠷ᠎ᠠ ᠶᠢᠨ 9᠎ ᠤ ᠡᠳᠦᠷ ᠳᠠᠭᠤᠰᠤᠨ᠎ᠠ᠃ ᠡᠯ᠎ᠡ ᠬᠢᠴᠢᠶᠡᠯ ᠲᠥᠷᠥᠯ ᠤᠨ ᠰᠢᠯᠭᠠᠬᠤ ᠴᠠᠭ ᠢ ᠳᠣᠣᠷᠠᠬᠢ ᠮᠡᠲᠦ ᠲᠣᠬᠢᠷᠠᠭᠤᠯᠪᠠ᠄ 6 ᠳ᠋ᠤᠭᠠᠷ ᠰᠠᠷ᠎ᠠ ᠶᠢᠨ 7᠎ ᠤ ᠡᠳᠦᠷ ᠤᠨ ᠦᠳᠡ ᠶᠢᠨ ᠡᠮᠦᠨ᠎ᠡ 9᠄ 00 —11᠄ 30᠂ ᠬᠡᠯᠡ ᠪᠢᠴᠢᠭ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠬᠡᠯᠡ ᠪᠢᠴᠢᠭ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠮᠣᠩᠭᠤᠯ ᠬᠡᠯᠡ ᠪᠢᠴᠢᠭ᠂ ᠮᠣᠩᠭᠤᠯ ᠬᠡᠯᠡ ᠪᠢᠴᠢᠭ ᠤᠨ ᠬᠥᠬᠡ ᠳᠡᠰ᠂ ᠰᠣᠯᠣᠩᠭᠤᠰ ᠬᠡᠯᠡ ᠪᠢᠴᠢᠭ ᠤᠨ ᠰᠢᠯᠭᠠᠯᠲᠠ︔ ᠦᠳᠡ ᠶᠢᠨ ᠬᠤᠶᠢᠨᠠᠬᠢ 15᠄ 00 — 17 : 00 ᠲᠣᠭᠠᠨ ᠤ ᠤᠬᠠᠭᠠᠨ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠲᠣᠭᠠᠨ ᠤ ᠤᠬᠠᠭᠠᠨ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠲᠣᠭᠠᠨ ᠤ ᠤᠬᠠᠭᠠᠨ ︵ᠮᠣᠩᠭᠤᠯ︶  ᠃ 6 ᠳ᠋ᠤᠭᠠᠷ ᠰᠠᠷ᠎ᠠ ᠶᠢᠨ 8᠎ ᠤ ᠡᠳᠦᠷ ᠤᠨ ᠦᠳᠡ ᠶᠢᠨ ᠡᠮᠦᠨ᠎ᠡ 9᠄ 00 — 11᠄ 30᠂ ᠨᠡᠶᠢᠭᠡᠮ ᠤᠨ ᠰᠢᠨᠵᠢᠯᠡᠬᠦ ᠤᠬᠠᠭᠠᠨ ᠤ ᠶᠡᠷᠦᠩᠬᠡᠶ ᠰᠢᠯᠭᠠᠯᠲᠠ᠂ ᠪᠠᠶᠢᠭᠠᠯᠢ ᠶᠢᠨ ᠰᠢᠨᠵᠢᠯᠡᠬᠦ ᠤᠬᠠᠭᠠᠨ ᠤ ᠶᠡᠷᠦᠩᠬᠡᠶ ᠰᠢᠯᠭᠠᠯᠲᠠ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠲᠤᠰᠬᠠᠶ ᠮᠡᠷᠭᠡᠵᠢᠯ ᠤᠨ ᠬᠢᠴᠢᠶᠡᠯ ᠤᠨ ᠶᠡᠷᠦᠩᠬᠡᠶ ᠰᠢᠯᠭᠠᠯᠲᠠ︔ ᠦᠳᠡ ᠶᠢᠨ ᠬᠤᠶᠢᠨᠠᠬᠢ 15᠄ 00 —17 : 00᠂ ᠭᠠᠳᠠᠭᠠᠳᠤ ᠬᠡᠯᠡ ︵ᠰᠣᠨᠣᠰᠬᠤ ᠴᠢᠳᠠᠪᠤᠷᠢ︶᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠠᠩᠭ᠍ᠯᠢ ᠬᠡᠯᠡ ︵ᠰᠣᠨᠣᠰᠬᠤ ᠴᠢᠳᠠᠪᠤᠷᠢ ᠶᠢ ᠪᠠᠭᠲᠠᠭᠠᠬᠤ ᠦᠬᠡᠢ︶  ᠃ 6 ᠳ᠋ᠤᠭᠠᠷ ᠰᠠᠷ᠎ᠠ ᠶᠢᠨ 9᠎ ᠤ ᠡᠳᠦᠷ ᠤᠨ ᠦᠳᠡ ᠶᠢᠨ ᠡᠮᠦᠨ᠎ᠡ 9᠄ 00 —11᠄ 30 ᠮᠣᠩᠭᠤᠯ ᠬᠡᠯᠡ ᠪᠢᠴᠢᠭ ᠤᠨ ᠬᠥᠬᠡᠭᠴᠢᠨ ᠳᠡᠰ ᠤᠨ ᠰᠢᠯᠭᠠᠯᠲᠠ᠃ ᠡᠭᠦᠨ ᠳᠤ᠂ ᠭᠠᠳᠠᠭᠠᠳᠤ ᠬᠡᠯᠡ ︵ᠰᠣᠨᠣᠰᠬᠤ ᠴᠢᠳᠠᠪᠤᠷᠢ︶᠎ ᠶᠢᠨ ᠬᠢᠴᠢᠶᠡᠯ ᠲᠥᠷᠥᠯ ᠢ ᠤᠷᠢᠳᠠᠪᠠᠷ ᠪᠢᠴᠢᠭ ᠤᠨ ᠰᠢᠯᠭᠠᠯᠲᠠ ᠬᠢᠵᠦ᠂ ᠳᠠᠷᠠᠭ᠎ᠠ ᠎ ᠨᠢ ᠰᠣᠨᠣᠰᠬᠤ ᠴᠢᠳᠠᠪᠤᠷᠢ ᠶᠢᠨ ᠰᠢᠯᠭᠠᠯᠲᠠ ᠬᠢᠨ᠎ᠡ︔ ᠪᠢᠴᠢᠭ ᠤᠨ ᠰᠢᠯᠭᠠᠯᠲᠠ ᠶᠢᠨ ᠴᠠᠭ ᠨᠢ 100 ᠮᠢᠨᠦ᠋ᠲ᠂ ᠰᠣᠨᠣᠰᠬᠤ ᠴᠢᠳᠠᠪᠤᠷᠢ ᠶᠢᠨ ᠴᠠᠭ ᠨᠢ ᠪᠠᠷᠤᠭ 20 ᠮᠢᠨᠦ᠋ᠲ᠃ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠬᠠᠷᠠᠭᠠᠯᠵᠠᠭᠰᠠᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠲᠡᠭᠦᠰᠦᠭᠰᠡᠳ ᠤᠨ ᠲᠤᠰᠠᠭᠠᠷ ᠰᠢᠯᠭᠠᠯᠲᠠ ᠶᠢᠨ ᠲᠠᠮᠢᠷ ᠤᠨ ᠲᠤᠰᠬᠠᠶ ᠮᠡᠷᠭᠡᠵᠢᠯ ᠤᠨ ᠬᠢᠴᠢᠶᠡᠯ ᠤᠨ ᠶᠡᠷᠦᠩᠬᠡᠶᠢᠯᠡᠭᠰᠡᠨ ᠰᠢᠯᠭᠠᠯᠲᠠ ᠶᠢᠨ ᠴᠠᠭ ᠨᠢ 6 ᠳ᠋ᠤᠭᠠᠷ ᠰᠠᠷ᠎ᠠ ᠶᠢᠨ 11᠎ ᠤ ᠡᠳᠦᠷ ᠪᠣᠯᠣᠨ᠎ᠠ᠂ ᠰᠢᠯᠭᠠᠬᠤ ᠭᠠᠵᠠᠷ ᠨᠢ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠰᠢᠯᠭᠠᠭᠤᠯᠤᠭᠴᠢᠳ 6 ᠳ᠋ᠤᠭᠠᠷ ᠰᠠᠷ᠎ᠠ ᠶᠢᠨ 10᠎ ᠤ ᠡᠳᠦᠷ ᠪᠣᠯᠲᠠᠯ᠎ᠠ ᠰᠢᠯᠭᠠᠬᠤ ᠭᠠᠵᠠᠷ ᠲᠤ ᠣᠴᠢᠵᠤ ᠨᠡᠷ᠎ᠡ ᠪᠠᠨ ᠮᠡᠳᠡᠭᠦᠯᠬᠦ ᠬᠡᠷᠡᠭᠲᠡᠶ᠃ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠰᠤᠷᠤᠭᠴᠢ ᠡᠯᠰᠡᠬᠦ ᠭᠠᠳᠠᠭᠠᠳᠤ ᠬᠡᠯᠡᠨ ᠤ ᠶᠠᠷᠢᠶᠠᠨ ᠤ ᠬᠡᠯᠡᠨ ᠤ ᠰᠢᠯᠭᠠᠯᠲᠠ ᠶᠢ 6 ᠳ᠋ᠤᠭᠠᠷ ᠰᠠᠷ᠎ᠠ ᠶᠢᠨ 9᠎ ᠤ ᠡᠳᠦᠷ ᠤᠨ 8᠄ 00᠎ ᠠᠴᠠ ᠡᠬᠢᠯᠡᠵᠦ 6 ᠳ᠋ᠤᠭᠠᠷ ᠰᠠᠷ᠎ᠠ ᠶᠢᠨ 14᠎ ᠤ ᠡᠳᠦᠷ ᠤᠨ 18᠄ 00 ᠴᠠᠭ ᠠᠴᠠ ᠡᠮᠦᠨ᠎ᠡ ᠳᠠᠭᠤᠰᠣᠨ᠎ᠠ᠂ ᠰᠢᠯᠭᠠᠯᠲᠠ ᠶᠢᠨ ᠭᠠᠵᠠᠷ ᠵᠢᠴᠢ ᠪᠣᠳᠠᠲᠠᠶ ᠴᠠᠭ ᠢ ᠬᠤᠰᠢᠭᠤ ᠰᠢᠶᠠᠨ ᠲᠣᠭᠤᠷᠢᠭ ᠎ ᠤᠨ ᠰᠤᠷᠤᠭᠴᠢ ᠡᠯᠰᠡᠬᠦ ᠠᠯᠪᠠᠨ ᠭᠡᠷ ᠠᠴᠠ ᠲᠣᠭᠲᠠᠭᠠᠭᠠᠳ ᠰᠢᠯᠭᠠᠭᠤᠯᠤᠭᠴᠢ ᠶᠢᠨ ᠲᠤᠰ ᠬᠥᠮᠦᠨ ᠳᠤ ᠨᠢ ᠮᠡᠳᠡᠭᠳᠡᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号