ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠶᠢᠮᠠᠭ ᠬᠤᠳᠠ᠂ ᠠᠵᠤ ᠠᠬᠤᠶᠢᠯᠠᠯ ᠤᠨ ᠵᠠᠬᠢᠳᠠᠯ ᠰᠤᠷᠪᠤᠯᠵᠢᠯᠠᠯ ᠤᠨ ᠠᠵᠢᠯ ᠢ ᠰᠢᠯᠭᠠᠨ ᠦᠨᠡᠯᠡᠬᠦ ᠠᠷᠭ᠎ᠠ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2016/5/9
     ᠲᠥᠪ ᠪᠠ ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠤᠷᠪᠤᠯᠵᠢᠯᠠᠯ ᠤᠨ ᠠᠵᠢᠯ ᠤᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠳᠦᠷᠢᠮ ᠤᠨ ᠥᠭᠡᠷᠡᠴᠢᠯᠡᠯᠲᠡ ᠶᠢ ᠲᠡᠰᠦᠷᠡᠯᠳᠠ ᠤᠢᠭᠡᠢ ᠲᠦᠯᠬᠢᠠ ᠠᠬᠢᠭᠤᠯᠵᠤ᠂ ᠤᠷᠤᠨᠴᠢᠯᠠᠭᠰᠠᠨ ᠬᠠᠷᠢᠭᠤᠴᠠᠯᠭ᠎ᠠ ᠶᠢ ᠪᠠᠲᠤᠵᠢᠭᠤᠯᠵᠤ᠂ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠬᠠᠤᠯᠢ ᠶᠣᠰᠣᠭᠠᠷ᠂ ᠴᠠᠭ ᠲᠤᠬᠠᠶ ᠳᠤᠨᠢ᠂ ᠲᠤᠬᠠᠶ ᠶᠢᠨ ᠭᠠᠵᠠᠷ ᠲᠤᠨᠢ ᠰᠢᠢᠳᠪᠦᠷᠢᠯᠡᠬᠦ ᠶᠢ ᠬᠦᠴᠦᠯᠡᠨ ᠠᠬᠢᠭᠤᠯᠬᠤ ᠶᠢᠨ ᠲᠦᠯᠦᠭᠡ᠂ ᠣᠶᠢᠷ᠎ᠠ ᠳᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ᠂ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠳᠡᠳ᠋ ᠱᠦᠵᠢ᠂ ᠵᠠᠬᠢᠳᠠᠯ ᠰᠤᠷᠪᠤᠯᠵᠢᠯᠠᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠦ᠋ ᠭᠦᠸᠧ ᠷᠦᠢ ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠶᠢᠨ 2016 ᠣᠨ ᠤ11 ᠳ᠋ᠦ᠋ᠭᠡᠷ ᠤᠳᠠᠭᠠᠨ ᠤ ᠲᠣᠪᠴᠢᠶᠠᠨ ᠳᠠᠷᠤᠭ᠎ᠠ ᠶᠢᠨ ᠠᠯᠪᠠᠨ ᠬᠤᠷᠠᠯ ᠢ ᠡᠷᠬᠢᠯᠡᠨ ᠬᠤᠷᠠᠯᠳᠤᠭᠤᠯᠵᠤ᠂ ︽2016 ᠣᠨ ᠤ ᠠᠶᠢᠮᠠᠭ ᠬᠤᠳᠠ ᠶᠢᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠷᠠᠯᠲᠠᠲᠤ ᠬᠠᠮᠢᠶᠠᠷᠤᠯᠲᠠ ᠶᠢᠨ ᠬᠢᠨᠠᠨ ᠦᠨᠡᠯᠡᠬᠦ ᠠᠷᠭ᠎ᠠ︾ ᠪᠠ ︽2016 ᠣᠨ ᠤ ᠠᠵᠤ ᠠᠬᠤᠶᠢᠯᠠᠯ ᠤᠨ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠷᠠᠯᠲᠠᠲᠤ ᠬᠠᠮᠢᠶᠠᠷᠤᠯᠲᠠ ᠶᠢᠨ ᠰᠢᠯᠭᠠᠨ ᠦᠨᠡᠯᠡᠬᠦ ᠠᠷᠭ᠎ᠠ︾ ︵ᠳᠣᠷᠣᠭᠰᠢ ︽ᠰᠢᠯᠭᠠᠨ ᠦᠨᠡᠯᠡᠬᠦ ᠠᠷᠭ᠎ᠠ︾ ᠭᠡᠵᠦ ᠲᠣᠪᠴᠢᠯᠠᠨ᠎ᠠ︶᠎ ᠶᠢ ᠶᠠᠷᠢᠯᠴᠠᠨ ᠪᠠᠲᠤᠯᠠᠵᠤ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠲᠤᠬᠠᠶ ᠲᠥᠪ ᠪᠠ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠨᠦᠬᠦᠷ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠴᠢᠬᠤᠯᠠᠴᠢᠯᠠᠵᠤ᠂ ᠰᠢᠯᠭᠠᠨ ᠦᠨᠡᠯᠡᠬᠦ ᠲᠣᠭᠲᠠᠴᠠ ᠶᠢᠨ ᠵᠢᠯᠣᠭᠤᠳᠬᠤ᠂ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠪᠦᠬᠦ ᠣᠷᠣᠨ ᠤ ᠵᠠᠬᠢᠳᠠᠯ ᠰᠤᠷᠪᠤᠯᠵᠢᠯᠠᠯ ᠤᠨ ᠠᠵᠢᠯ ᠰᠢᠨ᠎ᠡ ᠨᠢᠭᠡᠨ ᠳᠡᠭᠲᠡᠷ ᠲᠤ ᠭᠠᠷᠬᠤ ᠶᠢ ᠲᠦᠯᠬᠢᠨ ᠠᠬᠢᠭᠤᠯᠤᠨ᠎ᠠ ᠭᠡᠪᠡ᠃      ︽ᠰᠢᠯᠭᠠᠨ ᠦᠨᠡᠯᠡᠬᠦ ᠠᠷᠭ᠎ᠠ︾᠎ ᠶᠢ ᠨᠡᠶᠢᠲᠡᠯᠡᠨ ᠬᠡᠷᠡᠭᠵᠢᠭᠦᠯᠦᠭᠰᠡᠨ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠲᠥᠪ ᠪᠠ ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠤᠷᠪᠤᠯᠵᠢᠯᠠᠯ ᠤᠨ ᠠᠵᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠵᠣᠷᠢᠭ ᠰᠠᠨᠠᠭ᠎ᠠ ᠶᠢ ᠲᠤᠤᠱᠯᠠᠭᠤᠯᠬᠤ ᠴᠢᠬᠤᠯᠠ ᠢᠯᠡᠷᠡᠯ ᠮᠥᠨ᠂ ᠵᠠᠬᠢᠳᠠᠯ ᠰᠤᠷᠪᠤᠯᠵᠢᠯᠠᠯ ᠤᠨ ᠠᠵᠢᠯ ᠤᠨ  ᠬᠠᠷᠢᠭᠤᠴᠠᠯᠭ᠎ᠠ ᠶᠢ ᠪᠠᠲᠤᠵᠢᠭᠤᠯᠬᠤ ᠴᠢᠬᠤᠯᠠ ᠠᠴᠢᠶᠠᠯᠠᠭᠴᠢ ᠮᠦᠨ᠂ ᠠᠶᠢᠮᠠᠭ ᠬᠤᠲᠠ ᠪᠠ ᠠᠵᠤ ᠠᠬᠤᠶᠢᠯᠠᠯ ᠤᠨ ᠵᠠᠬᠢᠳᠠᠯ ᠰᠤᠷᠪᠤᠯᠵᠢᠯᠠᠯ ᠤᠨ ᠠᠵᠢᠯ ᠢ ᠰᠢᠯᠭᠠᠬᠤ ᠦᠨᠳᠦᠰᠦᠨ ᠵᠢᠷᠤᠮᠯᠠᠯ ᠪᠤᠯᠬᠤ ᠪᠤᠯᠤᠨ᠎ᠠ᠃ ︽ᠰᠢᠯᠭᠠᠨ ᠦᠨᠡᠯᠡᠬᠦ ᠠᠷᠭ᠎ᠠ︾᠎ ᠳᠤ ︿ᠳᠥᠷᠪᠡᠨ ᠶᠡᠭᠡ ᠭᠢᠯᠠᠰ ᠴᠡᠭ﹀᠎ ᠢ ᠢᠯᠡᠷᠡᠭᠦᠯᠦᠭᠰᠡᠨ ᠪᠠᠶᠢᠨ᠎ᠠ᠃      ᠨᠢᠭᠡ ᠳᠤ᠂ ︽ᠲᠦᠷᠪᠡᠨ ᠲᠣᠳᠣᠷᠬᠠᠶ ᠬᠠᠭᠤᠳᠠᠰᠤᠲᠤ ᠲᠦᠷᠪᠡᠨ ᠲᠣᠳᠣᠷᠬᠠᠶᠢᠯᠠᠯᠲᠠ︾᠎ ᠶᠢᠨ ᠲᠤᠭᠲᠠᠴᠠ ᠪᠠᠷ ᠵᠠᠬᠢᠳᠠᠯ ᠰᠤᠷᠪᠤᠯᠵᠢᠯᠠᠯ ᠤᠨ ᠲᠣᠪᠤᠶᠢᠮ᠎ᠠ ᠠᠰᠠᠭᠤᠳᠠᠯ ᠢ ᠨᠠᠮᠳᠠᠭᠤᠯᠤᠨ᠎ᠠ᠃      ᠬᠤᠶᠠᠷ ᠲᠤ᠂ ᠵᠠᠬᠢᠳᠠᠯ ᠰᠤᠷᠪᠤᠯᠵᠢᠯᠠᠯ ᠤᠨ ᠵᠦᠢᠯᠡᠰ ᠤᠨ ︽ᠭᠤᠷᠪᠠᠨ ᠨᠤᠷᠮ᠎ᠠ︾᠎ ᠶᠢᠨ ᠬᠢᠨᠠᠨ ᠰᠢᠯᠭᠠᠯᠲᠠ ᠶᠢ ᠴᠢᠩᠭᠠᠳᠬᠠᠨ᠎ᠠ᠃      ᠭᠤᠷᠪᠠ ᠳᠤ᠂ ᠬᠠᠤᠯᠢ ᠶᠣᠰᠣᠭᠠᠷ ᠱᠠᠲᠤ ᠳᠠᠷᠠᠭᠠᠯᠠᠨ ᠰᠤᠷᠪᠤᠯᠵᠢᠯᠠᠬᠤ ᠶᠢ ᠦᠨᠡᠨ ᠬᠦ ᠪᠠᠲᠤᠯᠠᠨ᠎ᠠ᠃      ᠳᠦᠷᠪᠡ ᠳᠤ᠂ ᠵᠠᠬᠢᠳᠠᠯ ᠰᠤᠷᠪᠤᠯᠵᠢᠯᠠᠯ ᠤᠨ ᠡᠮᠬᠢ ᠲᠢᠭᠯᠢᠮ ᠤᠨ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠨ᠎ᠠ᠃      2016 ᠣᠨ ᠤ ︽ᠰᠢᠯᠭᠠᠨ ᠦᠨᠡᠯᠡᠬᠦ ᠠᠷᠭ᠎ᠠ︾᠎ ᠶᠢ ᠲᠤᠭᠲᠠᠭᠠᠭᠰᠠᠨ ᠨᠢ ︿ᠭᠤᠷᠪᠠᠨ ᠶᠡᠭᠡ ᠠᠴᠢ ᠬᠤᠯᠪᠣᠭᠳᠠᠯ ᠲᠠᠢ ᠶᠤᠮ﹀᠃      ᠨᠢᠭᠡ ᠳᠤ᠂ ᠲᠥᠪ ᠪᠠ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠵᠣᠷᠢᠭ ᠰᠠᠨᠠᠭ᠎ᠠ ᠶᠢ ᠲᠤᠤᠱᠯᠠᠭᠤᠯᠪᠠ᠃      ᠬᠤᠶᠠᠷ ᠲᠤ᠂ ᠵᠠᠬᠢᠳᠠᠯ ᠰᠤᠷᠪᠤᠯᠵᠢᠯᠠᠯ ᠤᠨ ᠳᠦᠷᠢᠮ ᠤᠨ ᠥᠭᠡᠷᠡᠴᠢᠯᠡᠯᠲᠡ ᠶᠢᠨ ᠵᠤᠷᠢᠯᠲᠠ ᠶᠢ ᠭᠦᠢᠴᠡᠳ ᠬᠠᠷᠠᠭᠤᠯᠪᠠ᠃      ᠭᠤᠷᠪᠠ ᠳᠤ᠂ ᠥᠪᠡᠷᠲᠡᠭᠡᠨ ᠵᠠᠰᠠᠬᠤ ᠣᠷᠣᠨ ᠤ ᠰᠤᠷᠪᠤᠯᠵᠢᠯᠠᠯ ᠤᠨ ᠲᠣᠪᠴᠢᠶ᠎ᠠ ᠶᠢᠨ ᠴᠠᠭ ᠦᠶ᠎ᠡ ᠲᠠᠢ ᠵᠡᠷᠭᠡᠪᠡᠷ ᠤᠷᠤᠭᠰᠢᠯᠠᠨ᠂ ᠵᠠᠮ ᠨᠡᠭᠡᠭᠡᠨ ᠰᠢᠨ᠎ᠡ ᠶᠢ ᠡᠭᠦᠳᠬᠦ ᠵᠣᠷᠢᠭ ᠰᠠᠨᠠᠭ᠎ᠠ ᠶᠢ ᠢᠯᠡᠷᠡᠭᠦᠯᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号