ᠡᠨᠡ ᠵᠢᠯ ᠪᠠ ᠢᠷᠡᠬᠦ ᠵᠢᠯ ᠳᠤ ᠮᠠᠨ ᠤ ᠣᠷᠣᠨ ᠠᠵᠢᠯ ᠳᠤ ᠭᠠᠷᠬᠤ 1 ᠨᠢᠰᠬᠡᠯ ᠤᠨ ᠪᠠᠭᠤᠳᠠᠯ ᠢ ᠦᠷᠭᠡᠳᠬᠡᠨ | ᠪᠠᠶᠢᠭᠤᠯᠵᠤ 9 ᠨᠡᠶᠢᠳᠡᠮ ᠬᠡᠷᠡᠭᠯᠡᠬᠦ ᠨᠢᠰᠬᠡᠯ ᠤᠨ ᠪᠠᠭᠤᠳᠠᠯ ᠢ ᠰᠢᠨ᠎ᠡ ᠪᠠᠷ ᠪᠠᠶᠢᠭᠤᠯᠵᠤ᠂ ᠡᠬᠡ ᠤᠯᠤᠰ ᠤᠨ ᠤᠮᠠᠷᠠᠲᠤ | ᠬᠢᠯᠢ ᠶᠢᠨ ᠨᠡᠩ ᠤᠯᠠᠨ ᠠᠭᠠᠷ ᠤᠨ ᠵᠠᠮ ᠨᠡᠭᠡᠭᠡᠵᠦ᠂ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 | ᠵᠢᠯ ᠤᠨ ᠤᠢ ᠳᠤ ᠪᠡᠯᠡᠭ ᠳᠡᠪᠰᠢᠭᠦᠯᠬᠦ ᠪᠤᠯᠤᠨ᠎ᠠ᠃ ᠡᠭᠦᠨ ᠳᠤ ᠦᠭᠡᠷᠡᠴᠢᠯᠡᠵᠦ ᠥᠷᠭᠡᠳᠬᠡᠨ ᠪᠠᠢᠭᠤᠯᠬᠤ ᠨᠢᠭᠡ | ᠲᠦᠷᠦᠯ ᠵᠦᠢᠯ ᠨᠢ ᠠᠯᠠᠱᠠ ᠵᠡᠭᠦᠨ ᠬᠤᠰᠢᠭᠤᠨ ᠤ ᠠᠵᠢᠯ ᠳᠤ ᠭᠠᠷᠬᠤ ᠨᠢᠰᠬᠡᠯ ᠤᠨ ᠪᠠᠭᠤᠳᠠᠯ ᠪᠤᠯᠤᠨ᠎ᠠ᠃ ᠲᠤᠰ | ᠲᠦᠷᠦᠯ ᠵᠦᠢᠯ ᠤᠨ ᠰᠤᠳᠤᠯᠤᠭᠰᠠᠨ ᠮᠡᠳᠡᠭᠦᠯᠦᠯᠲᠡ ᠶᠢ ᠡᠨᠡ ᠵᠢᠯ ᠤᠨ 3 ᠳ᠋ᠤᠭᠠᠷ ᠰᠠᠷ᠎ᠠ ᠶᠢᠨ30 ᠤ ᠡᠳᠦᠷ | ᠴᠤᠬᠤᠯᠠᠪᠤᠷᠢᠯᠠᠵᠤ᠂ 4 ᠳ᠋ᠦ᠋ᠭᠡᠷ ᠰᠠᠷ᠎ᠠ ᠶᠢᠨ 11 ᠤ ᠡᠳᠦᠷ ᠪᠠᠷᠢᠯᠭ᠎ᠠ ᠶᠢᠨ ᠳᠠᠭᠠᠭᠠᠴᠢᠯᠠᠯᠲᠠ ᠵᠠᠷᠯᠠᠬᠤ | ᠳᠠᠭᠠᠭᠠᠴᠢᠯᠠᠯᠲᠠ ᠬᠦᠯᠢᠶᠡᠬᠦ ᠠᠯᠪᠠᠨ ᠵᠠᠷ ᠨᠡᠶᠢᠲᠡᠯᠡᠪᠡ᠃ ᠡᠭᠦᠨ ᠠᠴᠠ ᠭᠠᠳᠠᠨ᠎ᠠ 9 ᠨᠡᠶᠢᠳᠡᠮ ᠬᠡᠷᠡᠭᠯᠡᠬᠦ ᠨᠢᠰᠬᠡᠯ ᠤᠨ | ᠪᠠᠭᠤᠳᠠᠯ ᠤᠨ ᠲᠥᠷᠥᠯ ᠵᠦᠢᠯ ᠢ ᠶᠠᠭ ᠪᠠᠶᠢᠭᠤᠯᠬᠤ ᠪᠠᠷ ᠱᠠᠯᠠᠪᠳᠠᠨ ᠪᠡᠯᠡᠳᠬᠡᠵᠦ ᠪᠠᠶᠢᠨ᠎ᠠ — — ᠠᠷᠤ | ᠬᠤᠷᠴᠢᠨ ᠬᠤᠰᠢᠭᠤᠨ ᠤ ᠨᠡᠶᠢᠳᠡᠮ ᠬᠡᠷᠡᠭᠯᠡᠬᠦ ᠨᠢᠰᠬᠡᠯ ᠤᠨ ᠪᠠᠭᠤᠳᠠᠯ ᠤᠨ ᠲᠦᠷᠦᠯ ᠵᠦᠢᠯ ᠢ 4 ᠳ᠋ᠦ᠋ᠭᠡᠷ ᠰᠠᠷ᠎ᠠ ᠶᠢᠨ | 14 ᠤ ᠡᠳᠦᠷ ᠠᠴᠠ ᠠᠵᠢᠯ ᠢᠶᠠᠨ ᠰᠡᠷᠭᠦᠭᠡᠪᠡ︔ ᠮᠠᠨᠬᠦ᠋ᠢ ᠪᠠᠯᠭᠠᠰᠤ᠂ ᠮᠤᠷᠢᠨᠳᠠᠪᠠᠭ᠎ᠠ ᠳᠠᠭᠤᠷ ᠦᠨᠳᠦᠰᠦᠲᠡᠨ ᠤ | ᠦᠪᠡᠷᠲᠡᠭᠡᠨ ᠵᠠᠰᠠᠬᠤ ᠬᠤᠰᠢᠭᠤ ᠶᠢᠨ 2 ᠨᠡᠶᠢᠳᠡᠮ ᠬᠡᠷᠡᠭᠯᠡᠬᠦ ᠨᠢᠰᠬᠡᠯ ᠤᠨ ᠪᠠᠭᠤᠳᠠᠯ ᠤᠨ ᠲᠥᠷᠥᠯ ᠵᠦᠢᠯ ᠨᠢ | ᠵᠢᠱᠢᠯᠲᠡ ᠪᠠᠷ 5 ᠳ᠋ᠤᠭᠠᠷ ᠰᠠᠷ᠎ᠠ ᠳᠤ ᠠᠵᠢᠯ ᠰᠡᠷᠭᠦᠭᠡᠨ᠎ᠡ︔ ᠬᠠᠭᠤᠴᠢᠨ ᠪᠠᠷᠭᠤ ᠬᠤᠰᠢᠭᠤᠨ ᠤ ᠨᠡᠶᠢᠳᠡᠮ ᠬᠡᠷᠡᠭᠯᠡᠬᠦ | ᠨᠢᠰᠬᠡᠯ ᠤᠨ ᠪᠠᠭᠤᠳᠠᠯ ᠤᠨ ᠰᠤᠳᠤᠯᠤᠭᠰᠠᠨ ᠮᠡᠳᠡᠭᠦᠯᠦᠯᠲᠡ᠂ ᠠᠩᠬ᠎ᠠ ᠠᠯᠬᠤᠮ ᠤᠨ ᠵᠢᠷᠤᠭ ᠲᠥᠯᠥᠪᠯᠡᠭᠡ ᠨᠢ ᠴᠥᠮ | ᠵᠦᠪᠰᠢᠶᠡᠷᠡᠭᠳᠡᠵᠦ᠂ ᠶᠠᠭ ᠪᠠᠷᠢᠯᠭ᠎ᠠ ᠶᠢᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠵᠢᠯ ᠢ ᠵᠣᠬᠢᠶᠠᠨ | ᠪᠠᠶᠢᠭᠤᠯᠤᠨ ᠦᠷᠨᠢᠭᠦᠯᠵᠦ ᠪᠠᠶᠢᠨ᠎ᠠ︔ ᠰᠢᠭᠤᠶᠢᠲᠤ ᠲᠤᠭᠤᠷᠢᠭ ᠤᠨ ᠨᠡᠶᠢᠳᠡᠮ ᠬᠡᠷᠡᠭᠯᠡᠬᠦ ᠨᠢᠰᠬᠡᠯ ᠤᠨ ᠪᠠᠭᠤᠳᠠᠯ ᠤᠨ | ᠯᠠᠪᠯᠠᠨ ᠦᠨᠡᠯᠡᠬᠦ ᠠᠵᠢᠯ ᠢ ᠨᠢᠭᠡᠨᠲᠡ ᠪᠡᠶᠡᠯᠡᠭᠦᠯᠵᠦ᠂ ᠶᠠᠭ ᠲᠦᠷᠦᠯ ᠵᠦᠢᠯ ᠤᠨ ᠬᠢᠨᠠᠨ ᠵᠥᠪᠰᠢᠶᠡᠷᠡᠬᠦ ᠤᠷᠢᠳᠠᠴᠢ | ᠪᠢᠴᠢᠭ ᠮᠠᠲ᠋ᠧᠷᠢᠶᠠᠯ ᠢ ᠭᠦᠢᠴᠡᠳᠬᠡᠵᠦ ᠪᠠᠶᠢᠨ᠎ᠠ︔ ᠤᠳᠤᠭ ᠤᠨ ᠡᠮᠦᠨᠡᠲᠦ ᠬᠤᠰᠢᠭᠤ᠂ ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤᠨ ᠤ 2 ᠨᠡᠶᠢᠳᠡᠮ ᠬᠡᠷᠡᠭᠯᠡᠬᠦ ᠨᠢᠰᠬᠡᠯ ᠤᠨ ᠪᠠᠭᠤᠳᠠᠯ ᠤᠨ ᠰᠤᠳᠤᠯᠤᠭᠰᠠᠨ ᠮᠡᠳᠡᠭᠦᠯᠦᠯᠲᠡ ᠶᠢ | ᠬᠢᠨᠠᠨ ᠵᠥᠪᠰᠢᠶᠡᠷᠡᠬᠦ ᠤᠷᠢᠳᠠᠴᠢ ᠪᠢᠴᠢᠭ ᠮᠠᠲ᠋ᠧᠷᠢᠶᠠᠯ ᠢ ᠶᠠᠭ ᠭᠦᠢᠴᠡᠳᠬᠡᠵᠦ᠂ ᠯᠠᠪᠯᠠᠨ ᠦᠨᠡᠯᠡᠬᠦ ᠠᠵᠢᠯ ᠢ | ᠣᠶᠢᠷ᠎ᠠ ᠶᠢᠨ ᠬᠤᠭᠤᠴᠠᠭᠠᠨ ᠳᠤ ᠥᠷᠨᠢᠭᠦᠯᠬᠦ ᠪᠤᠯᠤᠨ᠎ᠠ︔ ᠴᠢᠩ ᠱᠦᠢ ᠾᠧ ᠰᠢᠶᠠᠨ᠂ ᠯᠢᠶᠠᠩᠴᠧᠩ ᠰᠢᠶᠠᠨ ᠤ | ᠨᠡᠶᠢᠳᠡᠮ ᠬᠡᠷᠡᠭᠯᠡᠬᠦ ᠨᠢᠰᠬᠡᠯ ᠤᠨ ᠪᠠᠭᠤᠳᠠᠯ ᠤᠨ ᠭᠠᠵᠠᠷ ᠢ ᠴᠤᠬᠤᠯᠠᠪᠦᠷᠢᠯᠠᠨ ᠬᠠᠷᠢᠭᠤᠯᠬᠤ ᠪᠠ ᠰᠤᠳᠤᠯᠤᠭᠰᠠᠨ | ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠬᠤ ᠠᠵᠢᠯ ᠢ ᠶᠠᠭ ᠦᠷᠨᠢᠭᠦᠯᠵᠦ ᠪᠠᠶᠢᠨ᠎ᠠ᠃ | ᠡᠨᠡ 10 ᠲᠦᠷᠦᠯ ᠵᠦᠢᠯ ᠳᠤ᠂ ᠠᠯᠠᠱᠠ ᠵᠡᠭᠦᠨ ᠬᠤᠰᠢᠭᠤᠨ ᠤ ᠠᠵᠢᠯ ᠳᠤ ᠭᠠᠷᠬᠤ ᠨᠢᠰᠬᠡᠯ ᠤᠨ | ᠪᠠᠭᠤᠳᠠᠯ ᠤᠨ ᠨᠢᠰᠦᠯᠲᠡ ᠤᠷᠤᠨ ᠢ ᠦᠭᠡᠷᠡᠴᠢᠯᠡᠵᠦ ᠥᠷᠭᠡᠳᠬᠡᠨ ᠪᠠᠶᠢᠭᠤᠯᠬᠤ ᠲᠦᠷᠦᠯ ᠵᠦᠢᠯ ᠪᠠ ᠮᠠᠨᠬᠦ᠋ᠢ | ᠪᠠᠯᠭᠠᠰᠤ᠂ ᠮᠤᠷᠢᠨᠳᠠᠪᠠᠭ᠎ᠠ ᠳᠠᠭᠤᠷ ᠦᠨᠳᠦᠰᠦᠲᠡᠨ ᠤ ᠦᠪᠡᠷᠲᠡᠭᠡᠨ ᠵᠠᠰᠠᠬᠤ ᠬᠤᠰᠢᠭᠤ᠂ ᠠᠷᠤ ᠬᠤᠷᠴᠢᠨ ᠬᠤᠰᠢᠭᠤ᠂ | ᠬᠠᠭᠤᠴᠢᠨ ᠪᠠᠷᠭᠤ ᠬᠤᠰᠢᠭᠤᠨ ᠤ 4 ᠨᠡᠶᠢᠳᠡᠮ ᠬᠡᠷᠡᠭᠯᠡᠬᠦ ᠨᠢᠰᠬᠡᠯ ᠤᠨ ᠪᠠᠭᠤᠳᠠᠯ ᠤᠨ ᠲᠥᠷᠥᠯ ᠵᠦᠢᠯ ᠢ 2016 | ᠣᠨ ᠳᠤ ᠪᠠᠶᠢᠭᠤᠯᠵᠤ ᠳᠠᠭᠤᠰᠬᠠᠬᠤ ᠪᠠᠷ ᠲᠦᠯᠦᠪᠯᠡᠵᠦ ᠪᠠᠶᠢᠨ᠎ᠠ︔ ᠰᠢᠭᠤᠶᠢᠲᠤ ᠲᠣᠭᠤᠷᠢᠭ᠂ ᠤᠳᠤᠭ ᠤᠨ | ᠡᠮᠦᠨᠡᠲᠦ ᠬᠤᠰᠢᠭᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ᠂ ᠴᠢᠩ ᠱᠦᠢ ᠾᠧ ᠰᠢᠶᠠᠨ᠂ ᠯᠢᠶᠠᠩᠴᠧᠩ | ᠰᠢᠶᠠᠨ ᠤ 5 ᠨᠡᠶᠢᠳᠡᠮ ᠬᠡᠷᠡᠭᠯᠡᠬᠦ ᠨᠢᠰᠬᠡᠯ ᠤᠨ ᠪᠠᠭᠤᠳᠠᠯ ᠢ 2016 ᠣᠨ ᠳᠤ ᠡᠬᠢᠯᠡᠨ ᠪᠠᠶᠢᠭᠤᠯᠵᠤ᠂ 2017 | ᠣᠨ ᠳᠤ ᠪᠠᠶᠢᠭᠤᠯᠵᠤ ᠳᠠᠭᠤᠰᠬᠠᠬᠤ ᠪᠠᠷ ᠲᠦᠯᠦᠪᠯᠡᠵᠦ ᠪᠤᠢ᠃ ᠲᠦᠷᠦᠯ ᠵᠦᠢᠯ ᠤᠨ ᠪᠦᠬᠦ ᠴᠤᠭᠴᠠ ᠶᠢᠨ ᠪᠦᠬᠦ | ᠪᠡᠯᠡ ᠣᠷᠣᠭᠤᠯᠤᠯᠲᠠ ᠨᠢ ᠵᠢᠱᠢᠯᠲᠡ ᠪᠠᠷ 7.2 ᠳ᠋ᠦᠩᠰᠢᠭᠤᠷ ᠲᠥᠭᠦᠷᠢᠭ ᠣᠷᠴᠢᠮ ᠳᠤ ᠬᠦᠷᠴᠦ᠂ ᠣᠳᠣᠬᠠᠨ ᠳᠤ | ᠨᠢᠭᠡᠨᠲᠡ 0.6 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠡᠢ᠃ | ᠠᠯᠠᠱᠠ ᠵᠡᠭᠦᠨ ᠬᠤᠰᠢᠭᠤᠨ ᠤ ᠠᠵᠢᠯ ᠳᠤ ᠭᠠᠷᠬᠤ ᠨᠢᠰᠬᠡᠯ ᠤᠨ ᠪᠠᠭᠤᠳᠠᠯ ᠪᠤᠯ ᠠᠯᠠᠱᠠ ᠠᠶᠢᠮᠠᠭ ᠤᠨ 3 | ᠠᠵᠢᠯ ᠳᠤ ᠭᠠᠷᠬᠤ ᠨᠢᠰᠬᠡᠯ ᠤᠨ ᠪᠠᠭᠤᠳᠠᠯ ᠤᠨ ᠳᠣᠲᠣᠷᠠᠬᠢ ᠴᠤᠷ ᠤᠨ ᠭᠠᠭᠴᠠ ᠭᠠᠳᠠᠭᠰᠢ ᠣᠷᠣᠵᠤ ᠭᠠᠷᠬᠤ | ᠨᠢᠰᠬᠡᠯ ᠤᠨ ᠪᠠᠭᠤᠳᠠᠯ ᠪᠤᠯᠬᠤᠷ᠂ ᠪᠦᠬᠦ ᠠᠯᠠᠱᠠ ᠠᠶᠢᠮᠠᠭ ᠤᠨ ᠭᠠᠳᠠᠭᠰᠢ ᠭᠠᠷᠬᠤ ᠠᠭᠠᠷ ᠤᠨ ᠲᠡᠭᠡᠭᠡᠪᠦᠷᠢ ᠶᠢᠨ | ᠡᠭᠦᠷᠭᠡ ᠶᠢ ᠡᠭᠦᠷᠭᠡᠯᠡᠬᠦ ᠪᠤᠯᠤᠨ᠎ᠠ᠃ ᠲᠤᠰ ᠦᠭᠡᠷᠡᠴᠢᠯᠡᠵᠦ ᠥᠷᠭᠡᠳᠬᠡᠨ ᠪᠠᠶᠢᠭᠤᠯᠬᠤ ᠲᠥᠷᠥᠯ ᠵᠦᠢᠯ ᠢ ᠪᠦᠲᠦᠭᠡᠨ | ᠪᠠᠶᠢᠭᠤᠯᠵᠤ ᠳᠠᠭᠤᠰᠤᠭᠰᠠᠨ ᠤ ᠳᠠᠷᠠᠭ᠎ᠠ᠂ ᠠᠯᠠᠱᠠ ᠵᠡᠭᠦᠨ ᠬᠤᠰᠢᠭᠤᠨ ᠤ ᠠᠵᠢᠯ ᠳᠤ ᠭᠠᠷᠬᠤ ᠨᠢᠰᠬᠡᠯ ᠤᠨ | ᠪᠠᠭᠤᠳᠠᠯ ᠤᠨ ᠨᠢᠰᠦᠯᠲᠡ ᠶᠢᠨ ᠠᠮᠤᠷ ᠲᠦᠪᠰᠢᠨ ᠤ ᠬᠡᠮᠵᠢᠭᠳᠡᠯ ᠢ ᠳᠡᠭᠡᠭᠰᠢᠯᠡᠭᠦᠯᠵᠦ᠂ ᠤᠯᠠᠨ ᠬᠡᠯᠪᠡᠷᠢ ᠶᠢᠨ | ᠨᠢᠰᠦᠯᠲᠡ ᠶᠢᠨ ᠬᠡᠷᠡᠭᠴᠡᠭᠡ ᠳᠤ ᠵᠤᠬᠢᠴᠠᠵᠤ᠂ ᠨᠢᠰᠬᠡᠯ ᠤᠨ ᠪᠠᠭᠤᠳᠠᠯ ᠤᠨ ᠪᠠᠲᠤᠯᠠᠭ᠎ᠠ ᠶᠢᠨ ᠴᠢᠳᠠᠪᠤᠷᠢ ᠶᠢ ᠤᠯᠠᠮ | ᠨᠢᠭᠡ ᠠᠯᠬᠤᠮ ᠳᠡᠭᠡᠭᠰᠢᠯᠡᠭᠦᠯᠵᠦ᠂ ᠠᠯᠠᠱᠠ ᠠᠶᠢᠮᠠᠭ ᠤᠨ ᠠᠭᠠᠷ ᠤᠨ ᠲᠡᠭᠡᠭᠡᠪᠦᠷᠢ ᠶᠢᠨ ᠲᠣᠣᠷ ᠰᠦᠯᠵᠢᠶ᠎ᠡ ᠶᠢ | ᠲᠡᠭᠦᠯᠳᠡᠷᠵᠢᠭᠦᠯᠦᠨ᠎ᠡ︔ 9 ᠨᠡᠶᠢᠳᠡᠮ ᠬᠡᠷᠡᠭᠯᠡᠬᠦ ᠨᠢᠰᠬᠡᠯ ᠤᠨ ᠪᠠᠭᠤᠳᠠᠯ ᠢ ᠪᠠᠶᠢᠭᠤᠯᠵᠤ ᠠᠰᠢᠭᠯᠠᠯᠲᠠ ᠳᠤ | ᠤᠷᠤᠭᠤᠯᠬᠤ ᠨᠢ᠂ ᠪᠦᠬᠦ ᠣᠷᠣᠨ ᠤ ᠨᠡᠶᠢᠳᠡᠮ ᠬᠡᠷᠡᠭᠯᠡᠭᠡᠨ ᠤ ᠠᠭᠠᠷ ᠤᠨ ᠰᠢᠰᠲ᠋ᠧᠮᠵᠢ ᠶᠢᠨ ᠪᠠᠶᠢᠭᠤᠯᠤᠯᠲᠠ ᠶᠢ | ᠲᠦᠷᠭᠡᠳᠬᠡᠬᠦ ᠳᠤ ᠠᠰᠢᠭᠲᠠᠶ ᠪᠦᠭᠡᠳ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠵᠢᠴᠢ ᠨᠡᠶᠢᠳᠡᠮ | ᠬᠡᠷᠡᠭᠯᠡᠭᠡᠨ ᠤ ᠠᠭᠠᠷ ᠤᠨ ᠠᠵᠤ ᠦᠢᠯᠡᠰ ᠤᠨ ᠬᠡᠯᠬᠢᠶᠡᠵᠢᠯ ᠢ ᠤᠷᠲᠤᠳᠬᠠᠵᠤ᠂ ᠠᠵᠤ ᠦᠢᠯᠡᠰ ᠤᠨ ᠪᠦᠲᠦᠴᠡ ᠶᠢᠨ | ᠲᠡᠰ ᠳᠡᠪᠰᠢᠨ ᠲᠣᠬᠢᠷᠠᠭᠤᠯᠬᠤ ᠶᠢ ᠠᠬᠢᠭᠤᠯᠬᠤ ᠶᠢᠨ ᠬᠠᠮᠲᠤ ᠮᠠᠨ ᠤ ᠣᠷᠣᠨ ᠤ ᠭᠡᠨᠡᠳᠲᠡ ᠶᠢᠨ ᠬᠡᠷᠡᠭ ᠢ | ᠠᠷᠭᠠᠴᠠᠬᠤ ᠶᠢ ᠮᠡᠳᠡᠭᠳᠡᠬᠦ᠋ᠢᠴᠡ ᠳᠡᠭᠡᠭᠰᠢᠯᠡᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ | ᠪᠠᠶᠢᠭᠤᠯᠤᠯᠲᠠ ᠶᠢᠨ ᠪᠠᠲᠤᠯᠠᠭ᠎ᠠ ᠶᠢᠨ ᠴᠢᠳᠠᠪᠤᠷᠢ ᠶᠢ ᠠᠬᠢᠭᠤᠯᠬᠤ ᠪᠤᠯᠤᠨ᠎ᠠ᠃ |