ᠦᠪᠦᠷ ᠮᠤᠩᠭᠤᠯ ᠤᠨ ᠨᠡᠶᠢᠭᠡᠮ ᠤᠨ ᠶᠠᠳᠠᠭᠤ ᠶᠢ ᠳᠡᠳᠭᠦᠭᠦ ᠠᠵᠢᠯ ᠢ ᠠᠬᠢᠭᠤᠯᠬᠤ ᠨᠡᠶᠢᠭᠡᠮᠯᠢᠭ ᠤᠨ ᠭᠤᠷᠪᠠᠳᠤᠭᠠᠷ ᠬᠤᠭᠤᠴᠠᠭᠠᠨ ᠤ ᠬᠡᠰᠢᠭᠦᠳ ᠤᠨ ᠲᠦᠯᠦᠭᠡᠯᠡᠭᠴᠢᠳ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2016/6/1
     5 ᠳ᠋ᠤᠭᠠᠷ ᠰᠠᠷ᠎ᠠ ᠶᠢᠨ 31᠎ ᠤ ᠡᠳᠦᠷ᠂ ᠦᠪᠦᠷ ᠮᠤᠩᠭᠤᠯ ᠤᠨ ᠨᠡᠶᠢᠭᠡᠮ ᠤᠨ ᠶᠠᠳᠠᠭᠤ ᠶᠢ ᠳᠡᠳᠭᠦᠭᠦ ᠠᠵᠢᠯ ᠎ ᠢ ᠠᠬᠢᠭᠤᠯᠬᠤ ᠨᠡᠶᠢᠭᠡᠮᠯᠢᠭ ᠤᠨ ᠭᠤᠷᠪᠠᠳᠤᠭᠠᠷ ᠬᠤᠭᠤᠴᠠᠭᠠᠨ ᠤ ᠬᠡᠰᠢᠭᠦᠳ ᠤᠨ ᠲᠦᠯᠦᠭᠡᠯᠡᠭᠴᠢᠳ  ᠎ ᠤᠨ ᠬᠤᠷᠠᠯ ᠬᠦᠭᠡᠬᠤᠳᠠ ᠳᠤ ᠬᠤᠷᠠᠯᠳᠤᠪᠠ᠃      ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠳᠡᠷᠢᠭᠦᠯᠡᠭᠴᠢ ᠷᠧᠨ ᠶᠠ ᠫᠢᠩ ᠬᠤᠷᠠᠯ ᠳᠤ ᠤᠷᠤᠯᠴᠠᠨ ᠶᠠᠷᠢᠶ᠎ᠠ ᠳᠠᠯᠪᠢᠵᠤ᠂ ᠦᠪᠡᠷᠳᠡᠭᠡᠨ ᠵᠠᠰᠠᠬᠤ ᠤᠷᠤᠨ ᠤ ᠳᠡᠳ᠋ ᠳᠡᠷᠢᠭᠦᠯᠡᠭᠴᠢ ᠸᠠᠩ ᠢᠤᠢ ᠮᠢᠩ ᠪᠢᠴᠢᠭ ᠢᠶᠠᠷ ᠶᠠᠷᠢᠶ᠎ᠠ ᠳᠠᠯᠪᠢᠵᠤ᠂ ᠦᠪᠡᠷᠳᠡᠬᠡᠨ ᠵᠠᠰᠠᠬᠤ ᠤᠷᠤᠨ ᠤ ᠬᠡᠰᠡᠭ ᠮᠤᠵᠢ ᠶᠢᠨ ᠲᠠᠰ  ᠎ ᠤᠨ ᠠᠬᠠᠮᠠᠳ ᠤᠳᠤᠷᠢᠳᠤᠯᠭ᠎ᠠ ᠬᠤᠷᠠᠯ ᠳᠤ ᠤᠷᠤᠯᠴᠠᠪᠠ᠃      ᠷᠧᠨ ᠶᠠ ᠫᠢᠩ ᠵᠢᠭᠠᠵᠤ ᠭᠠᠷᠭᠠᠭᠰᠠᠨ ᠨᠢ᠂ ᠦᠪᠦᠷ ᠮᠤᠩᠭᠤᠯ ᠤᠨ ᠨᠡᠶᠢᠭᠡᠮ ᠤᠨ ᠶᠠᠳᠠᠭᠤ ᠶᠢ ᠳᠡᠳᠭᠦᠭᠦ ᠠᠵᠢᠯ ᠢ ᠠᠬᠢᠭᠤᠯᠬᠤ ᠨᠡᠶᠢᠭᠡᠮᠯᠢᠭ ᠤᠨ ᠬᠢᠨ ᠦᠡᠭᠭᠡᠷᠡᠭᠰᠡᠨ ᠲᠠᠪᠤᠨ ᠵᠢᠯ ᠳᠤ ᠦᠪᠡᠷᠳᠡᠭᠡᠨ ᠵᠠᠰᠠᠬᠤ ᠤᠷᠤᠨ ᠤ ᠨᠠᠮ ᠎ ᠤᠨ ᠬᠤᠷᠢᠶ᠎ᠠ᠂ ᠵᠠᠰᠠᠭ ᠤᠨ ᠤᠷᠳᠤᠨ ᠤ ᠰᠢᠢᠳᠪᠦᠷᠢᠳᠦ ᠪᠤᠳᠤᠯᠭ᠎ᠠ ᠪᠠᠶᠢᠷᠢᠯᠠᠭᠤᠯᠤᠯᠳᠠ ᠶᠢ ᠬᠢᠨᠠᠮᠠᠭᠠᠢ ᠳᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠤᠷᠤᠨ ᠤ ᠶᠠᠳᠠᠭᠤ ᠶᠢ ᠳᠡᠳᠭᠦᠵᠤ ᠨᠡᠭᠡᠭᠡᠨ ᠬᠦᠭᠵᠢᠭᠦᠯᠬᠦ ᠠᠵᠢᠯ ᠎ ᠤᠨ ᠶᠡᠭᠡ ᠳᠠᠯ᠎ᠠ ᠶᠢᠨ ᠳᠤᠭᠤᠷᠢᠨ ᠳᠤ ᠨᠡᠶᠢᠭᠡᠮ ᠤᠨ ᠬᠦᠴᠤᠨ ᠢ ᠳᠠᠶᠢᠴᠢᠯᠠᠭᠰᠠᠨ ᠪᠠ ᠨᠡᠶᠢᠳᠭᠡᠵᠤ᠂ ᠡᠯ᠎ᠠ ᠵᠦᠢᠯ ᠎ ᠤᠨ ᠠᠵᠢᠯ ᠢ ᠤᠷᠤᠭᠰᠢᠳᠠᠢ ᠦᠷᠨᠢᠭᠦᠯᠵᠤ᠂ ᠨᠡᠶᠢᠭᠡᠮ ᠤᠨ ᠶᠠᠳᠠᠭᠤ ᠶᠢ ᠳᠡᠳᠭᠦᠭᠦ ᠠᠵᠢᠯ ᠬᠦᠨᠵᠡᠭᠡᠢ ᠶᠠᠪᠤᠭᠳᠠᠬᠤ ᠶᠢ ᠬᠦᠴᠤᠳᠠᠢ ᠠᠬᠢᠭᠤᠯᠤᠨ᠂ ᠦᠪᠡᠷᠳᠡᠭᠡᠨ ᠵᠠᠰᠠᠬᠤ ᠤᠷᠤᠨ ᠤ ᠶᠠᠳᠠᠭᠤ ᠶᠢ ᠳᠡᠳᠭᠦᠵᠤ ᠨᠡᠭᠡᠭᠡᠨ ᠬᠦᠭᠵᠢᠭᠦᠯᠬᠦ ᠠᠵᠢᠯ ᠦᠢᠯᠡᠰ ᠲᠤ ᠢᠳᠡᠪᠬᠢ ᠦᠢᠯᠡᠳᠦᠯ ᠦᠵᠡᠭᠦᠯᠪᠡ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠦᠪᠦᠷ ᠮᠤᠩᠭᠤᠯ ᠤᠨ ᠨᠡᠶᠢᠭᠡᠮ ᠤᠨ ᠶᠠᠳᠠᠭᠤ ᠶᠢ ᠳᠡᠳᠭᠦᠭᠦ ᠠᠵᠢᠯ ᠢ ᠠᠬᠢᠭᠤᠯᠬᠤ ᠨᠡᠶᠢᠭᠡᠮᠯᠢᠭ ᠤᠨ ᠰᠢᠨ᠎ᠠ ᠨᠢᠭᠡ ᠬᠤᠭᠤᠴᠠᠭᠠᠨ ᠤ ᠤᠳᠤᠷᠢᠳᠬᠤ ᠪᠠᠭ ᠤᠨ ᠬᠢᠨ ᠡᠷᠬᠡᠪᠰᠢ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠨᠡᠶᠢᠭᠡᠮ ᠤᠨ ᠶᠠᠳᠠᠭᠤ ᠶᠢ ᠳᠡᠳᠭᠦᠭᠦ ᠠᠵᠢᠯ ᠢ ᠠᠬᠢᠭᠤᠯᠬᠤ ᠰᠢᠢᠳᠪᠦᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠬᠢᠨᠠᠮᠠᠭᠠᠢ ᠳᠤᠤᠱᠯᠠᠭᠤᠯᠤᠨ ᠨᠠᠶᠢᠳᠠᠪᠤᠷᠢᠵᠢᠭᠤᠯᠵᠤ᠂ ᠨᠡᠶᠢᠭᠡᠮ ᠤᠨ ᠶᠠᠳᠠᠭᠤ ᠶᠢ ᠳᠡᠳᠭᠦᠭᠦ ᠠᠵᠢᠯ ᠤᠨ ᠰᠢᠨ᠎ᠠ ᠶᠢ ᠡᠭᠦᠳᠴᠦ᠂ ᠢᠳᠡᠭᠡᠯ ᠵᠤᠷᠢᠭ ᠢᠶᠠᠨ ᠬᠦᠪᠴᠢᠯᠡᠨ ᠴᠠᠭ ᠦᠶ᠎ᠠ ᠲᠠᠢ ᠵᠡᠷᠭᠡᠪᠡᠷ ᠤᠷᠤᠭᠰᠢᠯᠠᠵᠤ᠂ ᠵᠠᠮ ᠨᠡᠭᠡᠭᠡᠨ ᠰᠢᠨ᠎ᠠ ᠶᠢ ᠡᠭᠦᠳᠴᠦ᠂ ᠨᠡᠶᠢᠭᠡᠮ ᠤᠨ ᠡᠯ᠎ᠠ ᠬᠦᠴᠤᠨ ᠢ ᠳᠠᠶᠢᠴᠢᠯᠠᠨ ᠰᠢᠨ᠎ᠠ ᠨᠢᠭᠡᠨ ᠡᠭᠡᠯᠵᠢ ᠶᠢᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠳᠤ ᠨᠡᠩ ᠶᠡᠭᠡ ᠦᠢᠯᠡᠳᠦᠯ ᠭᠠᠷᠭᠠᠵᠤ᠂ ᠦᠪᠦᠷ ᠮᠤᠩᠭᠤᠯ ᠤᠨ ᠨᠡᠶᠢᠭᠡᠮ  ᠎ ᠤᠨ ᠶᠠᠳᠠᠭᠤ ᠶᠢ ᠳᠡᠳᠭᠦᠭᠦ ᠠᠵᠢᠯ ᠢ ᠠᠬᠢᠭᠤᠯᠬᠤ ᠠᠵᠢᠯ ᠢ ᠰᠢᠨ᠎ᠠ ᠨᠢᠭᠡᠨ ᠲᠦᠪᠰᠢᠨ ᠳᠤ ᠭᠠᠷᠭᠠᠬᠤ ᠪᠠᠷ ᠴᠢᠷᠮᠠᠶᠢᠬᠤ ᠬᠡᠷᠡᠭᠳᠠᠢ ᠬᠡᠪᠡ᠃      ᠬᠤᠷᠠᠯ ᠠᠴᠠ ᠬᠤᠶᠠᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠤᠨ ᠠᠵᠢᠯ ᠤᠨ ᠮᠡᠳᠡᠭᠦᠯᠦᠯᠳᠡ᠂ ᠡᠳ᠋ ᠤᠨ ᠶᠠᠪᠤᠳᠠᠯ ᠤᠨ ᠠᠵᠢᠯ ᠤᠨ ᠮᠡᠳᠡᠭᠦᠯᠦᠯᠳᠡ ᠶᠢ ᠰᠤᠨᠤᠰᠤᠭᠰᠠᠨ ᠪᠠ ᠬᠢᠨᠠᠨ ᠵᠦᠪᠯᠡᠪᠡ᠃      ᠬᠤᠷᠠᠯ ᠠᠴᠠ ᠦᠪᠦᠷ ᠮᠤᠩᠭᠤᠯ ᠤᠨ ᠶᠠᠳᠠᠭᠤ ᠶᠢ ᠳᠡᠳᠭᠦᠭᠦ ᠠᠵᠢᠯ ᠢ ᠠᠬᠢᠭᠤᠯᠬᠤ ᠨᠡᠶᠢᠭᠡᠮᠯᠢᠭ ᠤᠨ ᠲᠦᠷᠢᠮ ᠳᠤ ᠵᠠᠰᠠᠪᠤᠷᠢ ᠤᠷᠤᠭᠤᠯᠬᠤ ᠪᠠ ᠤᠳᠤᠷᠢᠳᠤᠯᠭ᠎ᠠ ᠶᠢᠨ ᠳᠤᠭᠳᠠᠴᠠ ᠶᠢ ᠳᠡᠭᠦᠯᠳᠡᠷᠵᠢᠭᠦᠯᠬᠦ ᠳᠤᠬᠠᠢ ᠳᠤᠭᠳᠠᠭᠠᠯ ᠢ ᠬᠢᠨᠠᠨ ᠵᠦᠪᠯᠡᠵᠤ ᠪᠠᠳᠤᠯᠠᠪᠠ᠃ ᠬᠤᠷᠠᠯ ᠠᠴᠠ ᠦᠪᠡᠷᠳᠡᠭᠡᠨ ᠵᠠᠰᠠᠬᠤ ᠤᠷᠤᠨ ᠤ ᠨᠡᠶᠢᠭᠡᠮ ᠤᠨ ᠶᠠᠳᠠᠭᠤ ᠶᠢ ᠳᠡᠳᠭᠦᠭᠦ ᠠᠵᠢᠯ ᠢ ᠠᠬᠢᠭᠤᠯᠬᠤ ᠨᠡᠶᠢᠭᠡᠮᠯᠢᠭ ᠤᠨ ᠭᠤᠷᠪᠠᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠎ ᠤᠨ ᠬᠤᠷᠠᠯ ᠢ ᠰᠤᠩᠭᠤᠭᠤᠯᠢ ᠪᠠᠷ ᠳᠠᠮᠵᠢᠨ ᠰᠤᠩᠭᠤᠨ ᠭᠠᠷᠭᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号