ᠯᠢ ᠫᠧᠩ ᠰᠢᠨ᠄ ᠨᠡᠩ ᠴᠢᠩᠭ᠎ᠠ ᠱᠠᠭᠠᠷᠳᠠᠯᠭ᠎ᠠ ᠪᠠ ᠬᠠᠷᠢᠭᠤᠴᠠᠯᠭ᠎ᠠ ᠪᠠᠷ ᠦᠪᠡᠷᠳᠡᠭᠡᠨ ᠵᠠᠰᠬᠠᠤ ᠤᠷᠤᠨ ᠤ ᠴᠢᠬᠤᠯᠠ ᠰᠢᠢᠳᠪᠦᠷᠢᠳᠦ ᠪᠤᠳᠤᠯᠭ᠎ᠠ ᠪᠠᠶᠢᠷᠢᠯᠠᠭᠤᠯᠤᠯᠳᠠ ᠶᠢᠨ ᠨᠡᠶᠢᠳᠡᠪᠦᠷᠢᠵᠢᠭᠤᠯᠤᠭᠳᠠᠬᠤ ᠶᠢ ᠰᠠᠶᠢᠳᠤᠷ ᠠᠳᠬᠤᠬᠤ ᠬᠡᠷᠡᠭᠳᠡᠢ
ᠨᠡᠶᠢᠲᠡᠯᠡᠭᠰᠡᠨ ᠴᠠᠭ᠄
2016/6/1
     5 ᠳ᠋ᠤᠭᠠᠷ ᠰᠠᠷ᠎ᠠ ᠶᠢᠨ 30᠎ ᠠᠴᠠ 31᠎ ᠤ ᠡᠳᠦᠷ ᠪᠤᠯᠳᠠᠯ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠵᠤᠬᠢᠶᠠᠨ ᠪᠠᠶᠢᠭᠤᠯᠬᠤ ᠬᠡᠯᠳᠡᠰ ᠤᠨ ᠲᠠᠷᠤᠭ᠎ᠠ ᠯᠢ ᠫᠧᠩ ᠰᠢᠨ ᠪᠦᠯᠬᠦᠮ ᠲᠠᠭᠠᠭᠤᠯᠤᠨ ᠲᠦᠩᠯᠢᠶᠤᠤ ᠬᠤᠳᠠ ᠳᠤ ᠬᠦᠨᠵᠡᠭᠡᠶᠢᠷᠡᠵᠤ᠂ ᠦᠪᠡᠷᠳᠡᠭᠡᠨ ᠵᠠᠰᠠᠬᠤ ᠤᠷᠤᠨ ᠤ ᠭᠤᠤᠯᠳᠠᠯᠭ᠎ᠠ ᠲᠠᠢ ᠠᠵᠢᠯ ᠭᠤᠤᠯᠳᠠᠯᠭ᠎ᠠ ᠲᠠᠢ ᠲᠦᠷᠦᠯ ᠵᠦᠢᠯ ᠢ ᠠᠬᠢᠭᠤᠯᠤᠬᠰᠠᠨ ᠪᠠᠶᠢᠳᠠᠯ ᠢ ᠳᠣᠬᠠᠢ ᠶᠢᠨ ᠭᠠᠵᠠᠷ ᠲᠤᠨᠢ ᠬᠦᠷᠴᠦ ᠪᠠᠶᠢᠴᠠᠭᠠᠨ ᠰᠤᠳᠤᠯᠪᠡ᠃      ᠬᠤᠷᠴᠢᠨ ᠲᠤᠭᠤᠷᠢᠭ ᠲᠤ᠂ ᠯᠢ ᠫᠧᠩ ᠰᠢᠨ ᠵᠦᠩ ᠳ᠋ᠠ ᠬᠦᠩᠭᠡᠨᠴᠠᠭᠠᠨ ᠤ ᠦᠢᠯᠡᠰ᠂ ᠳ᠋ᠠᠯᠢᠶᠠᠨ ᠭᠠᠷᠠᠮ ᠎ ᠤᠨ ᠭᠠᠶᠢᠯᠢ ᠶᠢ ᠪᠠᠳᠤᠯᠠᠬᠤ ᠪᠠᠷᠠᠭᠠᠨ ᠤ ᠬᠦᠢᠯᠭᠡᠭᠡ ᠶᠢᠨ ᠬᠦᠷᠢᠶᠡᠯᠡᠩ᠂ ᠪᠦᠸᠧ ᠡᠸ᠋ᠨ ᠯᠦ ᠰᠢᠶᠤᠤ ᠬᠢᠵᠠᠭᠠᠷᠳᠤ ᠺᠤᠮᠫᠠᠨᠢ ᠪᠠ ᠮᠤᠩᠭᠤᠯ ᠡᠮ ᠡᠮᠨᠡᠯᠭᠡ ᠶᠢᠨ ᠰᠤᠳᠤᠯᠭᠠᠨ ᠤ ᠬᠦᠷᠢᠶᠡᠯᠡᠩ ᠵᠡᠷᠭᠡ ᠭᠤᠤᠯᠳᠠᠯᠭ᠎ᠠ ᠲᠠᠢ ᠲᠦᠷᠦᠯ ᠵᠦᠢᠯ ᠎ ᠤᠨ ᠪᠦᠳᠦᠭᠡᠨ ᠪᠠᠶᠢᠭᠤᠯᠤᠯᠳᠠ ᠶᠢᠨ ᠠᠬᠢᠴᠠ ᠶᠢ ᠰᠢᠨᠵᠢᠯᠡᠨ ᠪᠠᠶᠢᠴᠠᠭᠠᠪᠡ᠃ ᠺᠠᠶᠢᠯᠦ ᠰᠢᠶᠠᠨ ᠳᠤ᠂ ᠬᠤᠸᠠ ᠱᠦ᠂ ᠢᠤᠢ ᠸᠠᠩ ᠠᠮᠢᠳᠤ ᠪᠤᠳᠠᠰ ᠤᠨ ᠰᠢᠨᠵᠢᠯᠡᠭᠦ ᠤᠬᠠᠭᠠᠨ ᠮᠡᠷᠭᠡᠵᠢᠯ ᠪᠠ ᠵᠢᠩ ᠱᠠᠨ ᠢᠳᠡᠭᠡᠨ ᠵᠡᠷᠭᠡ ᠺᠤᠮᠫᠠᠨᠢ ᠪᠠᠷ ᠬᠦᠨᠵᠡᠭᠡᠶᠢᠷᠡᠵᠦ᠂ ᠲᠦᠷᠦᠯ ᠵᠦᠢᠯ ᠤᠨ ᠠᠰᠢᠬᠯᠠᠯᠳᠠ ᠳᠤ ᠤᠷᠤᠭᠰᠠᠨ ᠪᠠᠶᠢᠳᠠᠯ ᠪᠠ ᠠᠵᠤ ᠠᠬᠤᠢᠢᠯᠡᠯ ᠤᠨ ᠡᠷᠬᠢᠯᠳᠡ ᠶᠢᠨ ᠪᠠᠶᠢᠳᠠᠯ ᠢ ᠳᠣᠬᠠᠢ ᠶᠢᠨ ᠭᠠᠵᠠᠷ ᠲᠤᠨᠢ ᠳᠣᠭᠤᠷᠢᠨ ᠦᠵᠡᠪᠡ᠃ ᠬᠤᠳᠠ ᠶᠢᠨ ᠲᠦᠷᠪᠡᠨ ᠣᠳᠣᠷᠢᠳᠬᠤ ᠪᠠᠭ ᠤᠨ ᠪᠦᠷᠢᠯᠳᠦᠬᠦᠨ ᠪᠠ ᠬᠤᠰᠢᠭᠤ ᠰᠢᠶᠠᠨ ᠬᠤᠳᠠ ᠲᠤᠭᠤᠷᠢᠭ᠂ ᠬᠤᠳᠠ ᠶᠢᠨ ᠰᠢᠭᠤᠳ ᠬᠠᠷᠢᠶ᠎ᠠ ᠰᠠᠯᠠᠭ᠎ᠠ ᠮᠦᠴᠢᠷ ᠤᠨ ᠭᠤᠤᠯ ᠬᠠᠷᠢᠭᠤᠴᠠᠯᠭᠠᠳᠠᠨ ᠨᠦᠬᠦᠳ ᠵᠢᠴᠢ ᠠᠵᠤ ᠠᠬᠤᠢᠢᠯᠠᠯ ᠤᠨ ᠲᠦᠯᠦᠭᠡᠯᠡᠭᠴᠢ ᠤᠷᠤᠯᠴᠠᠬᠰᠠᠨ ᠶᠠᠷᠢᠯᠴᠠᠬᠤ ᠬᠤᠷᠠᠯ ᠬᠤᠷᠠᠯᠳᠤᠭᠤᠯᠵᠤ᠂ ᠠᠬᠢᠭᠤᠯᠵᠣ ᠨᠡᠶᠢᠳᠡᠪᠦᠷᠢᠵᠢᠭᠤᠯᠬᠤ ᠠᠷᠭ᠎ᠠ ᠬᠡᠮᠵᠢᠶ᠎ᠡ ᠶᠢ ᠬᠠᠮᠳᠤᠪᠡᠷ ᠰᠤᠳᠤᠯᠵᠠᠢ᠃      ᠯᠢ ᠫᠧᠩ ᠰᠢᠨ ᠵᠢᠭᠠᠵᠤ ᠭᠠᠷᠭᠠᠬᠰᠠᠨ ᠨᠢ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠭᠤᠤᠯᠳᠠᠯᠭ᠎ᠠ ᠲᠠᠢ ᠠᠵᠢᠯ ᠭᠤᠤᠯᠳᠠᠯᠭ᠎ᠠ ᠲᠠᠢ ᠲᠦᠷᠦᠯ ᠵᠦᠢᠯ ᠢ ᠴᠢᠩᠭ᠎ᠠ ᠪᠤᠳᠠᠳᠠᠢ ᠠᠳᠬᠤᠵᠤ᠂ ᠠᠶᠢᠮᠠᠭ ᠬᠤᠳᠠ᠂ ᠬᠤᠰᠢᠭᠤ ᠰᠢᠶᠠᠨ ᠬᠢᠷᠢ ᠵᠡᠷᠭᠡ ᠨᠡᠶᠢᠳᠡᠪᠦᠷᠢᠵᠢᠭᠤᠯᠵᠤ ᠪᠠᠶᠢᠭ᠎ᠠ ᠨᠢ ᠨᠠᠮ ᠤᠨ ᠬᠤᠷᠢᠶ᠎ᠠ ᠵᠠᠰᠠᠭ ᠤᠨ ᠤᠷᠳᠤᠨ ᠤ ᠤᠳᠤᠷᠢᠳᠬᠤ ᠪᠠᠭ ᠤᠨ ᠨᠡᠶᠢᠳᠡᠪᠦᠷᠢᠵᠢᠭᠤᠯᠬᠤ ᠶᠢ ᠠᠳᠬᠤᠬᠤ ᠴᠢᠳᠠᠪᠤᠷᠢ ᠪᠤᠯᠤᠨ ᠠᠵᠢᠯ ᠤᠨ ᠰᠤᠷᠳᠠᠯ ᠢ ᠨᠢ ᠰᠢᠭᠤᠳ ᠳᠣᠰᠬᠠᠵᠣ ᠪᠤᠢ᠃ ᠡᠯ᠎ᠠ ᠱᠠᠳᠤᠨ ᠤ ᠨᠠᠮ ᠤᠨ ᠬᠡᠰᠢᠭᠦᠨ ᠤᠳᠤᠷᠢᠳᠬᠤ ᠺᠠᠳ᠋ᠷᠴᠤᠳ ᠶᠡᠷᠦᠩᠬᠡᠢ ᠱᠦᠵᠢ ᠰᠢ ᠶᠢᠨ ᠫᠢᠩ ᠤᠨ ᠨᠡᠶᠢᠳᠡᠪᠦᠷᠢᠵᠢᠭᠤᠯᠬᠤ ᠶᠢ ᠠᠳᠬᠤᠬᠤ ᠲᠤᠬᠠᠢ ᠴᠢᠬᠤᠯᠠ ᠦᠵᠡᠯ ᠰᠠᠨᠠᠭ᠎ᠠ ᠨᠤᠭᠤᠳ ᠢ ᠤᠨᠤᠪᠴᠢᠳᠠᠢ ᠡᠵᠡᠮᠰᠢᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠣ᠂ ᠵᠤᠷᠢᠬᠳᠠᠢ ᠪᠠᠷ ᠬᠠᠷᠢᠭᠤᠴᠠᠯᠭ᠎ᠠ ᠡᠭᠦᠷᠭᠡᠯᠡᠵᠤ᠂ ᠨᠡᠩ ᠴᠢᠩᠭ᠎ᠠ ᠱᠠᠭᠠᠷᠳᠠᠯᠭ᠎ᠠ ᠪᠠ ᠬᠠᠷᠢᠭᠤᠴᠠᠯᠭ᠎ᠠ ᠪᠠᠷ ᠦᠪᠡᠷᠳᠡᠭᠡᠨ ᠵᠠᠰᠬᠠᠤ ᠤᠷᠤᠨ ᠤ ᠴᠢᠬᠤᠯᠠ ᠰᠢᠢᠳᠪᠦᠷᠢᠳᠦ ᠪᠤᠳᠤᠯᠭ᠎ᠠ ᠪᠠᠶᠢᠷᠢᠯᠠᠭᠤᠯᠤᠯᠳᠠ ᠶᠢᠨ ᠨᠡᠶᠢᠳᠡᠪᠦᠷᠢᠵᠢᠭᠤᠯᠤᠭᠳᠠᠬᠤ ᠶᠢ ᠦᠨᠡᠨᠬᠦ ᠰᠠᠶᠢᠳᠤᠷ ᠠᠳᠬᠤᠬᠤ ᠬᠡᠷᠡᠭᠳᠡᠢ ᠬᠡᠪᠡ᠃ ᠯᠢ ᠫᠧᠩ ᠰᠢᠨ ᠴᠢᠬᠤᠯᠠᠴᠢᠯᠠᠬᠰᠠᠨ ᠨᠢ᠂ ᠰᠢᠨ᠎ᠡ ᠨᠢᠭᠡᠨ ᠡᠭᠡᠯᠵᠢ ᠶᠢᠨ ᠵᠡᠭᠦᠨ ᠬᠤᠶᠢᠳᠦ ᠤᠷᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠠᠵᠠ ᠲᠤᠬᠢᠶᠠᠯ ᠢ ᠠᠮᠵᠢᠨ ᠪᠦᠳᠦᠴᠡ ᠪᠠᠨ ᠲᠤᠬᠢᠷᠠᠭᠤᠯᠬᠤ᠂ ᠠᠷᠭ᠎ᠠ ᠬᠡᠯᠪᠡᠷᠢ ᠪᠠᠨ ᠬᠤᠪᠢᠷᠠᠭᠤᠯᠬᠤ ᠶᠢ ᠯᠠᠪᠳᠠᠭᠤᠨ ᠪᠠᠳᠤᠳᠠᠢ ᠠᠬᠢᠭᠤᠯᠵᠤ᠂ ᠲᠠᠪᠠᠭᠤᠯᠢᠬ ᠠᠵᠤ ᠦᠢᠯᠡᠰ ᠤᠨ ᠴᠢᠨᠠᠷ ᠰᠠᠶᠢᠳᠡᠢ ᠦᠢᠯᠡᠳᠪᠦᠷᠢᠯᠡᠯ ᠤᠨ ᠴᠢᠳᠠᠪᠤᠷᠢ ᠪᠣᠯᠵᠣ ᠬᠤᠪᠢᠷᠠᠬᠤ ᠶᠢ ᠠᠬᠢᠭᠤᠯᠬᠤ ᠬᠡᠷᠡᠭᠳᠡᠢ᠃ ᠦᠪᠡᠷᠳᠡᠭᠡᠨ ᠵᠠᠰᠠᠬᠤ ᠤᠷᠤᠨ ᠤ ᠪᠠᠶᠢᠷᠢᠯᠠᠭᠤᠯᠤᠭᠰᠠᠨ ᠴᠢᠬᠤᠯᠠ ᠡᠭᠦᠷᠭᠡ ᠶᠢ ᠪᠦᠬᠦ ᠬᠦᠴᠦᠨ ᠢᠶᠠᠷ ᠰᠠᠶᠢᠳᠤᠷ ᠠᠳᠬᠤᠵᠣ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠵᠡᠷᠭᠡ ᠭᠤᠤᠯᠳᠠᠯᠭ᠎ᠠ ᠲᠠᠢ ᠠᠵᠢᠯ ᠤᠨ ᠪᠤᠳᠠᠳᠠᠢ ᠦᠷ᠎ᠡ ᠪᠦᠳᠦᠮᠵᠢ ᠤᠯᠬᠤ ᠶᠢ ᠪᠠᠳᠤᠯᠠᠬᠤ ᠬᠡᠷᠡᠭᠳᠡᠢ᠃ ᠬᠤᠳᠠ᠂ ᠬᠤᠰᠢᠭᠤ ᠰᠢᠶᠠᠨ ᠬᠤᠶᠠᠷ ᠱᠠᠳᠤᠨ ᠤ ᠨᠠᠮ ᠵᠠᠰᠠᠭ ᠤᠨ ᠣᠳᠣᠷᠢᠳᠬᠤ ᠪᠠᠭ ᠭᠤᠤᠯ ᠴᠤᠬᠴᠠ ᠶᠢᠨ ᠬᠠᠷᠢᠭᠤᠴᠠᠯᠭ᠎ᠠ ᠪᠠᠨ ᠦᠨᠡᠨᠭᠦ ᠡᠭᠦᠷᠭᠡᠯᠡᠵᠤ᠂ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠬᠡᠰᠢᠭᠦᠨ ᠪᠤᠯᠬᠤ︾ ᠰᠤᠷᠤᠯᠴᠠᠯᠭ᠎ᠠ ᠬᠦᠮᠦᠵᠢᠯ ᠪᠤᠯᠤᠨ ᠬᠤᠳᠠ ᠬᠤᠰᠢᠭᠤ ᠰᠢᠶᠠᠨ ᠰᠣᠮᠣ ᠰᠢᠶᠠᠩ ᠤᠨ ᠨᠠᠮ ᠤᠨ ᠬᠤᠷᠢᠶ᠎ᠠ ᠶᠢᠨ ᠬᠤᠭᠤᠴᠠᠭ᠎ᠠ ᠰᠤᠯᠢᠬᠤ ᠵᠡᠷᠭᠡ ᠡᠨᠡ ᠵᠢᠯ ᠤᠨ ᠨᠠᠮ ᠤᠨ ᠪᠠᠶᠢᠭᠤᠯᠤᠯᠳᠠ ᠶᠢᠨ ᠬᠤᠶᠠᠷ ᠭᠤᠤᠯᠳᠠᠯᠭ᠎ᠠ ᠲᠠᠢ ᠡᠭᠦᠷᠭᠡ ᠶᠢ ᠰᠠᠶᠢᠳᠤᠷ ᠠᠳᠬᠤᠵᠤ᠂ ᠦᠪᠡᠷᠳᠡᠭᠡᠨ ᠵᠠᠰᠠᠬᠤ ᠤᠷᠤᠨ ᠎ ᠤ ᠨᠠᠮ ᠤᠨ ᠬᠤᠷᠢᠶ᠎ᠠ ᠶᠢᠨ ᠰᠢᠢᠳᠪᠦᠷᠢᠳᠦ ᠪᠤᠳᠤᠯᠭ᠎ᠠ ᠪᠠᠶᠢᠷᠢᠯᠠᠭᠤᠯᠤᠯᠳᠠ ᠶᠢᠨ ᠦᠨᠡᠨᠭᠦ ᠨᠡᠶᠢᠳᠡᠪᠦᠷᠵᠢᠭᠤᠯᠤᠬᠳᠠᠬᠤ ᠶᠢ ᠪᠠᠳᠤᠯᠠᠬᠤ ᠬᠡᠷᠡᠭᠳᠡᠢ ᠬᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号