︽12·5︾᠎ ᠶᠢᠨ ᠬᠤᠭᠤᠴᠠᠭᠠᠨ ᠳᠤ ᠥᠪᠥᠷ ᠮᠣᠩᠭᠤᠯ ᠶᠡᠭᠡ ᠪᠡᠯᠡ ᠮᠦᠩᠭᠦ ᠵᠠᠷᠤᠴᠠᠭᠤᠯᠤᠨ ᠠᠮᠤ ᠪᠤᠳᠠᠭ᠎ᠠ ᠢᠳᠡᠰᠢᠨ ᠳᠤᠰᠤᠨ ᠤ ᠦᠢᠯᠡᠳᠬᠦᠨ ᠤ ᠶᠠᠰᠤ ᠴᠢᠨᠠᠷ ᠢ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠰᠢᠯᠭᠠᠨ ᠪᠠᠶᠢᠴᠠᠭᠠᠬᠤ ᠴᠢᠳᠠᠪᠤᠷᠢ ᠶᠢ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2016/6/1
     ︽12·5︾᠎ ᠶᠢᠨ ᠬᠤᠭᠤᠴᠠᠭᠠᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠢᠯᠡᠳᠬᠦᠨ ᠤ ᠶᠠᠰᠤ ᠴᠢᠨᠠᠷ ᠢ ᠪᠠᠶᠢᠴᠠᠭᠠᠨ ᠬᠡᠮᠵᠢᠬᠦ 12 ᠪᠠᠶᠢᠭᠤᠯᠤᠮᠵᠢ ᠲᠥᠪ ᠤᠨ ᠪᠠ ᠣᠷᠣᠨ ᠨᠤᠲᠤᠭ ᠤᠨ ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢ ᠨᠡᠶᠢᠲᠡ 6600 ᠲᠦᠮᠡᠨ ᠲᠥᠭᠦᠷᠢᠭ ᠣᠯᠵᠤ᠂ ᠪᠦᠭᠦᠳᠡ ᠶᠢ ᠰᠢᠨᠵᠢᠯᠡᠨ ᠰᠢᠯᠭᠠᠬᠤ ᠲᠠᠰᠤᠭ ᠤᠨ ᠢᠵᠢ ᠪᠦᠷᠢᠳᠦᠭᠰᠡᠨ ᠪᠡᠯᠡᠳᠬᠡᠮᠵᠢ ᠶᠢ ᠵᠠᠰᠠᠨ ᠦᠭᠡᠷᠡᠴᠢᠯᠡᠬᠦ᠂ ᠲᠤᠰᠬᠠᠶ ᠪᠠᠶᠢᠴᠠᠭᠠᠨ ᠬᠡᠮᠵᠢᠬᠦ ᠬᠡᠮᠵᠢᠭᠦᠷᠯᠢᠭ ᠲᠥᠬᠦᠭᠡᠷᠦᠮᠵᠢ ᠶᠢ ᠲᠣᠬᠢᠷᠠᠭᠤᠯᠬᠤ ᠳᠤ ᠬᠡᠷᠡᠭᠯᠡᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠲᠡᠷᠢᠭᠦᠨ ᠤ ᠳᠡᠭᠡᠳᠦ ᠳᠡᠰ ᠤᠨ ᠪᠠᠶᠢᠴᠠᠭᠠᠨ ᠬᠡᠮᠵᠢᠬᠦ ᠬᠡᠮᠵᠢᠭᠦᠷᠯᠢᠭ ᠲᠥᠬᠦᠭᠡᠷᠦᠮᠵᠢ ᠶᠢ ᠭᠤᠣᠯᠳᠠᠯᠭ᠎ᠠ ᠲᠠᠢ ᠲᠣᠬᠢᠷᠠᠭᠤᠯᠤᠨ ᠂ ᠡᠯ᠎ᠡ ᠱᠠᠲᠤᠨ ᠤ ᠦᠢᠯᠡᠳᠬᠦᠨ ᠤ ᠶᠠᠰᠤ ᠴᠢᠨᠠᠷ ᠢ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠪᠠᠶᠢᠴᠠᠭᠠᠨ ᠬᠡᠮᠵᠢᠬᠦ ᠴᠢᠳᠠᠪᠤᠷᠢ ᠶᠢ ᠶᠡᠬᠡᠪᠡᠷ ᠳᠡᠭᠭᠡᠭᠰᠢᠯᠡᠬᠦᠯᠵᠡᠢ᠃ 5 ᠵᠢᠯ ᠤᠨ ᠪᠦᠲᠦᠭᠡᠨ ᠪᠠᠶᠢᠭᠤᠯᠤᠯᠲᠠ ᠪᠠᠷ ᠳᠠᠮᠵᠢᠨ᠂ ᠵᠦᠢ ᠵᠣᠬᠢᠰᠲᠠᠢ ᠪᠠᠶᠢᠷᠢᠰᠢᠭᠤᠯᠬᠤ᠂ ᠰᠢᠯᠢᠳᠡᠭ ᠢ ᠨᠢ ᠰᠢᠯᠢᠵᠦ ᠬᠡᠷᠡᠭᠯᠡᠬᠦ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠬᠦᠷᠲᠡᠬᠦ ᠵᠠᠷᠴᠢᠮ ᠶᠣᠰᠤᠭᠠᠷ᠂ ᠥᠪᠥᠷ ᠮᠣᠩᠭᠤᠯ ᠤᠨ ᠤᠯᠤᠰ ᠤᠨ ᠠᠮᠤ ᠪᠤᠳᠠᠭᠠᠨ ᠤ ᠶᠠᠰᠤ ᠴᠢᠨᠠᠷ ᠢ ᠪᠠᠶᠢᠴᠠᠭᠠᠨ ᠬᠡᠮᠵᠢᠬᠦ ᠲᠥᠪ ᠢᠶᠠᠷ ᠭᠤᠣᠯ ᠪᠣᠯᠭᠠᠭᠰᠠᠨ᠂ ᠪᠦᠬᠦ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭᠠᠨ ᠤ ᠭᠤᠣᠯ ᠭᠠᠷᠤᠯᠲᠠ ᠶᠢᠨ ᠠᠶᠢᠮᠠᠭ ᠬᠤᠳᠠ ᠪᠠ ᠬᠥᠮᠦᠨ ᠠᠮᠠ ᠨᠢᠭᠲᠠᠷᠠᠭᠰᠠᠨ ᠬᠤᠳᠠ ᠶᠢ ᠪᠦᠷᠬᠦᠭᠰᠡᠨ ᠠᠮᠤ ᠪᠤᠳᠠᠭᠠᠨ ᠤ ᠶᠠᠰᠤ ᠴᠢᠨᠠᠷ ᠢ ᠪᠠᠶᠢᠴᠠᠭᠠᠨ ᠬᠡᠮᠵᠢᠬᠦ ᠰᠢᠰᠲ᠋ᠧᠮᠵᠢ ᠶᠢ ᠪᠣᠢ ᠪᠣᠯᠭᠠᠪᠠ᠃ ᠣᠳᠣᠬᠠᠨ ᠳᠤ᠂ ᠤᠯᠤᠰ ᠤᠨ ᠠᠮᠤ ᠪᠤᠳᠠᠭᠠᠨ ᠤ ᠲᠣᠪᠴᠢᠶ᠎ᠠ ᠠᠴᠠ ᠡᠷᠬᠡ ᠣᠯᠭᠤᠭᠰᠠᠨ ᠪᠠᠶᠢᠴᠠᠭᠠᠨ ᠬᠡᠮᠵᠢᠬᠦ ᠪᠠᠶᠢᠭᠤᠯᠤᠮᠵᠢ 12 ᠪᠠᠶᠢᠨ᠎ᠠ᠃ ᠡᠭᠦᠨ ᠳᠤ᠂ ᠮᠤᠵᠢ ᠶᠢᠨ ᠳᠡᠰ ᠤᠨ ᠤᠯᠤᠰ ᠤᠨ ᠠᠮᠤ ᠪᠤᠳᠠᠭᠠᠨ ᠤ ᠶᠠᠰᠤ ᠴᠢᠨᠠᠷ ᠢ ᠪᠠᠶᠢᠴᠠᠭᠠᠨ ᠬᠡᠮᠵᠢᠬᠦ ᠲᠥᠪ 1᠂ ᠠᠶᠢᠮᠠᠭ ᠬᠤᠲᠠ ᠶᠢᠨ ᠳᠡᠰ ᠤᠨ ᠤᠯᠤᠰ ᠤᠨ ᠠᠮᠤ ᠪᠤᠳᠠᠭᠠᠨ ᠤ ᠶᠠᠰᠤ ᠴᠢᠨᠠᠷ ᠢ ᠪᠠᠶᠢᠴᠠᠭᠠᠨ ᠬᠡᠮᠵᠢᠬᠦ ᠥᠷᠲᠡᠭᠡ 9᠂ ᠬᠤᠰᠢᠭᠤ ᠰᠢᠶᠠᠨ ᠤ ᠳᠡᠰ ᠤᠨ ᠤᠯᠤᠰ ᠤᠨ ᠠᠮᠤ ᠪᠤᠳᠠᠭᠠᠨ ᠤ ᠶᠠᠰᠤ ᠴᠢᠨᠠᠷ ᠢ ᠪᠠᠶᠢᠴᠠᠭᠠᠨ ᠬᠡᠮᠵᠢᠬᠦ ᠥᠷᠲᠡᠭᠡ 2 ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭ᠎ᠠ ᠢᠳᠡᠰᠢᠨ ᠲᠤᠰᠤᠨ ᠤ ᠶᠠᠰᠤ ᠴᠢᠨᠠᠷ ᠢ ᠪᠠᠶᠢᠴᠠᠭᠠᠨ ᠬᠡᠮᠵᠢᠬᠦ ᠲᠥᠪ᠂ ᠬᠥᠬᠡᠬᠤᠲᠠ ᠶᠢᠨ ᠤᠯᠤᠰ ᠤᠨ ᠠᠮᠤ ᠪᠤᠳᠠᠭᠠᠨ ᠤ ᠶᠠᠰᠤ ᠴᠢᠨᠠᠷ ᠢ ᠪᠠᠶᠢᠴᠠᠭᠠᠨ ᠬᠡᠮᠵᠢᠬᠦ ᠥᠷᠲᠡᠭᠡ ᠨᠢ ᠤᠯᠤᠰ ᠤᠨ ᠠᠮᠤ ᠪᠤᠳᠠᠭᠠᠨ ᠤ ᠲᠣᠪᠴᠢᠶ᠎ᠠ ᠳᠤ ︽ᠤᠯᠤᠰ ᠤᠨ ᠠᠮᠤ ᠪᠤᠳᠠᠭ᠎ᠠ ᠢᠳᠡᠰᠢᠨ ᠳᠤᠰᠤᠨ ᠤ ᠪᠠᠷᠢᠮᠵᠢᠶ᠎ᠠ ᠶᠢ ᠰᠣᠳᠤᠯᠤᠨ ᠰᠢᠯᠭᠠᠵᠤ ᠪᠠᠲᠤᠯᠠᠨ ᠰᠢᠯᠭᠠᠬᠤ ᠪᠠᠶᠢᠭᠤᠯᠤᠮᠵᠢ︾᠎ ᠪᠠᠷ ᠦᠨᠡᠯᠡᠭᠳᠡᠪᠡ᠃ ᠤᠢᠢᠷ᠎ᠠ ᠶᠢᠨ ᠵᠢᠯ ᠤᠳ ᠲᠤ᠂ ᠡᠯ᠎ᠡ ᠱᠠᠲᠤᠨ ᠤ ᠦᠢᠯᠡᠳᠬᠦᠨ ᠤ ᠶᠠᠰᠤ ᠴᠢᠨᠠᠷ ᠢ ᠰᠢᠯᠭᠠᠨ ᠪᠠᠶᠢᠴᠠᠭᠠᠬᠤ ᠪᠠᠶᠢᠭᠤᠯᠤᠮᠵᠢ ᠶᠢᠨ ᠰᠢᠯᠭᠠᠨ ᠪᠠᠶᠢᠴᠠᠭᠠᠬᠤ ᠴᠢᠳᠠᠪᠤᠷᠢ ᠶᠢᠨ ᠲᠠᠰᠤᠷᠠᠯᠲᠠ ᠦᠭᠡᠶ ᠳᠡᠭᠡᠭᠰᠢᠯᠡᠬᠦ ᠶᠢ ᠳᠠᠭᠠᠯᠳᠤᠨ᠂ ᠤᠷᠢᠳ ᠬᠤᠵᠢᠳ ᠥᠪᠡᠷᠲᠡᠭᠡᠨ ᠵᠠᠰᠠᠬᠤ ᠣᠷᠣᠨ ᠤ ᠤᠯᠤᠰ ᠤᠨ ᠲᠦᠷ ᠴᠠᠭ ᠨᠦᠬᠡᠴᠡᠯᠡᠬᠦ ᠡᠷᠳᠡᠨᠢ ᠰᠢᠰᠢ ᠶᠢᠨ ᠶᠠᠰᠤ ᠴᠢᠨᠠᠷ ᠢ ᠰᠢᠯᠭᠠᠨ ᠠᠪᠬᠤ ᠠᠵᠢᠯ ᠢ ᠡᠭᠦᠷᠭᠡᠯᠡᠵᠦ᠂ ᠤᠯᠤᠰ ᠤᠨ ᠠᠮᠤ ᠪᠤᠳᠠᠭᠠᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠬᠤ ᠳᠤ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号