4 ᠳ᠋ᠦ᠋ᠭᠡᠷ ᠰᠠᠷ᠎ᠠ ᠳᠤ ᠥᠪᠥᠷ ᠮᠣᠩᠭᠤᠯ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠦᠨ᠎ᠡ ᠬᠠᠩᠰᠢ ᠦᠰᠦᠯᠲᠡ ᠪᠠᠭᠤᠷᠠᠯᠲᠠ ᠲᠠᠢ ᠪᠤᠯᠪᠠ
ᠨᠡᠶᠢᠲᠡᠯᠡᠭᠰᠡᠨ ᠴᠠᠭ᠄
2016/6/1
     ᠵᠠᠬ᠎ᠠ ᠳᠡᠯᠭᠡᠭᠦᠷ ᠤᠨ ᠬᠢᠨᠠᠯᠲᠠ ᠬᠡᠮᠵᠢᠯᠲᠡ ᠶᠢᠨ ᠰᠢᠰᠲ᠋ᠧᠮ ᠤᠨ ᠲᠤᠭ᠎ᠠ ᠪᠠᠷᠢᠮᠲᠠ ᠠᠴᠠ ᠦᠵᠡᠪᠡᠯ᠂ 4 ᠳ᠋ᠦ᠋ᠭᠡᠷ ᠰᠠᠷ᠎ᠠ ᠳᠤ ᠮᠠᠨ ᠤ ᠣᠷᠣᠨ ᠤ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠦᠢᠯᠡᠳᠪᠦᠷᠢᠯᠡᠯ ᠤᠨ ᠬᠡᠷᠡᠭᠰᠡᠯ ᠤᠨ ᠦᠨ᠎ᠡ ᠬᠠᠩᠰᠢ ᠠᠳᠠᠯᠢ ᠪᠤᠰᠤ ᠬᠡᠮᠵᠢᠶᠡᠨ ᠤ ᠲᠤᠬᠢᠷᠠᠭᠤᠯᠤᠯᠲᠠ ᠲᠠᠢ ᠪᠤᠯᠪᠠ᠃ 4 ᠳ᠋ᠦ᠋ᠭᠡᠷ ᠰᠠᠷ᠎ᠠ ᠳᠤ᠂ ᠮᠠᠨ ᠤ ᠤᠷᠤᠨ ᠤ ᠨᠡᠭᠦᠷᠡᠰᠦᠨ ᠤ ᠵᠠᠬ᠎ᠠ ᠳᠡᠯᠭᠡᠭᠦᠷ ᠤᠯᠠᠷᠢᠯ ᠤᠨ ᠴᠢᠨᠠᠷᠲᠠᠶ ᠪᠠᠭᠤᠷᠠᠵᠤ᠂ ᠨᠡᠭᠦᠷᠡᠰᠦᠨ ᠤ ᠳᠤᠮᠳᠠᠴᠢ ᠦᠨ᠎ᠡ ᠨᠢ 505.26 ᠲᠥᠭᠦᠷᠢᠭ / ᠲᠣᠨ᠂ ᠬᠠᠷᠢᠴᠠᠭᠤᠯᠤᠭᠰᠠᠨ ᠢᠶᠠᠷ 3.5% ᠪᠠᠭᠤᠷᠠᠵᠠᠢ᠃ 5 ᠳ᠋ᠤᠭᠠᠷ ᠰᠠᠷ᠎ᠠ ᠠᠴᠠ᠂ ᠮᠠᠨ ᠤ ᠤᠷᠤᠨ ᠤ ᠶᠡᠬᠡᠩᠬᠢ ᠨᠡᠭᠦᠷᠡᠰᠦᠨ ᠤ ᠠᠵᠤ ᠠᠬᠤᠶᠢᠯᠠᠯ ᠦᠢᠯᠡᠳᠪᠦᠷᠢᠯᠡᠬᠦ ᠶᠢ ᠬᠢᠵᠠᠭᠠᠷᠯᠠᠬᠤ᠂ ᠦᠢᠯᠡᠳᠪᠦᠷᠢᠯᠡᠬᠦ ᠶᠢ ᠬᠠᠰᠤᠬᠤ ᠲᠤᠭᠲᠠᠭᠠᠯ ᠢ ᠡᠬᠢᠯᠡᠨ ᠬᠡᠷᠡᠭᠵᠢᠭᠦᠯᠦᠭᠰᠡᠨ ᠢᠶᠠᠷ᠂ ᠰᠡᠭᠦᠯ ᠤᠨ ᠦᠶ᠎ᠡ ᠶᠢᠨ ᠨᠡᠭᠦᠷᠡᠰᠦᠨ ᠤ ᠦᠨ᠎ᠡ ᠥᠰᠬᠦ ᠣᠷᠣᠨ ᠵᠠᠶ ᠲᠠᠢ ᠪᠤᠯᠪᠠ ᠂ ᠭᠡᠪᠡᠴᠦ ᠥᠰᠥᠯᠲᠡ ᠶᠢᠨ ᠬᠡᠮᠵᠢᠶ᠎ᠡ ᠨᠢ ᠬᠢᠵᠠᠭᠠᠷ ᠲᠠᠢ ᠶᠤᠮ᠃ ᠪᠤᠯᠤᠳ ᠮᠠᠲ᠋ᠧᠷᠢᠶᠠᠯ ᠱᠠᠳᠤ  ᠦᠶ᠎ᠡ ᠶᠢᠨ ᠴᠢᠨᠠᠷᠲᠠᠶ ᠬᠠᠩᠭᠠᠯᠭ᠎ᠠ ᠬᠡᠷᠡᠭᠴᠡᠭᠡ ᠶᠢ ᠲᠤᠬᠢᠷᠠᠭᠤᠯᠤᠭᠰᠠᠨ ᠢᠶᠠᠷ ᠦᠨ᠎ᠡ ᠦᠰᠬᠦ ᠶᠢ ᠳᠠᠶᠢᠴᠢᠯᠠᠵᠤ᠂ ᠲᠡᠮᠦᠷ ᠤᠨ ᠬᠦᠳᠡᠷ ᠤᠨ ᠦᠨ᠎ᠡ ᠦᠰᠦᠭᠰᠡᠨ ᠶᠠᠪᠤᠳᠠᠯ ᠨᠢ ᠪᠤᠯᠤᠳ ᠮᠠᠲ᠋ᠧᠷᠢᠶᠠᠯ ᠤᠨ ᠦᠨ᠎ᠡ ᠦᠰᠬᠦ ᠶᠢ ᠲᠦᠯᠬᠢᠨ ᠠᠬᠢᠭᠤᠯᠪᠠ᠃ 4 ᠳ᠋ᠦ᠋ᠭᠡᠷ ᠰᠠᠷ᠎ᠠ ᠳᠤ ᠮᠠᠨ ᠤ ᠤᠷᠤᠨ ᠤ ᠪᠤᠯᠤᠳ ᠮᠠᠲ᠋ᠧᠷᠢᠶᠠᠯ ᠤᠨ ᠳᠤᠮᠳᠠᠴᠢ ᠦᠨ᠎ᠡ 2945.48 ᠲᠥᠭᠦᠷᠢᠭ / ᠲᠣᠨ ᠪᠤᠯᠵᠤ᠂ ᠬᠠᠷᠢᠴᠠᠭᠤᠯᠤᠭᠰᠠᠨ ᠢᠶᠠᠷ 4.7% ᠦᠰᠴᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号