ᠥᠪᠥᠷ ᠮᠣᠩᠭᠤᠯ ᠳᠤ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠭᠴᠢ ᠪᠦᠲᠦᠭᠡᠯ ᠤᠨ ᠠᠯᠳᠠᠷᠲᠠᠨ ᠤ ᠴᠢᠳᠠᠭ 2 ᠤᠯᠤᠰ ᠤᠨ ᠳᠡᠰ ᠤᠨ ᠲᠥᠷᠥᠯ ᠵᠦᠢᠯ 78 ᠪᠠᠶᠢᠨ᠎ᠠ
ᠨᠡᠶᠢᠲᠡᠯᠡᠭᠰᠡᠨ ᠴᠠᠭ᠄
2016/6/12
     6 ᠳ᠋ᠤᠭᠠᠷ ᠰᠠᠷ᠎ᠠ ᠶᠢᠨ 11᠎ ᠤ ᠡᠳᠦᠷ ᠪᠣᠯ ᠮᠠᠨ ᠤ ᠤᠯᠤᠰ ᠤᠨ 11᠎ ᠳᠠᠬᠢ ︽ᠰᠣᠶᠣᠯ ᠤᠨ ᠥᠪ ᠤᠨ ᠡᠳᠦᠷ︾ ᠮᠦᠨ᠂ ᠪᠠᠰᠠ ᠴᠤ ᠮᠠᠨ ᠤ ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠤᠨ ᠬᠠᠤᠯᠢ ᠶᠢ ᠨᠡᠶᠢᠲᠡᠯᠡᠨ ᠬᠡᠷᠡᠭᠵᠢᠭᠦᠯᠦᠭᠰᠡᠨ 5 ᠵᠢᠯ ᠤᠨ ᠣᠶ ᠶᠢᠨ ᠳᠤᠷᠠᠰᠬᠠᠯ ᠤᠨ ᠡᠳᠦᠷ ᠮᠥᠨ᠃ ᠲᠤᠰ ᠡᠳᠦᠷ ᠤᠨ ᠦᠳᠡ ᠶᠢᠨ ᠡᠮᠦᠨ᠎ᠡ᠂ ︽11᠎ ᠳᠠᠬᠢ ᠤᠯᠤᠰ ᠤᠨ ᠰᠣᠶᠣᠯ ᠤᠨ ᠥᠪ ᠤᠨ ᠡᠳᠦᠷ · ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠳᠠᠰ ᠤᠨ ᠪᠤᠰᠤ ᠰᠣᠶᠣᠯ ᠤᠨ ᠥᠪ ᠢ ᠤᠬᠠᠭᠤᠯᠵᠤ ᠳᠡᠯᠭᠡᠨ ᠦᠵᠡᠭᠦᠯᠬᠦ ᠠᠵᠢᠯᠯᠠᠭ᠎ᠠ︾᠎ ᠶᠢᠨ ᠡᠬᠢᠯᠡᠬᠦ ᠶᠣᠰᠣᠯᠠᠯ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠳᠤ ᠶᠠᠪᠤᠭᠳᠠᠪᠠ᠃      ᠲᠤᠰ ᠤᠳᠠᠭᠠᠨ ᠤ ᠠᠵᠢᠯᠯᠠᠭ᠎ᠠ ᠶᠢ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠲᠢᠩᠬᠢᠮ᠂ ᠬᠥᠬᠡᠬᠤᠲᠠ ᠶᠢᠨ ᠵᠠᠰᠠᠭ ᠤᠨ ᠣᠷᠳᠣᠨ ᠬᠠᠮᠲᠤᠷᠠᠨ ᠭᠤᠤᠯᠯᠠᠨ ᠡᠷᠭᠢᠯᠡᠵᠦ᠂ ᠬᠥᠬᠡᠬᠤᠲᠠ ᠶᠢᠨ ᠰᠣᠶᠣᠯ ᠤᠨ ᠰᠣᠨᠢᠨ ᠮᠡᠳᠡᠭᠡ ᠬᠡᠪᠯᠡᠯ ᠷᠠᠳᠢᠣ᠋ ᠲᠧᠯᠸᠢᠰ ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠲᠥᠪ᠂ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ᠂ ᠬᠥᠬᠡᠬᠤᠲᠠ ᠶᠢᠨ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠲᠥᠪ ᠬᠠᠮᠲᠤᠷᠠᠨ ᠡᠷᠭᠢᠯᠡᠵᠦ᠂ ︽ᠰᠣᠶᠣᠯ ᠤᠨ ᠥᠪ ᠤᠨ ᠬᠠᠮᠠᠭᠠᠯᠠᠯᠲᠠ ᠶᠢ ᠴᠢᠩᠭᠠᠳᠬᠠᠨ ᠤᠯᠠᠮᠵᠢᠯᠠᠯᠲᠤ ᠭᠠᠷ ᠤᠷᠠᠯᠠᠯ ᠢ ᠬᠦᠭᠵᠢᠭᠦᠯᠦᠨ ᠮᠠᠨᠳᠤᠭᠤᠯᠤᠶ᠎ᠠ︾ ᠭᠡᠰᠡᠨ ᠢᠶᠠᠷ ᠭᠤᠣᠯ ᠰᠡᠳᠦᠪ ᠪᠣᠯᠭᠠᠵᠤ᠂ ᠬᠥᠬᠡᠬᠤᠲᠠ ᠣᠷᠣᠨ ᠤ 20 ᠭᠠᠷᠤᠢ ᠪᠤᠳᠠᠰ ᠤᠨ ᠪᠤᠰᠤ ᠰᠤᠶᠤᠯ ᠤᠨ ᠦᠪ ᠤᠨ ᠲᠦᠷᠦᠯ ᠵᠦᠢᠯ ᠢ ᠲᠥᠪᠯᠡᠷᠡᠭᠦᠯᠦᠨ ᠦᠵᠡᠭᠦᠯᠪᠡ᠃       ᠨᠣᠣ ᠭᠧ ᠲᠣᠭᠯᠠᠯᠲᠠ᠂ ᠲᠠᠢ ᠫᠢᠩ ᠬᠡᠩᠭᠡᠷᠭᠡᠨ ᠪᠦᠵᠢᠭ᠂ ᠮᠣᠩᠭᠤᠯ ᠦᠨᠳᠦᠰᠦᠲᠡᠨ ᠤ ᠤᠯᠠᠮᠵᠢᠯᠠᠯᠲᠤ ᠬᠤᠪᠴᠠᠰᠤ ᠵᠠᠰᠠᠯ ᠤᠨ ᠦᠵᠡᠭᠦᠯᠦᠯᠭᠡ᠂ ᠰᠢᠨ᠎ᠡ ᠬᠤᠲᠠ ᠶᠢᠨ ᠥᠨᠳᠡᠭᠡᠨ ᠬᠠᠯᠢᠰᠤᠨ ᠤ ᠰᠡᠶᠢᠯᠦᠮᠡᠯ᠂ ᠬᠥᠬᠡᠬᠤᠲᠠ ᠭᠤᠯᠢᠷ ᠪᠠᠷᠢᠮᠠᠯ᠂ ᠰᠠᠶᠢᠬᠠᠨ ᠲᠤᠭᠤᠷᠢᠭ ᠤᠨ ᠴᠣᠩᠬᠤᠨ ᠰᠡᠶᠢᠯᠦᠮᠡᠯ ᠵᠡᠷᠭᠡ ᠲᠣᠭᠯᠠᠯᠲᠠ ᠳᠡᠯᠭᠡᠨ ᠦᠵᠡᠭᠦᠯᠦᠯᠭᠡ ᠪᠠ ᠬᠠᠷᠢᠯᠴᠠᠨ ᠠᠬᠢᠭᠤᠯᠬᠤ ᠵᠠᠩᠭᠢᠯᠠᠭ᠎ᠠ ᠨᠢ ᠦᠯᠡᠮᠵᠢ ᠤᠯᠠᠨ ᠲᠣᠭᠤᠷᠢᠨ ᠦᠵᠡᠭᠴᠢ ᠶᠢ ᠲᠠᠲᠠᠵᠤ᠂ ᠦᠪᠯᠡᠨ ᠵᠠᠯᠭᠠᠮᠵᠢᠯᠠᠭᠴᠢ ᠪᠠᠰᠠ ᠤᠯᠠᠨ ᠳᠤ ᠶᠤᠤᠮᠠᠶ ᠶᠢᠨ ᠭᠤᠯᠢᠷ᠂ ᠱᠤᠤᠮᠠᠢ ᠪᠠ ᠪᠣᠣᠪᠤ ᠬᠢᠬᠦ ᠤᠷ᠎ᠠ ᠮᠡᠷᠭᠡᠵᠢᠯ ᠢᠶᠠᠨ ᠵᠢᠭᠠᠭᠰᠠᠨ ᠪᠠᠶᠢᠨ᠎ᠠ᠃      ᠣᠳᠣᠬᠠᠨ ᠪᠣᠯᠲᠠᠯ᠎ᠠ᠂ ᠮᠠᠨ ᠤ ᠣᠷᠣᠨ ᠳᠤ ᠬᠥᠮᠦᠨ ᠲᠥᠷᠥᠯᠬᠢᠲᠡᠨ ᠤ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠭᠴᠢ ᠪᠦᠲᠦᠭᠡᠯ ᠤᠨ ᠠᠯᠲᠠᠷᠳᠠᠨ ᠤ ᠴᠢᠳᠠᠭ 2᠂ ᠤᠯᠤᠰ ᠤᠨ ᠳᠡᠰ ᠤᠨ ᠲᠥᠷᠥᠯ ᠵᠦᠢᠯ 78᠂ ᠥᠪᠡᠷᠲᠡᠭᠡᠨ ᠵᠠᠰᠠᠬᠤ ᠣᠷᠣᠨ ᠤ ᠳᠡᠰ ᠤᠨ ᠲᠥᠷᠥᠯ ᠵᠦᠢᠯ 342᠂ ᠠᠶᠢᠮᠠᠭ ᠬᠤᠲᠠ ᠶᠢᠨ ᠳᠡᠰ ᠤᠨ ᠲᠥᠷᠥᠯ ᠵᠦᠢᠯ1190᠂ ᠬᠤᠰᠢᠭᠤ ᠰᠢᠶᠠᠨ ᠤ ᠳᠡᠰ ᠤᠨ ᠲᠥᠷᠥᠯ ᠵᠦᠢᠯ 2310 ᠪᠠᠶᠢᠨ᠎ᠠ᠃ ᠤᠯᠤᠰ ᠤᠨ ᠳᠡᠰ ᠤᠨ ᠦᠪᠯᠡᠨ ᠵᠠᠯᠭᠠᠮᠵᠢᠯᠠᠭᠴᠢ 42 ᠬᠥᠮᠦᠨ᠂ ᠥᠪᠡᠷᠲᠡᠭᠡᠨ ᠵᠠᠰᠠᠬᠤ ᠣᠷᠣᠨ ᠤ ᠳᠡᠰ ᠤᠨ ᠦᠪᠯᠡᠨ ᠵᠠᠯᠭᠠᠮᠵᠢᠯᠠᠭᠴᠢ 564 ᠬᠥᠮᠦᠨ᠂ ᠠᠶᠢᠮᠠᠭ ᠬᠤᠳᠠ ᠶᠢᠨ ᠳᠡᠰ ᠤᠨ ᠦᠪᠯᠡᠨ ᠵᠠᠯᠭᠠᠮᠵᠢᠯᠠᠭᠴᠢ 2104 ᠬᠦᠮᠦᠨ᠂ ᠬᠤᠰᠢᠭᠤ ᠰᠢᠶᠠᠨ ᠤ ᠳᠡᠰ ᠤᠨ ᠦᠪᠯᠡᠨ ᠵᠠᠯᠭᠠᠮᠵᠢᠯᠠᠭᠴᠢ 3732  ᠬᠥᠮᠦᠨ ᠪᠠᠶᠢᠨ᠎ᠠ᠃ ᠪᠣᠳᠠᠰ ᠤᠨ ᠪᠤᠰᠤ ᠰᠣᠶᠣᠯ ᠤᠨ ᠥᠪ ᠤᠨ ᠠᠯᠳᠠᠷᠲᠠᠨ ᠤ ᠴᠢᠳᠠᠭ ᠤᠨ ᠪᠠᠶᠢᠭᠤᠯᠤᠯᠲᠠ ᠪᠣᠯᠤᠨ ᠠᠪᠤᠷᠠᠨ ᠬᠠᠮᠠᠭᠠᠯᠠᠬᠤ ᠠᠵᠢᠯ ᠡᠯᠪᠡᠭ ᠳᠡᠯᠪᠡᠭ ᠦᠷ᠎ᠡ ᠪᠦᠲᠦᠭᠡᠯ ᠤᠯᠪᠠ᠃      ᠲᠤᠰ ᠡᠳᠦᠷ ᠤᠨ ᠠᠵᠢᠯᠯᠠᠭᠠᠨ ᠤ ᠳᠤᠮᠳᠠ᠂ ᠭᠤᠤᠯᠯᠠᠨ ᠡᠷᠭᠢᠯᠡᠭᠰᠡᠨ ᠲᠠᠯ᠎ᠠ ᠠᠴᠠ ᠪᠠᠰᠠ ᠬᠥᠬᠡᠬᠤᠲᠠ ᠶᠢᠨ ᠡᠯ᠎ᠡ ᠨᠤᠮ ᠰᠠᠩ ᠳᠤ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠦᠷ᠎ᠡ ᠪᠦᠲᠦᠭᠡᠯ ᠤᠨ ᠲᠠᠨᠢᠯᠴᠠᠭᠤᠯᠭ᠎ᠠ ᠶᠢᠨ ᠨᠣᠮ ᠪᠢᠴᠢᠭ ᠪᠡᠯᠡᠭᠯᠡᠵᠦ ᠬᠦᠷᠭᠡᠭᠰᠡᠨ ᠪᠥᠭᠡᠳ ᠬᠥᠬᠡᠬᠤᠲᠠ ᠣᠷᠣᠨ ᠤ ᠥᠪᠡᠷᠲᠡᠭᠡᠨ ᠵᠠᠰᠠᠬᠤ ᠣᠷᠣᠨ ᠤ ᠲᠠᠪᠤᠳᠤᠭᠠᠷ ᠪᠦᠯᠦᠭ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠦᠷᠦᠯ ᠵᠦᠢᠯ ᠤᠨ ᠠᠯᠳᠠᠷᠲᠠᠨ ᠤ ᠴᠢᠳᠠᠭ ᠲᠤ ᠤᠷᠤᠭᠤᠯᠤᠭᠰᠠᠨ ᠨᠡᠷᠡᠰ ᠢ ᠨᠡᠶᠢᠲᠡᠯᠡᠵᠦ᠂ ᠬᠦᠬᠡᠬᠤᠲᠠ ᠶᠢᠨ ᠵᠢᠷᠭᠤᠳᠤᠭᠠᠷ ᠪᠦᠯᠦᠭ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠦᠷᠦᠯ ᠵᠦᠢᠯ ᠤᠨ ᠫᠠᠶᠢᠰᠠ ᠢᠯᠡᠷᠬᠡᠶᠢᠯᠡᠯ ᠢ ᠣᠯᠭᠤᠭᠰᠠᠨ ᠪᠠᠶᠢᠨ᠎ᠠ᠃      ᠪᠣᠳᠠᠰ ᠤᠨ ᠪᠤᠰᠤ ᠰᠣᠶᠣᠯ ᠤᠨ ᠥᠪ ᠤᠨ ᠦᠷ᠎ᠡ ᠪᠦᠲᠦᠭᠡᠯ ᠢ ᠨᠡᠩ ᠰᠠᠶᠢᠲᠤᠷ ᠤᠬᠠᠭᠤᠯᠤᠨ ᠲᠠᠨᠢᠯᠴᠠᠭᠤᠯᠬᠤ ᠶᠢᠨ ᠲᠦᠯᠦᠭᠡ᠂ ᠲᠤᠰ ᠡᠳᠦᠷ ᠤᠨ ᠥᠷᠯᠥᠭᠡ ᠶᠢᠨ 8 ᠴᠠᠭ ᠠᠴᠠ ᠤᠷᠤᠢ ᠶᠢᠨ 22 ᠴᠠᠭ ᠳᠤ ᠪᠤᠯᠲᠠᠯ᠎ᠠ ᠬᠥᠬᠡᠬᠤᠲᠠ ᠠᠴᠠ ᠪᠡᠭᠡᠵᠢᠩ ᠤᠨ ᠪᠠᠷᠠᠭᠤᠨ ᠦᠷᠲᠡᠭᠡ ᠬᠦᠷᠬᠦ Z315 / 6 ᠡᠭᠡᠯᠵᠢ ᠶᠢᠨ ᠭᠠᠯᠲᠤ ᠲᠡᠷᠭᠡᠨ ᠳᠣᠲᠣᠷ᠎ᠠ᠂ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠲᠥᠪ ᠪᠣᠯᠤᠨ ᠪᠤᠭᠤᠲᠤ ᠶᠢᠨ ᠲᠡᠮᠦᠷ ᠵᠠᠮ ᠤᠨ ᠠᠶᠠᠨᠴᠢᠨ ᠤ ᠲᠡᠭᠡᠭᠡᠪᠦᠷᠢ ᠶᠢᠨ ᠬᠡᠰᠡᠭ ᠤᠨ ᠬᠦᠬᠡᠬᠤᠲᠠ ᠪᠡᠭᠡᠵᠢᠩ ᠲᠡᠷᠭᠡᠨ ᠠᠩᠭᠢ ᠶᠢᠨ ᠠᠵᠢᠯᠲᠠᠳ ᠪᠠᠰᠠ ᠠᠶᠠᠨᠴᠢᠳ ᠢ ᠵᠤᠬᠢᠶᠠᠨ ᠪᠠᠶᠢᠭᠤᠯᠤᠨ ᠱᠠᠨ ᠰᠢ ᠵᠦᠴᠦᠭᠡ᠂ ᠮᠠᠩᠬᠠᠨ ᠳᠠᠭᠤᠤ᠂ ᠬᠤᠷᠢᠨᠭᠡᠷ ᠴᠠᠭᠠᠰᠤᠨ ᠬᠠᠶᠢᠴᠢᠯᠠᠮᠠᠯ᠂ ᠮᠣᠩᠭᠤᠯ ᠬᠥᠪᠡᠭᠡᠲᠦ ᠤᠯᠠᠮᠵᠢᠯᠠᠯᠲᠤ ᠭᠠᠷ ᠤᠷᠠᠯᠠᠯ ᠤᠨ ᠤᠷ᠎ᠠ ᠮᠡᠷᠭᠡᠵᠢᠯ ᠵᠡᠷᠭᠡ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠤᠯᠠᠨ ᠲᠦᠷᠦᠯ ᠵᠦᠢᠯ ᠢ ᠵᠢᠭᠠᠨ ᠰᠤᠷᠭᠠᠬᠤ ᠦᠢᠯᠡᠳᠦᠯᠴᠡᠬᠦ ᠠᠵᠢᠯᠯᠠᠭ᠎ᠠ ᠦᠷᠨᠢᠭᠦᠯᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号