︽ᠪᠡᠶ᠎ᠡ ᠶᠢᠨ ᠲᠠᠮᠢᠷ ᠤᠨ ᠬᠥᠳᠡᠯᠭᠡᠭᠡᠨ ᠢ ᠬᠦᠭᠵᠢᠭᠦᠯᠦᠨ᠂ ᠠᠷᠠᠳ ᠲᠦᠮᠡᠨ ᠤ ᠪᠡᠶ᠎ᠡ ᠮᠠᠬᠠᠪᠣᠳ ᠢ ᠴᠢᠭᠢᠷᠠᠭᠵᠢᠭᠤᠯᠵᠦ᠂ ᠰᠡᠳᠬᠢᠯ ᠨᠢᠭᠡᠳᠦᠨ ᠳᠤᠮᠳᠠᠳᠤ ᠶᠢᠨ ᠬᠦᠰᠡᠯᠡᠩ ᠢ ᠲᠡᠷᠭᠡᠯᠰᠢᠭᠦᠯᠤᠶ᠎ᠠ︾ ᠬᠡᠮᠡᠬᠦ ᠥᠪᠥᠷ ᠮᠣᠩᠭᠤᠯ ᠤᠨ ᠠᠷᠠᠳ ᠨᠡᠶᠢᠲᠡ ᠶᠢᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠠᠯᠢ ᠤᠯᠠᠨ ᠬᠦᠳᠡᠯᠭᠡᠭᠡᠨ ᠬᠥᠬᠡᠬᠤᠲᠠ ᠳᠤ ᠡᠬᠢᠯᠡᠪᠡ
ᠨᠡᠶᠢᠲᠡᠯᠡᠭᠰᠡᠨ ᠴᠠᠭ᠄
2016/6/12
     6 ᠳ᠋ᠤᠭᠠᠷ ᠰᠠᠷ᠎ᠠ ᠶᠢᠨ 10᠎ ᠤ ᠡᠳᠦᠷ ᠤᠨ ᠦᠳᠡ ᠶᠢᠨ ᠡᠮᠦᠨᠡᠬᠢ 8᠄ 30᠎ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠶᠡᠷᠦᠩᠬᠡᠶ ᠡᠪᠯᠡᠯ ᠭᠤᠣᠯᠯᠠᠨ ᠡᠷᠬᠢᠯᠡᠵᠦ᠂ ᠬᠥᠬᠡᠬᠤᠲᠠ ᠶᠢᠨ ᠪᠡᠶ᠎ᠡ ᠶᠢᠨ ᠲᠠᠮᠢᠷ ᠤᠨ ᠶᠡᠷᠦᠩᠬᠡᠶ ᠡᠪᠯᠡᠯ᠂ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠳᠠᠭᠠᠭᠠᠴᠢᠯᠠᠨ ᠡᠷᠬᠢᠯᠡᠵᠦ᠂ ᠰᠠᠶᠢᠬᠠᠨ ᠲᠣᠭᠤᠷᠢᠭ ᠤᠨ ᠰᠣᠶᠣᠯ ᠲᠠᠮᠢᠷ ᠷᠠᠳᠢᠣ᠋ ᠨᠡᠪᠲᠡᠷᠡᠭᠦᠯᠭᠡ ᠲᠧᠯᠸᠢᠰ ᠲᠣᠪᠴᠢᠶ᠎ᠠ᠂ ᠥᠪᠥᠷ ᠮᠣᠩᠭᠤᠯ ᠤᠨ ᠪᠡᠶ᠎ᠡ ᠲᠠᠮᠢᠷ ᠤᠨ ᠪᠥᠵᠢᠭ ᠤᠨ ᠨᠡᠶᠢᠭᠡᠮᠯᠢᠭ᠂ ᠥᠪᠥᠷ ᠮᠣᠩᠭᠤᠯ ᠤᠨ ᠵᠡᠭᠡᠯᠢ ᠶᠢᠨ ᠪᠥᠵᠢᠭ ᠤᠨ ᠨᠡᠶᠢᠭᠡᠮᠯᠢᠭ ᠤᠨ ᠬᠠᠮᠵᠢᠯᠴᠠᠨ ᠡᠷᠬᠢᠯᠡᠭᠰᠡᠨ ︽ᠪᠡᠶ᠎ᠡ ᠶᠢᠨ ᠲᠠᠮᠢᠷ ᠤᠨ ᠬᠥᠳᠡᠯᠭᠡᠭᠡᠨ ᠢ ᠬᠦᠭᠵᠢᠭᠦᠯᠦᠨ᠂ ᠠᠷᠠᠳ ᠲᠦᠮᠡᠨ ᠤ ᠪᠡᠶ᠎ᠡ ᠮᠠᠬᠠᠪᠣᠳ ᠢ ᠴᠢᠭᠢᠷᠠᠭᠵᠢᠭᠤᠯᠵᠦ᠂ ᠰᠡᠳᠬᠢᠯ ᠨᠢᠭᠡᠳᠦᠨ ᠳᠤᠮᠳᠠᠳᠤ ᠶᠢᠨ ᠬᠦᠰᠡᠯᠡᠩ ᠢ ᠲᠡᠷᠭᠡᠯᠰᠢᠭᠦᠯᠤᠶ᠎ᠠ︾ ᠬᠡᠮᠡᠬᠦ ᠥᠪᠥᠷ ᠮᠣᠩᠭᠤᠯ ᠤᠨ ᠠᠷᠠᠳ ᠨᠡᠶᠢᠲᠡ ᠶᠢᠨ ᠪᠡᠶ᠎ᠡ ᠮᠠᠬᠠᠪᠣᠳ ᠢ ᠴᠢᠭᠢᠷᠠᠭᠵᠢᠭᠤᠯᠬᠤ ᠠᠯᠢ ᠤᠯᠠᠨ ᠬᠦᠳᠡᠯᠭᠡᠭᠡᠨ ᠤ ᠡᠬᠢᠯᠡᠯᠲᠡ ᠶᠢᠨ ᠶᠣᠰᠣᠯᠠᠯ ᠵᠢᠴᠢ ᠰᠠᠶᠢᠬᠠᠨ ᠲᠣᠭᠤᠷᠢᠭ ᠤᠨ ᠲᠦᠮᠡᠨ ᠬᠥᠮᠦᠨ ᠤ ᠪᠡᠶ᠎ᠡ ᠴᠢᠭᠢᠷᠠᠭᠵᠢᠭᠤᠯᠬᠤ ᠪᠥᠵᠢᠭ ᠤᠨ ᠤᠷᠤᠯᠳᠤᠭᠠᠨ ᠬᠥᠬᠡᠬᠤᠲᠠ ᠶᠢᠨ ᠮᠠᠨᠳᠤᠬᠠᠶ ᠴᠡᠴᠡᠷᠯᠢᠭ ᠲᠤ ᠶᠠᠪᠤᠭᠳᠠᠪᠠ᠃      ᠲᠤᠰ ᠤᠳᠠᠭᠠᠨ ᠤ ᠬᠦᠳᠡᠯᠭᠡᠭᠡᠨ ᠪᠣᠯ ᠮᠠᠤ ᠽᠧ ᠳ᠋ᠦᠩ ᠨᠥᠬᠦᠷ ᠤᠨ 1952 ᠣᠨ ᠤ 6 ᠳ᠋ᠤᠭᠠᠷ ᠰᠠᠷ᠎ᠠ ᠶᠢᠨ 10᠎ ᠤ ᠡᠳᠦᠷ ᠳᠤᠮᠳᠠᠳᠤ ᠶᠢᠨ ᠪᠦᠬᠦ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠡᠪᠯᠡᠯ ᠪᠠᠶᠢᠭᠤᠯᠤᠭᠳᠠᠭᠰᠠᠨ ᠳᠤ ᠵᠣᠷᠢᠭᠤᠯᠤᠭᠰᠠᠨ ︽ᠪᠡᠶ᠎ᠡ ᠶᠢᠨ ᠲᠠᠮᠢᠷ ᠤᠨ ᠬᠥᠳᠡᠯᠭᠡᠭᠡᠨ ᠢ ᠬᠥᠭᠵᠢᠭᠦᠯᠵᠦ᠂ ᠠᠷᠠᠳ ᠲᠦᠮᠡᠨ ᠤ ᠪᠡᠶ᠎ᠡ ᠮᠠᠬᠠᠪᠣᠳ ᠢ ᠴᠢᠬᠢᠷᠠᠭᠵᠢᠭᠤᠯᠤᠶ᠎ᠠ︾ ᠭᠡᠬᠦ ᠪᠢᠴᠢᠭᠡᠰᠦ ᠶᠢ ᠳᠤᠷᠠᠰᠬᠠᠵᠦ᠂ ᠶᠡᠷᠦᠩᠬᠡᠶ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠠ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠ᠂ ᠳᠥᠷᠪᠡ᠂ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠠᠯᠠᠭᠤᠯᠤᠨ᠂ ᠠᠷᠠᠳ ᠨᠡᠶᠢᠲᠡ ᠶᠢᠨ ᠪᠡᠶ᠎ᠡ ᠮᠠᠬᠠᠪᠣᠳ ᠢ ᠴᠢᠭᠢᠷᠠᠭᠵᠢᠭᠤᠯᠬᠤ ᠤᠯᠤᠰ ᠣᠷᠣᠨ ᠤ ᠪᠠᠶᠢᠯᠳᠤᠬᠤ ᠪᠤᠳᠤᠯᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ ᠂ ᠰᠢᠨ᠎ᠡ ᠡᠭᠡᠯᠵᠢ ᠶᠢᠨ ︽ᠠᠷᠠᠳ ᠨᠡᠶᠢᠲᠡ ᠶᠢᠨ ᠪᠡᠶ᠎ᠡ ᠮᠠᠬᠠᠪᠣᠳ ᠢ ᠴᠢᠭᠢᠷᠠᠭᠵᠢᠭᠤᠯᠬᠤ ᠶᠢᠨ ᠬᠡᠷᠡᠭᠵᠢᠭᠦᠯᠬᠦ ᠲᠥᠯᠥᠪᠯᠡᠭᠡ︾᠎ ᠶᠢ ᠨᠡᠶᠢᠲᠡᠯᠡᠨ ᠬᠡᠷᠡᠭᠵᠢᠭᠦᠯᠬᠦ ᠳᠤ ᠣᠷᠴᠢᠨ ᠨᠥᠬᠦᠴᠡᠯ ᠡᠭᠦᠳᠦᠨ᠂ ᠠᠷᠠᠳ ᠨᠡᠶᠢᠲᠡ ᠶᠢᠨ ᠪᠡᠶ᠎ᠡ ᠴᠢᠬᠢᠷᠠᠭᠵᠢᠭᠤᠯᠬᠤ ᠬᠦᠳᠡᠯᠭᠡᠭᠡᠨ ᠢ ᠦᠷᠭᠡᠨ ᠳᠡᠯᠭᠡᠷ ᠥᠷᠨᠢᠭᠦᠯᠵᠦ᠂ ᠤᠯᠠᠨ ᠲᠦᠮᠡᠨ ᠤ ᠪᠡᠶ᠎ᠡ ᠶᠢᠨ ᠲᠠᠮᠢᠷ ᠤᠨ ᠠᠮᠢᠳᠤᠷᠠᠯ ᠢ ᠠᠬᠢᠭᠤᠯᠤᠨ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠠᠵᠢᠯ ᠤᠨ ︽33533︾ ᠬᠥᠭᠵᠢᠯᠲᠡ ᠶᠢᠨ ᠰᠡᠳᠬᠢᠮᠵᠢ ᠶᠢ ᠪᠣᠳᠠᠲᠤ ᠠᠵᠢᠯᠯᠠᠭ᠎ᠠ ᠪᠠᠷ ᠢᠶᠠᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠴᠢᠨᠡᠭᠡᠯᠢᠭ ᠨᠡᠶᠢᠭᠡᠮ ᠪᠠ ᠡᠩᠬᠡ ᠮᠡᠨᠳᠦ ᠥᠪᠥᠷ ᠮᠣᠩᠭᠤᠯ ᠢ ᠪᠦᠳᠤᠭᠡᠨ ᠪᠠᠶᠢᠭᠤᠯᠬᠤ ᠳᠤ ᠢᠯᠡᠭᠦᠬᠡᠨ ᠬᠤᠪᠢ ᠨᠡᠮᠡᠷᠢ ᠦᠵᠡᠭᠦᠯᠬᠦ ᠬᠡᠷᠡᠭᠲᠡᠶ᠃      ᠲᠤᠰ ᠤᠳᠠᠭᠠᠨ ᠤ ᠬᠦᠳᠡᠯᠭᠡᠭᠡᠨ ᠨᠢ ︽ᠪᠡᠶ᠎ᠡ ᠶᠢᠨ ᠲᠠᠮᠢᠷ ᠤᠨ ᠬᠥᠳᠡᠯᠭᠡᠭᠡᠨ ᠢ ᠬᠦᠭᠵᠢᠭᠦᠯᠦᠨ᠂ ᠠᠷᠠᠳ ᠲᠦᠮᠡᠨ ᠤ ᠪᠡᠶ᠎ᠡ ᠮᠠᠬᠠᠪᠣᠳ ᠢ ᠴᠢᠭᠢᠷᠠᠭᠵᠢᠭᠤᠯᠵᠦ᠂ ᠰᠡᠳᠬᠢᠯ ᠨᠢᠭᠡᠳᠦᠨ ᠳᠤᠮᠳᠠᠳᠤ ᠶᠢᠨ ᠬᠦᠰᠡᠯᠡᠩ ᠢ ᠲᠡᠷᠭᠡᠯᠰᠢᠭᠦᠯᠤᠶ᠎ᠠ︾ ᠬᠡᠮᠡᠬᠦ ᠭᠤᠣᠯ ᠰᠡᠳᠦᠪ ᠢᠶᠠᠷ ᠶᠠᠪᠤᠭᠳᠠᠨ᠎ᠠ᠃ 6 ᠳ᠋ᠤᠭᠠᠷ ᠰᠠᠷ᠎ᠠ ᠶᠢᠨ 10᠎ ᠤ ᠡᠳᠦᠷ ᠠᠴᠠ ᠡᠮᠦᠨᠡᠬᠢ ᠬᠤᠶᠢᠨᠠᠬᠢ ᠨᠢᠭᠡ ᠭᠠᠷᠠᠭ ᠠᠴᠠ 8 ᠳ᠋ᠤᠭᠠᠷ ᠰᠠᠷ᠎ᠠ ᠶᠢᠨ 8᠎ ᠤ ᠡᠳᠦᠷ ᠬᠦᠷᠲᠡᠯᠡᠬᠢ ᠠᠷᠠᠳ ᠨᠡᠶᠢᠲᠡ ᠶᠢᠨ ᠪᠡᠶ᠎ᠡ ᠮᠠᠬᠠᠪᠣᠳ ᠢ ᠴᠢᠭᠢᠷᠠᠭᠵᠢᠭᠤᠯᠬᠤ ᠡᠳᠦᠷ ᠤᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠶᠡᠷᠦᠩᠬᠡᠶ ᠡᠪᠯᠡᠯ ᠠᠴᠠ ᠵᠣᠬᠢᠶᠠᠨ ᠪᠠᠶᠢᠭᠤᠯᠬᠤ ᠪᠦᠭᠡᠳ ᠡᠯ᠎ᠡ ᠱᠠᠲᠤᠨ ᠤ ᠪᠡᠶ᠎ᠡ ᠶᠢᠨ ᠲᠠᠮᠢᠷ ᠤᠨ ᠶᠡᠷᠦᠩᠬᠡᠶ ᠡᠪᠯᠡᠯ ᠪᠠ ᠡᠯ᠎ᠡ ᠠᠵᠢᠯ ᠲᠦᠷᠦᠯ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ᠂ ᠡᠯ᠎ᠡ ᠭᠠᠭᠴᠠ ᠲᠦᠷᠦᠯ ᠤᠨ ᠬᠦᠳᠡᠯᠭᠡᠭᠡᠨ ᠤ ᠨᠡᠶᠢᠭᠡᠮᠯᠢᠭ ᠤᠳ ᠪᠣᠳᠠᠲᠠᠢ ᠪᠠᠶᠢᠳᠠᠯ ᠲᠠᠢ ᠪᠠᠨ ᠤᠶᠠᠯᠳᠤᠭᠤᠯᠤᠨ ᠬᠦᠳᠡᠯᠭᠡᠭᠡᠨ ᠦᠷᠨᠢᠭᠦᠯᠵᠦ᠂ ᠠᠮᠢᠳᠤᠷᠠᠯ ᠲᠠᠢ ᠣᠶᠢᠷᠠᠲᠤᠭᠰᠠᠨ᠂ ᠦᠪᠡᠷᠮᠢᠴᠡ ᠣᠨᠴᠠᠯᠢᠭ ᠲᠠᠢ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠭᠰᠠᠨ᠂ ᠤᠷᠤᠯᠴᠠᠬᠤ ᠳᠤ ᠳᠦᠭᠦᠮ᠂ ᠠᠷᠠᠳ ᠲᠤ ᠠᠰᠢᠭ ᠬᠦᠷᠲᠡᠭᠡᠬᠦ᠂ ᠪᠠᠶᠠᠯᠢᠭ ᠠᠭᠤᠯᠭ᠎ᠠ ᠪᠦᠬᠦᠢ ᠪᠡᠶ᠎ᠡ ᠶᠢᠨ ᠲᠠᠮᠢᠷ ᠪᠡᠶ᠎ᠡ ᠮᠠᠬᠠᠪᠤᠳ ᠴᠢᠬᠢᠷᠠᠭᠵᠢᠭᠤᠯᠬᠤ ᠬᠥᠳᠡᠯᠭᠡᠭᠡᠨ ᠢ ᠥᠷᠭᠡᠨ ᠳᠡᠯᠭᠡᠷ ᠦᠷᠨᠢᠭᠦᠯᠬᠦ ᠶᠢᠨ ᠳᠠᠭᠠᠤ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠬᠡᠯᠪᠡᠷᠢ ᠪᠠᠨ ᠰᠢᠨᠡᠴᠢᠯᠡᠨ ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠪᠥᠬᠦ ᠣᠷᠣᠨ ᠢᠶᠠᠷ ᠢᠶᠠᠨ ᠬᠥᠳᠡᠯᠦᠯᠴᠡᠬᠦ ᠪᠠᠷ ᠳᠠᠮᠵᠢᠨ᠂ ᠥᠷᠭᠡᠨ ᠤᠯᠠᠨ ᠠᠷᠠᠳ ᠲᠦᠮᠡᠨ ᠢᠯᠠᠩᠭᠤᠶ᠎ᠠ ᠦᠨᠳᠦᠰᠦᠨ ᠱᠠᠲᠤᠨ ᠤ ᠨᠡᠶᠢᠭᠡᠮ ᠲᠣᠭᠤᠷᠢᠭ ᠤᠨ ᠤᠯᠠᠨ ᠲᠦᠮᠡᠨ ᠤ ᠪᠡᠶ᠎ᠡ ᠶᠢᠨ ᠲᠠᠮᠢᠷ ᠤᠨ ᠪᠡᠶ᠎ᠡ ᠮᠠᠬᠠᠪᠤᠳ ᠢᠶᠠᠨ ᠴᠢᠬᠢᠷᠠᠭᠵᠢᠭᠤᠯᠬᠤ ᠠᠵᠢᠯᠯᠠᠭ᠎ᠠ ᠳᠤ ᠰᠠᠨᠠᠭᠠᠴᠢᠯᠠᠭ᠎ᠠ ᠠᠴᠠ ᠪᠠᠨ ᠣᠷᠤᠯᠴᠠᠬᠤ ᠦᠵᠡᠯ ᠤᠬᠠᠮᠰᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨᠴᠢ ᠪᠠᠷ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠣᠨᠤᠯᠵᠢᠬᠤᠨ ᠢ ᠤᠬᠠᠭᠤᠯᠬᠤ ᠪᠠ ᠰᠠᠨᠠᠭᠠᠴᠢᠯᠠᠬᠤ ᠶᠢ ᠤᠷᠢᠶᠠᠯᠠᠪᠠ᠃      ᠡᠬᠢᠯᠡᠯᠲᠡ ᠶᠢᠨ ᠶᠣᠰᠣᠯᠠᠯ ᠳᠡᠭᠡᠷ᠎ᠡ᠂ ᠬᠥᠬᠡᠬᠤᠲᠠ ᠶᠢᠨ ᠰᠠᠶᠢᠬᠠᠨ ᠲᠣᠭᠤᠷᠢᠭ ᠤᠨ ᠲᠦᠮᠡᠨ ᠬᠥᠮᠦᠨ ᠤ ᠪᠡᠶ᠎ᠡ ᠴᠢᠭᠢᠷᠠᠭᠵᠢᠭᠤᠯᠬᠤ ᠪᠥᠵᠢᠭ ᠤᠨ ᠤᠷᠤᠯᠳᠤᠭᠠᠨ ᠤ ᠠᠩᠬᠠᠨ ᠤ ᠰᠤᠩᠭᠤᠯᠲᠠ ᠶᠢ ᠶᠠᠪᠤᠭᠳᠠᠭᠤᠯᠵᠤ᠂ ᠨᠡᠶᠢᠳᠡ 20 ᠡᠩᠨᠡᠭᠡ 400 ᠭᠠᠷᠤᠶ ᠬᠥᠮᠦᠨ ᠣᠷᠤᠯᠴᠠᠪᠠ᠃ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠪᠥᠵᠢᠭ ᠤᠨ ᠨᠡᠶᠢᠭᠡᠮᠯᠢᠭ ᠠᠴᠠ ᠵᠣᠬᠢᠶᠠᠨ ᠪᠠᠶᠢᠭᠤᠯᠤᠭᠰᠠᠨ ᠪᠡᠶ᠎ᠡ ᠲᠠᠮᠢᠷ ᠤᠨ ᠪᠥᠵᠢᠭ ᠤᠨ ᠲᠣᠭᠯᠠᠯᠲᠠ ᠪᠠ ᠥᠪᠥᠷ ᠮᠣᠩᠭᠤᠯ ᠤᠨ ᠵᠡᠭᠡᠯᠢ ᠶᠢᠨ ᠪᠥᠵᠢᠭ ᠤᠨ ᠨᠡᠶᠢᠭᠡᠮᠯᠢᠭ ᠠᠴᠠ ᠵᠣᠬᠢᠶᠠᠨ ᠪᠠᠶᠢᠭᠤᠯᠤᠭᠰᠠᠨ ᠵᠡᠭᠡᠯᠢ ᠶᠢᠨ ᠪᠥᠵᠢᠭ ᠤᠨ ᠲᠣᠭᠯᠠᠯᠲᠠ ᠵᠡᠷᠭᠡ ᠎ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠣᠯ ᠬᠤᠷᠠᠯ ᠤᠨ ᠲᠠᠯᠠᠪᠠᠢ ᠶᠢᠨ ᠬᠦᠳᠡᠯᠭᠡᠭᠡᠨ ᠳᠤ ᠣᠷᠤᠯᠴᠠᠪᠠ᠃ ᠥᠪᠡᠷᠲᠡᠭᠡᠨ ᠵᠠᠰᠠᠬᠤ ᠣᠷᠣᠨ ᠤ ᠭᠤᠣᠯ ᠬᠤᠷᠠᠯ ᠤᠨ ᠲᠠᠯᠠᠪᠠᠢ ᠨᠢ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ᠂ ᠳᠤᠮᠳᠠᠳᠤ ᠶᠢᠨ ᠪᠦᠬᠦ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠡᠪᠯᠡᠯ ᠤᠨ 6 ᠳ᠋ᠤᠭᠠᠷ ᠰᠠᠷ᠎ᠠ ᠶᠢᠨ 5᠎ ᠤ ᠡᠳᠦᠷ ᠵᠢᠶᠠᠩᠰᠢ ᠮᠤᠵᠢ ᠶᠢᠨ ᠷᠦᠢᠵᠢᠨ ᠳᠤ᠂ 6 ᠳ᠋ᠤᠭᠠᠷ ᠰᠠᠷ᠎ᠠ ᠶᠢᠨ 18᠎ ᠤ ᠡᠳᠦᠷ ᠱᠠᠨᠰᠢ ᠮᠤᠵᠢ ᠶᠢᠨ ᠶᠠᠨ ᠠᠨ ᠳᠤ ᠡᠷᠬᠢᠯᠡᠭᠰᠡᠨ ᠭᠤᠣᠯ ᠰᠡᠳᠦᠪᠲᠦ ᠵᠢᠱᠢᠶ᠎ᠡ ᠦᠵᠡᠭᠦᠯᠬᠦ ᠬᠦᠳᠡᠯᠭᠡᠭᠡᠨ ᠯᠦᠭᠡ ᠬᠠᠷᠢᠯᠴᠠᠨ ᠬᠦᠳᠡᠯᠦᠯᠴᠡᠵᠦ ᠴᠤᠤᠷᠢᠶᠠᠳᠤᠨ ᠳᠠᠭᠠᠪᠠ᠃      ᠥᠪᠡᠷᠲᠡᠭᠡᠨ ᠵᠠᠰᠠᠬᠤ ᠣᠷᠣᠨ ᠤ ᠠᠯᠢ ᠤᠯᠠᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠬᠦᠳᠡᠯᠭᠡᠭᠡᠨ ᠨᠢ 6 ᠳ᠋ᠤᠭᠠᠷ ᠰᠠᠷ᠎ᠠ ᠶᠢᠨ 10᠎ ᠤ ᠡᠳᠦᠷ ᠠᠴᠠ ᠡᠮᠦᠨᠡᠬᠢ ᠬᠤᠶᠢᠨᠠᠬᠢ ᠨᠢᠭᠡ ᠭᠠᠷᠠᠭ ᠠᠴᠠ 8 ᠳ᠋ᠤᠭᠠᠷ ᠰᠠᠷ᠎ᠠ ᠶᠢᠨ 8᠎ ᠤ ᠡᠳᠦᠷ ᠤᠨ ᠠᠷᠠᠳ ᠨᠡᠶᠢᠲᠡ ᠶᠢᠨ ᠪᠡᠶ᠎ᠡ ᠮᠠᠬᠠᠪᠤᠳ ᠢ ᠴᠢᠬᠢᠷᠠᠭᠵᠢᠭᠤᠯᠬᠤ ᠡᠳᠦᠷ ᠪᠣᠯᠲᠠᠯ᠎ᠠ ᠦᠷᠭᠦᠯᠵᠢᠯᠡᠵᠦ᠂ ᠥᠪᠥᠷ ᠮᠣᠩᠭᠤᠯ ᠤᠨ ᠪᠠᠷᠠᠭᠤᠨ ᠬᠡᠰᠡᠭ ᠤᠨ ᠠᠶᠢᠮᠠᠭ ᠬᠤᠲᠠ ᠬᠤᠰᠢᠭᠤ ᠰᠢᠶᠠᠨ ᠤ ᠪᠥᠬᠡ ᠶᠢᠨ ᠤᠷᠢᠯᠭ᠎ᠠ ᠶᠢᠨ ᠤᠷᠤᠯᠳᠤᠭᠠᠨ᠂ ︽ᠠᠮᠢᠵᠢᠷᠠᠯ ᠤᠨ ᠬᠦᠴᠦᠨ ᠲᠠᠢ ᠲᠥᠪ ᠡᠩᠬᠡ ᠮᠡᠨᠳᠦ ᠰᠢᠨ᠎ᠡ ᠬᠤᠲᠠ︾ ᠬᠡᠮᠡᠬᠦ ᠲᠦᠮᠡᠨ ᠬᠥᠮᠦᠨ ᠤ ᠬᠤᠯᠠ ᠭᠦᠶᠦᠬᠦ ᠬᠦᠳᠡᠯᠭᠡᠭᠡᠨ᠂ ᠪᠦᠬᠦ ᠣᠷᠣᠨ ᠤ ᠪᠥᠬᠡ ᠶᠢᠨ ᠮᠠᠩᠯᠠᠢ ᠰᠢᠯᠭᠠᠷᠠᠭᠤᠯᠬᠤ ᠲᠡᠮᠡᠴᠡᠭᠡᠨ᠂ ᠠᠷᠠᠳ ᠨᠡᠶᠢᠲᠡ ᠶᠢᠨ ᠪᠡᠶ᠎ᠡ ᠮᠠᠬᠠᠪᠣᠳ ᠢ ᠴᠢᠭᠢᠷᠠᠭᠵᠢᠭᠤᠯᠬᠤ ᠡᠳᠦᠷ ᠤᠨ ᠪᠦᠬᠦ ᠤᠯᠤᠰ ᠤᠨ ᠲᠦᠮᠡᠨ ᠬᠥᠮᠦᠨ ᠤ ᠰᠢᠲᠠᠷ᠎ᠠ ᠬᠥᠵᠥᠷ ᠤᠨ ᠶᠡᠭᠡ ᠤᠷᠤᠯᠳᠤᠭᠠᠨ ᠤ ᠥᠪᠥᠷ ᠮᠣᠩᠭᠤᠯ ᠤᠨ ᠬᠤᠪᠢᠶᠠᠷᠢ ᠤᠷᠤᠯᠳᠤᠭᠠᠨ ᠤ ᠬᠦᠳᠡᠯᠭᠡᠭᠡᠨ ᠵᠡᠷᠭᠡ 12 ᠵᠦᠢᠯ ᠤᠨ ᠠᠷᠠᠳ ᠨᠡᠶᠢᠲᠡ ᠶᠢᠨ ᠪᠡᠶ᠎ᠡ ᠮᠠᠬᠠᠪᠣᠳ ᠢ ᠴᠢᠭᠢᠷᠠᠭᠵᠢᠭᠤᠯᠬᠤ ᠤᠷᠤᠯᠳᠤᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠬᠤ ᠪᠠᠷ ᠲᠦᠯᠦᠪᠯᠡᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号