ᠥᠪᠥᠷ ᠮᠣᠩᠭᠤᠯ ᠤᠨ ᠢᠳᠡᠬᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠬ ᠤᠨ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2016/6/14
      ᠬᠥᠬᠡᠬᠤᠲᠠ ᠶᠢᠨ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠠᠵᠢᠯᠲᠠᠨ ᠠᠬᠤᠢ ᠲᠠᠯᠠᠪᠠᠢ ᠳᠤ ᠬᠦᠷᠴᠦ ᠬᠤᠲᠠ ᠶᠢᠨ ᠠᠷᠠᠳ ᠲᠤ ᠪᠣᠭᠤᠳᠠᠯ ᠠᠴᠠ ᠨᠢ ᠦᠢᠯᠡᠳᠬᠦᠨ ᠤ ᠵᠢᠩᠬᠢᠨᠢ ᠬᠠᠭᠤᠷᠮᠠᠭ ᠢ ᠢᠯᠭᠠᠨ ᠲᠠᠨᠢᠬᠤ ᠶᠢ ᠵᠢᠭᠠᠵᠤ ᠪᠣᠢ          6 ᠳ᠋ᠤᠭᠠᠷ ᠰᠠᠷ᠎ᠠ ᠶᠢᠨ 13᠎ ᠤ ᠡᠳᠦᠷ ᠤᠨ ᠦᠳᠡ ᠶᠢᠨ ᠡᠮᠦᠨ᠎ᠡ᠂ ᠦᠪᠡᠷᠳᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠦᠪᠯᠡᠯ᠂ ᠬᠦᠬᠡᠬᠤᠳᠠ ᠶᠢᠨ ᠵᠠᠰᠠᠬ ᠤᠨ ᠤᠷᠳᠤᠨ ᠠᠴᠠ ᠭᠤᠤᠯᠯᠠᠨ ᠡᠷᠬᠢᠯᠡᠭᠰᠡᠨ 2016 ᠣᠨ ᠤ ᠪᠦᠬᠦ ᠤᠷᠤᠨ ᠤ ᠢᠳᠡᠬᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠬ ᠤᠨ ᠠᠵᠢᠯᠯᠠᠭ᠎ᠠ ᠶᠢᠨ ᠡᠬᠢᠯᠡᠬᠦ ᠶᠤᠰᠤᠯᠠᠯ ᠬᠦᠬᠡᠬᠤᠳᠠ ᠳᠤ ᠶᠠᠪᠤᠬᠳᠠᠪᠠ᠃      ᠦᠪᠡᠷᠳᠡᠬᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠦᠪᠯᠡᠯ ᠤᠨ ᠪᠠᠶᠢᠩᠭᠤ ᠶᠢᠨ ᠲᠡᠳ᠋ ᠡᠷᠬᠢᠯᠡᠭᠴᠢ ᠯᠢᠦ ᠰᠢᠨ ᠯᠧ ᠡᠬᠢᠯᠡᠬᠦ ᠶᠤᠰᠤᠯᠠᠯ ᠳᠤ ᠤᠷᠤᠯᠴᠠᠬᠰᠠᠨ ᠎ ᠤ ᠬᠠᠮᠳᠤ ᠶᠠᠷᠢᠶ᠎ᠠ ᠲᠠᠯᠪᠢᠵᠠᠢ᠃      ᠯᠢᠦ ᠰᠢᠨ ᠯᠧ ᠵᠢᠭᠠᠵᠣ ᠭᠠᠷᠭᠠᠭᠰᠠᠨ ᠨᠢ᠂ ᠢᠳᠡᠬᠡᠨ ᠤ ᠠᠮᠤᠷ ᠲᠦᠪᠰᠢᠨ ᠢ ᠪᠠᠳᠤᠯᠠᠬᠤ ᠪᠤᠯ ᠨᠢᠬᠡᠨ ᠤᠷᠳᠤ ᠬᠤᠭᠤᠴᠠᠭᠠᠨ ᠤ ᠰᠢᠰᠲ᠋ᠧᠮᠳᠤ ᠢᠨᠵᠧᠨᠧᠷᠢᠩ ᠪᠣᠯᠣᠨ᠎ᠠ᠂ ᠮᠤᠷᠠᠯ ᠢ ᠡᠷᠬᠢᠮᠯᠡᠨ ᠬᠠᠤᠯᠢ ᠶᠢ ᠰᠠᠬᠢᠬᠤ ᠰᠤᠷᠳᠠᠯ ᠢ ᠪᠤᠢ ᠪᠤᠯᠭᠠᠵᠣ᠂ ᠢᠳᠡᠬᠡᠨ ᠤ ᠠᠮᠤᠷ ᠲᠦᠪᠰᠢᠨ ᠤ ᠰᠠᠶᠢᠨ ᠰᠠᠶᠢᠬᠠᠨ ᠤᠷᠴᠢᠨ ᠲᠤᠭᠤᠷᠢᠨ ᠢ ᠪᠤᠢ ᠪᠤᠯᠭᠠᠵᠣ᠂ ᠢᠳᠡᠬᠡᠨ ᠎ ᠤ ᠠᠮᠤᠷ ᠲᠦᠪᠰᠢᠨ ᠤ ᠦᠷ᠎ᠡ ᠪᠦᠳᠦᠬᠡᠯ ᠢ ᠬᠠᠮᠳᠤᠪᠡᠷ ᠡᠳ᠋ᠯᠡᠬᠦ ᠬᠡᠷᠡᠭᠳᠡᠢ᠃ ᠢᠳᠡᠬᠡᠨ ᠤ ᠠᠮᠤᠷ ᠲᠦᠪᠰᠢᠨ ᠢ ᠲᠡᠭᠡᠳᠦ ᠬᠡᠮᠵᠢᠶ᠎ᠡ ᠪᠠᠷ ᠬᠦᠨᠳᠦᠳᠭᠡᠵᠦ᠂ ᠢᠳᠡᠬᠡᠨ ᠤ ᠠᠮᠤᠷ ᠲᠦᠪᠰᠢᠨ ᠤ ᠤᠬᠠᠭᠤᠯᠭ᠎ᠠ ᠬᠦᠮᠦᠵᠢᠯ ᠤᠨ ᠠᠵᠢᠯ ᠳᠤ ᠰᠢᠨ᠎ᠠ ᠲᠠᠨᠢᠯᠳᠠ ᠲᠠᠢ ᠪᠣᠯᠬᠤ ᠬᠡᠷᠡᠭᠳᠡᠢ᠃ ᠵᠦᠪ ᠬᠦᠳᠦᠯᠦᠨ ᠲᠠᠭᠠᠭᠤᠯᠵᠤ᠂ ᠢᠳᠡᠬᠡᠨ ᠤ ᠠᠮᠤᠷ ᠲᠦᠪᠰᠢᠨ ᠢ ᠬᠠᠮᠳᠤᠪᠡᠷ ᠵᠠᠰᠠᠨ ᠬᠠᠮᠳᠤᠪᠡᠷ ᠡᠳ᠋ᠯᠡᠬᠦ ᠰᠢᠨ᠎ᠠ ᠲᠤᠬᠳᠠᠴᠠ ᠶᠢ ᠪᠠᠶᠢᠭᠤᠯᠬᠤ ᠬᠡᠷᠡᠭᠳᠡᠢ ᠬᠡᠵᠡᠢ᠃      ᠤᠢᠢᠯᠠᠭᠠᠬᠰᠠᠨ ᠢᠶᠠᠷ᠂ 2016 ᠣᠨ ᠤ ᠮᠠᠨ ᠤ ᠤᠷᠤᠨ ᠤ ᠢᠳᠡᠬᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠬ ᠤᠨ ᠠᠵᠢᠯᠯᠠᠭ᠎ᠠ 6 ᠳ᠋ᠤᠭᠠᠷ ᠰᠠᠷ᠎ᠠ ᠶᠢᠨ 13᠎ ᠤ ᠡᠳᠦᠷ ᠠᠴᠠ ᠡᠬᠢᠯᠡᠨ 6 ᠳ᠋ᠤᠭᠠᠷ ᠰᠠᠷ᠎ᠠ ᠶᠢᠨ 27᠎ ᠤ ᠡᠳᠦᠷ ᠪᠤᠯᠳᠠᠯ᠎ᠠ ᠶᠠᠪᠤᠬᠳᠠᠨ᠎ᠠ᠃ ᠠᠵᠢᠯᠯᠠᠭ᠎ᠠ ᠶᠢᠨ ᠬᠤᠭᠤᠴᠠᠭᠠᠨ ᠳᠤ᠂ ᠦᠪᠡᠷᠳᠡᠬᠡᠨ ᠵᠠᠰᠠᠬᠤ ᠤᠷᠤᠨ ᠤ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠦᠪᠯᠡᠯ ᠤᠨ ᠪᠦᠷᠢᠯᠳᠦᠬᠦᠨ ᠨᠢᠬᠡᠴᠡ ᠪᠣᠯᠬᠤ 16 ᠲᠢᠩᠬᠢᠮ ᠲᠤᠪᠴᠢᠶ᠎ᠠ ᠭᠤᠤᠯ ᠴᠤᠬᠴᠠ ᠶᠢᠨ ᠡᠳᠦᠷ ᠤᠨ ᠤᠬᠠᠭᠤᠯᠭ᠎ᠠ ᠦᠷᠨᠢᠭᠦᠯᠵᠦ᠂ ᠪᠦᠬᠦ ᠤᠷᠤᠨ ᠤ 12 ᠠᠶᠢᠮᠠᠬ ᠬᠤᠳᠠ᠂ 102 ᠬᠤᠰᠢᠭᠤ ᠰᠢᠶᠠᠨ ᠲᠤᠭᠤᠷᠢᠭ ᠴᠦ ᠵᠡᠷᠬᠡᠪᠡᠷ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠬᠦ ᠪᠤᠯᠤᠨ᠎ᠠ᠃ ᠡᠬᠦᠨ ᠤ ᠵᠡᠷᠬᠡᠪᠡᠷ ᠪᠠᠰᠠ ᠢᠳᠡᠬᠡᠨ ᠤ ᠠᠮᠤᠷ ᠲᠦᠪᠰᠢᠨ ᠤ ᠮᠡᠳᠡᠯᠬᠡ ᠶᠢᠨ ᠬᠢᠴᠢᠶᠡᠯ ᠤᠨ ᠲᠢᠩᠬᠢᠮ ᠪᠤᠯᠤᠨ ᠢᠳᠡᠬᠡᠨ ᠤ ᠠᠮᠤᠷ ᠲᠦᠪᠰᠢᠨ ᠤ ᠦᠪᠦᠷ ᠮᠤᠩᠭᠤᠯ ᠳᠠᠬᠢ ᠠᠶᠠᠯᠠᠯ᠂ ᠢᠳᠡᠬᠡᠨ ᠤ ᠠᠮᠤᠷ ᠲᠦᠪᠰᠢᠨ ᠤ ᠰᠤᠷᠭᠠᠭᠤᠯᠢ ᠶᠢᠨ ᠬᠦᠷᠢᠶᠡᠨ ᠳᠠᠬᠢ ᠠᠶᠠᠯᠠᠯ᠂ ᠢᠳᠡᠬᠡᠨ ᠤ ᠠᠮᠤᠷ ᠲᠦᠪᠰᠢᠨ ᠤ ᠬᠠᠮ ᠲᠡᠯᠬᠡᠬᠦᠷ ᠲᠠᠬᠢ ᠠᠶᠠᠯᠠᠯ᠂ ᠢᠳᠡᠬᠡᠨ ᠤ ᠠᠮᠤᠷ ᠲᠦᠪᠰᠢᠨ ᠤ ᠠᠵᠤ ᠠᠬᠤᠢᠢᠯᠠᠯ ᠳᠠᠬᠢ ᠠᠶᠠᠯᠠᠯ ᠵᠡᠷᠬᠡ ᠰᠢᠷᠢᠰ ᠠᠵᠢᠯᠯᠠᠭ᠎ᠠ ᠦᠷᠨᠢᠬᠦᠯᠬᠦ ᠪᠤᠯᠤᠨ᠎ᠠ
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号