| ᠰᠤᠷᠪᠤᠯᠵᠢᠯᠠᠭᠰᠠᠨ ᠴᠠᠭ᠄ | 2016 ᠤᠨ ᠤ 6 ᠳ᠋ᠤᠭᠠᠷ ᠰᠠᠷ᠎ᠠ ᠶᠢᠨ 2 ᠤᠨ ᠡᠳᠦᠷ ᠤᠨ ᠦᠳᠡ ᠶᠢᠨ ᠬᠤᠶᠢᠨᠠᠬᠢ 4 ᠴᠠᠭ | ᠰᠤᠷᠪᠤᠯᠵᠢᠯᠠᠭᠰᠠᠨ ᠵᠤᠴᠢᠨ᠄ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ | ᠳᠦᠷᠢᠮ ᠤᠨ ᠠᠯᠪᠠᠨ ᠭᠡᠷ ᠤᠨ ᠳᠡᠳ᠋ ᠡᠷᠬᠢᠯᠡᠭᠴᠢ ᠵᠢᠶᠠ ᠯᠢ | ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ | ᠢᠳᠡᠭᠡᠨ ᠤ ᠠᠮᠤᠷ ᠲᠦᠪᠰᠢᠨ ᠪᠣᠯ ᠠᠷᠠᠳ ᠤᠨ ᠠᠮᠢᠳᠤᠷᠠᠯ ᠤᠨ ᠴᠢᠬᠤᠯᠠ ᠶᠡᠭᠡ ᠠᠰᠠᠭᠤᠳᠠᠯ᠂ ᠠᠵᠤ | ᠠᠬᠤᠶ ᠶᠢᠨ ᠠᠰᠠᠭᠤᠳᠠᠯ᠂ ᠨᠡᠶᠢᠭᠡᠮ ᠤᠨ ᠠᠰᠠᠭᠤᠳᠠᠯ᠂ ᠤᠯᠤᠰ ᠲᠦᠷᠦ ᠶᠢᠨ ᠠᠰᠠᠭᠤᠳᠠᠯ ᠮᠥᠨ᠂ ᠲᠡᠷᠡ ᠨᠢ | ᠠᠷᠠᠳ ᠣᠯᠠᠨ ᠤ ᠪᠡᠶ᠎ᠡ ᠶᠢᠨ ᠡᠷᠡᠭᠦᠯ ᠮᠡᠨᠳᠦ ᠪᠤᠯᠤᠨ ᠠᠮᠢ ᠨᠠᠰᠤᠨ ᠤ ᠠᠮᠤᠷ ᠲᠦᠪᠰᠢᠨ ᠳᠤ ᠬᠤᠯᠪᠣᠭᠳᠠᠵᠤ᠂ | ᠨᠡᠶᠢᠭᠡᠮ ᠤᠨ ᠡᠶ᠎ᠡ ᠵᠣᠬᠢᠴᠠᠯ ᠲᠣᠭᠲᠠᠭᠤᠨ ᠪᠠᠶᠢᠳᠠᠯ ᠳᠤ ᠬᠤᠯᠪᠤᠭᠳᠠᠨ᠎ᠠ᠃ ᠠᠮᠢᠳᠤᠷᠠᠯ ᠤᠨ ᠲᠦᠪᠰᠢᠨ ᠲᠠᠰᠤᠷᠠᠯᠲᠠ | ᠦᠭᠡᠶ ᠳᠡᠭᠡᠭᠰᠢᠯᠡᠬᠦ ᠶᠢ ᠳᠠᠭᠠᠯᠳᠤᠨ᠂ ᠠᠷᠠᠳ ᠲᠦᠮᠡᠨ ᠢᠳᠡᠭᠡᠨ ᠤ ᠠᠮᠤᠷ ᠲᠦᠪᠰᠢᠨ ᠢ ᠨᠡᠩ ᠠᠩᠬᠠᠷᠴᠤ᠂ ᠠᠮᠤ | ᠬᠦᠨᠡᠰᠦ ᠶᠢᠨ ᠠᠮᠤᠷ ᠲᠦᠪᠰᠢᠨ ᠢ ᠲᠡᠷᠢᠭᠦᠨ ᠳᠤ ᠲᠠᠯᠪᠢᠬᠤ ᠱᠠᠭᠠᠷᠳᠠᠯᠭ᠎ᠠ ᠨᠡᠩ ᠴᠢᠩᠭᠠᠷᠠᠭᠰᠠᠨ ᠪᠤᠯᠬᠤᠷ᠂ | ᠢᠳᠡᠭᠡᠨ ᠤ ᠠᠮᠤᠷ ᠲᠦᠪᠰᠢᠨ ᠤ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠨᠢ ᠨᠢᠭᠡᠨᠲᠡ | ᠠᠵᠤ ᠠᠬᠤᠶ ᠨᠡᠶᠢᠭᠡᠮ ᠤᠨ ᠬᠥᠭᠵᠢᠯᠲᠡ ᠳᠠᠬᠢ ᠨᠢᠭᠡᠨ ᠴᠢᠬᠤᠯᠠ ᠮᠦᠷᠲᠡᠭᠡᠨ ᠲᠤᠯᠭᠠᠮ᠎ᠠ ᠡᠭᠦᠷᠭᠡ ᠪᠤᠯᠵᠠᠢ᠃ | ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠢᠳᠡᠭᠡᠨ ᠤ ᠠᠮᠤᠷ ᠲᠦᠪᠰᠢᠨ ᠤ ᠠᠵᠢᠯ ᠢ | ᠢᠮᠠᠭᠲᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠶᠡᠷᠦᠩᠬᠡᠶ ᠱᠦᠵᠢ ᠰᠢ ᠶᠢᠨ ᠫᠢᠩ᠂ ᠶᠡᠷᠦᠩᠬᠡᠶ ᠰᠠᠶᠢᠳ ᠯᠢ ᠺᠧ | ᠴᠢᠶᠠᠩ ᠣᠯᠠᠨᠲᠠ ᠴᠢᠬᠤᠯᠠ ᠴᠣᠬᠤᠯᠠᠪᠤᠷᠢ ᠭᠠᠷᠭᠠᠵᠤ᠂ ᠢᠳᠡᠭᠡᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠪᠤᠯ | ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠠᠶᠢᠯᠠᠰᠢ ᠦᠭᠡᠢ ᠬᠠᠷᠢᠭᠤᠴᠠᠯᠭ᠎ᠠ ᠪᠤᠯᠤᠨ᠎ᠠ ᠬᠡᠵᠤ | ᠴᠢᠬᠤᠯᠠᠴᠢᠯᠠᠪᠠ᠃ ᠥᠪᠥᠷ ᠮᠣᠩᠭᠤᠯ ᠪᠣᠯ ᠪᠦᠬᠦ ᠤᠯᠤᠰ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠵᠤ ᠭᠠᠳᠠᠭᠰᠢ ᠭᠠᠷᠭᠠᠬᠤ ᠶᠡᠭᠡ ᠣᠷᠣᠨ ᠪᠤᠯᠬᠤᠷ᠂ ᠢᠳᠡᠭᠡᠨ ᠤ | ᠠᠮᠤᠷ ᠲᠦᠪᠰᠢᠨ ᠤ ᠠᠵᠢᠯ ᠢ ᠴᠢᠩᠭᠠᠳᠬᠠᠬᠤ ᠨᠢ ᠪᠦᠬᠦ ᠤᠯᠤᠰ ᠤᠨ ᠢᠳᠡᠭᠡᠨ ᠤ ᠁ | | ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ | | ᠬᠥᠲᠥᠯᠥᠭᠴᠢ᠄ | ᠲᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠡᠷ ᠬᠤᠨᠢ ᠢᠮᠠᠭ᠎ᠠ ᠨᠢᠲᠤᠯᠬᠤ | ᠬᠠᠮᠢᠶᠠᠷᠤᠯᠲᠠ ᠶᠢᠨ ᠠᠷᠭ᠎ᠠ︾ ᠶᠢᠨ ᠬᠠᠤᠯᠢ ᠲᠤᠭᠲᠠᠭᠠᠯᠲᠠ ᠶᠢᠨ ᠠᠬᠤᠶ ᠪᠠᠶᠢᠳᠠᠯ ᠢ ᠲᠠᠨᠢᠯᠴᠠᠭᠤᠯᠤᠭᠠᠳ ᠦᠭᠭᠦᠨ᠎ᠡ | ᠤᠤ︖ | ᠵᠢᠶᠠ ᠯᠢ᠄ | 2015 ᠣᠨ ᠪᠤᠯᠬᠤ ᠳᠤ ᠮᠠᠯ ᠠᠵᠤ ᠠᠬᠤᠶ ᠶᠢᠨ ᠣᠨ ᠤ ᠦᠰᠦᠯᠲᠡ ᠶᠢᠨ ᠨᠤᠷᠮ᠎ᠠ 11 ᠵᠢᠯ ᠳᠠᠷᠠᠭᠠᠯᠠᠨ | 1 ᠳ᠋ᠦᠡᠭᠰᠢᠭᠤᠷ ᠲᠤᠭ᠎ᠠ ᠲᠤᠯᠤᠭᠠᠢ ᠠᠴᠠ ᠳᠡᠭᠡᠭᠰᠢ ᠪᠠᠶᠢᠬᠤ ᠶᠢ ᠲᠤᠭᠲᠠᠪᠤᠷᠢᠲᠠᠢ ᠪᠠᠲᠤᠯᠠᠵᠤ᠂ 1.36 ᠳ᠋ᠦᠡᠭᠰᠢᠭᠤᠷ | ᠲᠤᠭ᠎ᠠ ᠲᠣᠯᠣᠭᠠᠶ ᠳᠤ ᠬᠦᠷᠪᠡ᠃ ᠡᠭᠦᠨ ᠳᠤ ᠬᠤᠨᠢ ᠢᠮᠠᠭ᠎ᠠ 1.07 ᠳ᠋ᠦᠡᠭᠰᠢᠭᠤᠷ ᠲᠤᠯᠤᠭᠠᠢ᠂ ᠠᠯᠠᠰᠢᠨ ᠦᠬᠡᠷ | 830 ᠲᠦᠮᠡᠨ ᠲᠤᠯᠤᠭᠠᠢ᠂ ᠭᠠᠭ᠋ᠠᠶ 1490 ᠭᠠᠷᠤᠢ ᠲᠦᠮᠡᠨ ᠲᠤᠯᠤᠭᠠᠢ ᠪᠤᠢ᠃ ᠮᠠᠨ ᠤ ᠣᠷᠣᠨ ᠤ ᠮᠠᠯ | ᠨᠢᠲᠤᠯᠬᠤ ᠠᠵᠢᠯ ᠲᠦᠷᠤᠯ ᠤᠨ ᠣᠨᠴᠠᠯᠢᠭ ᠪᠣᠯ ᠦᠬᠡᠷ ᠬᠤᠨᠢ ᠪᠠᠷ ᠭᠤᠣᠯ ᠪᠣᠯᠭᠠᠵᠤ᠂ ᠵᠢᠯ ᠪᠦᠷᠢ ᠨᠢᠲᠤᠯᠠᠵᠤ | ᠬᠤᠳᠠᠯᠳᠤᠬᠤ ᠢᠳᠡᠰᠢᠨ ᠮᠠᠯ ᠤᠨ ᠲᠤᠭ᠎ᠠ 7000 ᠲᠦᠮᠡᠨ ᠲᠤᠯᠤᠭᠠᠢ ᠳᠤ ᠤᠶᠢᠷᠠᠲᠤᠵᠤ᠂ ᠦᠬᠡᠷ ᠬᠤᠨᠢ | ᠨᠢᠲᠤᠯᠬᠤ ᠶᠡᠷᠦᠩᠬᠡᠶ ᠬᠡᠮᠵᠢᠶᠡᠨ ᠤ 70% ᠰᠢᠬᠠᠮ ᠢ ᠡᠵᠡᠯᠡᠪᠡ᠃ ᠲᠤᠭ᠎ᠠ ᠲᠤᠯᠤᠭᠠᠢ ᠶᠢᠨ ᠨᠡᠮᠡᠭᠳᠡᠬᠦ ᠶᠢᠨ | ᠳᠠᠭᠠᠤ ᠳᠤ᠂ ᠤᠯᠠᠭᠠᠨ ᠢᠳᠡᠭᠡᠨ ᠤ ᠶᠠᠰᠤ ᠴᠢᠨᠠᠷ ᠤᠨ ᠠᠰᠠᠭᠤᠳᠠᠯ ᠳᠤ ᠴᠤ ᠳᠠᠯᠳᠠ ᠭᠡᠮ ᠤᠷᠤᠰᠢᠵᠤ᠂ ᠢᠯᠠᠩᠭᠤᠶ᠎ᠠ | ᠦᠬᠡᠷ ᠬᠤᠨᠢ ᠨᠢᠲᠤᠯᠬᠤ ᠠᠵᠢᠯ ᠲᠦᠷᠦᠯ ᠳᠤ ᠳᠤᠷ᠎ᠠ ᠪᠠᠷ ᠢᠶᠠᠨ ᠨᠢᠲᠤᠯᠬᠤ᠂ ᠡᠪᠡᠳᠴᠢᠯᠡᠵᠦ ᠦᠭᠦᠭᠰᠡᠨ ᠠᠮᠢᠲᠠᠨ ᠢ | ᠨᠢᠲᠤᠯᠬᠤ᠂ ᠤᠰᠤ ᠲᠠᠷᠢᠬᠤ᠂ ᠬᠤᠤᠷ ᠬᠥᠨᠥᠭᠡᠯᠲᠡᠶ ᠬᠠᠤᠯᠢ ᠠᠴᠠ ᠵᠦᠷᠢᠴᠡᠭᠰᠡᠨ ᠢᠳᠡᠭᠡᠨ ᠤ ᠨᠡᠮᠡᠯᠲᠡ ᠪᠤᠳᠠᠰ | ᠲᠠᠷᠢᠬᠤ᠂ ᠮᠠᠯ ᠤᠨ ᠡᠮ ᠤᠨ ᠦᠯᠡᠳᠡᠭᠳᠡᠯ ᠪᠤᠳᠠᠰ ᠵᠡᠷᠭᠡ ᠠᠰᠠᠭᠤᠳᠠᠯ ᠣᠷᠣᠰᠢᠵᠤ ᠪᠠᠶᠢᠭ᠎ᠠ ᠨᠢ ᠣᠯᠠᠨ ᠨᠡᠶᠢᠲᠡ ᠶᠢᠨ | ᠡᠷᠡᠭᠦᠯ ᠮᠠᠨᠲᠤ ᠶᠢ ᠬᠦᠨᠳᠦ ᠨᠣᠴᠢᠲᠠᠶ ᠰᠦᠷᠳᠡᠭᠦᠯᠵᠦ ᠪᠠᠶᠢᠨ᠎ᠠ᠃ ᠣᠳᠣᠬᠠᠨ ᠳᠤ᠂ ᠮᠠᠨ ᠤ ᠣᠷᠣᠨ ᠤ ᠢᠳᠡᠭᠡᠨ ᠤ | ᠠᠮᠤᠷ ᠲᠦᠪᠰᠢᠨ ᠤ ᠰᠠᠭᠤᠷᠢ ᠮᠥᠨ ᠬᠦ ᠪᠠᠭᠤᠷᠠᠶ ᠪᠠᠶᠢᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ | ᠠᠵᠢᠯᠯᠠᠭ᠎ᠠ ᠪᠠᠶᠢᠨ ᠪᠠᠶᠢᠨ ᠭᠠᠷᠴᠤ᠂ ᠢᠳᠡᠭᠡᠨ ᠤ ᠠᠮᠤᠷ ᠲᠦᠪᠰᠢᠨ ᠢ ᠬᠢᠵᠠᠭᠠᠷᠯᠠᠬᠤ ᠭᠦᠨ ᠳᠠᠪᠬᠤᠷᠭ᠎ᠠ ᠶᠢᠨ | ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠵᠤ ᠴᠢᠳᠠᠭᠠᠳᠤᠶ ᠪᠠᠶᠢᠭᠰᠠᠭᠠᠷ᠃ ᠡᠶᠢᠮᠦ ᠠᠴᠠ ᠬᠠᠤᠯᠢ | ᠲᠣᠭᠲᠠᠭᠠᠬᠤ ᠪᠠᠷ ᠳᠠᠮᠵᠢᠭᠤᠯᠤᠨ ᠦᠬᠡᠷ ᠬᠤᠨᠢ ᠨᠢᠲᠤᠯᠬᠤ ᠠᠵᠢᠯ ᠲᠦᠷᠦᠯ ᠤᠨ ᠬᠥᠭᠵᠢᠯᠲᠡ ᠶᠢ ᠨᠡᠩ ᠰᠠᠶᠢᠲᠤᠷ | ᠲᠥᠯᠬᠢᠨ ᠠᠬᠢᠭᠤᠯᠵᠤ᠂ ᠦᠬᠡᠷ ᠬᠤᠨᠢ ᠨᠢᠲᠤᠯᠬᠤ ᠠᠵᠢᠯ ᠳᠦᠷᠣᠯ ᠤᠨ ᠡᠮᠬᠢ ᠲᠢᠭᠯᠢᠮ ᠢ ᠵᠢᠷᠤᠮᠵᠢᠭᠤᠯᠵᠤ᠂ | ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠠᠮᠤᠷ ᠲᠦᠪᠰᠢᠨ ᠢ ᠦᠨᠡᠨ ᠬᠦ ᠪᠠᠲᠤᠯᠠᠵᠤ᠂ ᠥᠪᠥᠷ ᠮᠣᠩᠭᠤᠯ ᠢ | ᠦᠨᠡᠨᠬᠦ ᠪᠣᠬᠢᠷᠲᠤᠯ ᠦᠭᠡᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ | ᠪᠣᠯᠪᠠᠰᠤᠷᠠᠭᠤᠯᠵᠤ ᠭᠠᠳᠠᠭᠰᠢ ᠭᠠᠷᠭᠠᠬᠤ ᠰᠠᠭᠤᠷᠢᠨ ᠭᠠᠵᠠᠷ ᠪᠤᠯᠭᠠᠨ ᠴᠤᠭᠴᠠᠯᠠᠬᠤ ᠴᠢᠬᠤᠯᠠ ᠲᠠᠢ ᠪᠠᠶᠢᠨ᠎ᠠ᠃ | ᠬᠥᠲᠥᠯᠥᠭᠴᠢ᠄ | ᠲᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠡᠷ ᠬᠤᠨᠢ ᠢᠮᠠᠭ᠎ᠠ ᠨᠢᠲᠤᠯᠬᠤ | ᠬᠠᠮᠢᠶᠠᠷᠤᠯᠲᠠ ᠶᠢᠨ ᠠᠷᠭ᠎ᠠ︾ ᠶᠢ ᠨᠡᠶᠢᠲᠡᠯᠡᠭᠰᠡᠨ ᠴᠢᠬᠤᠯᠠ ᠠᠴᠢ ᠬᠤᠯᠪᠣᠭᠳᠠᠯ ᠪᠤᠯᠤᠨ ᠦᠢᠯᠡᠳᠦᠯ ᠢ | ᠲᠠᠨᠢᠯᠴᠠᠭᠤᠯᠤᠭᠠᠳ ᠦᠭᠭᠦᠨ᠎ᠡ ᠤᠤ︖ | ᠵᠢᠶᠠ ᠯᠢ᠄ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠡᠷ ᠬᠤᠨᠢ ᠢᠮᠠᠭ᠎ᠠ ᠨᠢᠲᠤᠯᠬᠤ | ᠬᠠᠮᠢᠶᠠᠷᠤᠯᠲᠠ ᠶᠢᠨ ᠠᠷᠭ᠎ᠠ︾ ᠶᠢ 2016 ᠤᠨ ᠤ 2 ᠳ᠋ᠤᠭᠠᠷ ᠰᠠᠷ᠎ᠠ ᠶᠢᠨ 24 ᠤ ᠡᠳᠦᠷ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠵᠢᠷᠠᠨ ᠵᠢᠷᠭᠤᠳᠤᠭᠠᠷ ᠤᠳᠠᠭᠠᠨ ᠤ ᠪᠠᠶᠢᠩᠭᠤ ᠶᠢᠨ | ᠬᠤᠷᠠᠯ ᠢᠶᠠᠷ ᠬᠢᠨᠠᠨ ᠪᠠᠲᠤᠯᠠᠭᠠᠳ᠂ 2016 ᠤᠨ ᠤ 4 ᠳ᠋ᠤᠭᠡᠷ ᠰᠠᠷ᠎ᠠ ᠶᠢᠨ 1 ᠤ ᠡᠳᠦᠷ ᠨᠡᠶᠢᠲᠡᠯᠡᠵᠤ᠂ 2016 | ᠤᠨ ᠤ 6 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠬᠦᠯᠵᠤ᠂ ᠮᠠᠨ ᠤ ᠣᠷᠣᠨ ᠤ ᠦᠬᠡᠷ ᠬᠤᠨᠢ | ᠢᠮᠠᠭ᠎ᠠ ᠨᠢᠲᠤᠯᠬᠤ ᠬᠠᠮᠢᠶᠠᠷᠤᠯᠲᠠ ᠬᠠᠤᠯᠢᠵᠢᠯ ᠤᠨ ᠵᠠᠮ ᠳᠤ ᠤᠷᠤᠭᠰᠠᠨ ᠢ ᠬᠠᠷᠠᠭᠤᠯᠵᠠᠢ᠃ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠡᠷ ᠬᠤᠨᠢ ᠢᠮᠠᠭ᠎ᠠ ᠨᠢᠲᠤᠯᠬᠤ ᠬᠠᠮᠢᠶᠠᠷᠤᠯᠲᠠ ᠶᠢᠨ ᠠᠷᠭ᠎ᠠ︾ ᠶᠢ | ᠨᠡᠶᠢᠲᠡᠯᠡᠨ ᠬᠡᠷᠡᠭᠵᠢᠭᠦᠯᠦᠭᠰᠡᠨ ᠨᠢ ᠮᠠᠨ ᠤ ᠣᠷᠣᠨ ᠤ ᠦᠬᠡᠷ ᠬᠤᠨᠢ ᠢᠮᠠᠭ᠎ᠠ ᠨᠢᠲᠤᠯᠬᠤ ᠠᠵᠢᠯᠯᠠᠭ᠎ᠠ ᠶᠢ ᠬᠠᠤᠯᠢ | ᠶᠣᠰᠣᠭᠠᠷ ᠵᠢᠷᠤᠮᠵᠢᠭᠤᠯᠵᠤ᠂ ᠦᠬᠡᠷ ᠬᠤᠨᠢ ᠢᠮᠠᠭ᠎ᠠ ᠨᠢᠲᠤᠯᠬᠤ ᠠᠵᠢᠯ ᠲᠦᠷᠦᠯ ᠤᠨ ᠪᠦᠬᠦᠯᠢ ᠴᠣᠭᠴᠠ ᠶᠢᠨ ᠬᠢᠷᠢ | ᠬᠡᠮᠵᠢᠶ᠎ᠡ ᠶᠢ ᠳᠡᠭᠡᠭᠰᠢᠯᠡᠭᠦᠯᠵᠦ᠂ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠢ | ᠳᠡᠭᠡᠭᠰᠢᠯᠡᠭᠦᠯᠬᠦ ᠳᠤ ᠪᠡᠯᠭᠡ ᠲᠡᠮᠳᠡᠭ ᠤᠨ ᠠᠴᠢ ᠬᠤᠯᠪᠣᠭᠳᠠᠯ ᠲᠠᠢ ᠶᠤᠮ᠂ ᠡᠭᠦᠨ ᠤ ᠬᠠᠮᠲᠤ ᠪᠠᠰᠠ | ᠬᠠᠮᠢᠶᠠᠷᠤᠯᠲᠠ ᠶᠢᠨ ᠡᠭᠦᠷᠭᠡ ᠲᠤᠰᠢᠶᠠᠯ ᠬᠤᠳᠠᠯᠳᠤᠭᠠᠨ ᠤ ᠶᠠᠪᠤᠳᠠᠯ ᠤᠨ ᠰᠠᠯᠠᠭ᠎ᠠ ᠮᠥᠴᠢᠷ ᠠᠴᠠ ᠲᠠᠷᠢᠶᠠᠯᠠᠩ ᠮᠠᠯ | ᠠᠵᠤ ᠠᠬᠤᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠠᠰᠢ ᠰᠢᠯᠵᠢᠭᠰᠡᠨ ᠤ ᠳᠠᠷᠠᠭ᠎ᠠ ᠨᠡᠶᠢᠲᠡᠯᠡᠨ | ᠬᠡᠷᠡᠭᠵᠢᠬᠦᠯᠦᠭᠰᠡᠨ ᠦᠬᠡᠷ ᠬᠤᠨᠢ ᠨᠢᠲᠤᠯᠬᠤ ᠬᠠᠮᠢᠶᠠᠷᠤᠯᠲᠠ ᠶᠢ ᠵᠢᠷᠤᠮᠵᠢᠭᠤᠯᠬᠤ ᠪᠦᠬᠦ ᠤᠯᠤᠰ ᠤᠨ ᠮᠤᠵᠢ ᠶᠢᠨ | ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠩᠬᠠᠳᠠᠭᠴᠢ ᠲᠦᠷᠢᠮ ᠲᠣᠭᠲᠠᠭᠠᠯ ᠪᠤᠯᠤᠨ᠎ᠠ᠃ | ᠬᠥᠲᠥᠯᠥᠭᠴᠢ᠄ | ᠲᠠ ᠣᠳᠣᠬᠠᠨ ᠤ ᠮᠠᠨ ᠤ ᠣᠷᠣᠨ ᠤ ᠮᠠᠯ ᠵᠢᠭᠦᠷᠲᠡᠨ ᠨᠢᠲᠤᠯᠬᠤ ᠠᠵᠢᠯ ᠲᠦᠷᠦᠯ ᠤᠨ ᠬᠥᠭᠵᠢᠯᠲᠡ ᠶᠢᠨ | ᠪᠠᠶᠢᠳᠠᠯ ᠢ ᠶᠠᠷᠢᠭᠠᠳ ᠥᠭᠭᠦᠨ᠎ᠡ ᠦᠦ᠃ | ᠵᠢᠶᠠ ᠯᠢ᠄ | ᠮᠠᠨ ᠤ ᠣᠷᠣᠨ ᠤ ᠮᠠᠯ ᠨᠢᠲᠤᠯᠬᠤ ᠠᠵᠢᠯ ᠲᠥᠷᠥᠯ ᠳᠤ ᠲᠤᠯᠭᠠᠷᠠᠵᠤ ᠪᠠᠶᠢᠭ᠎ᠠ ᠪᠠᠶᠢᠳᠠᠯ ᠨᠢ ᠪᠦᠬᠦ | ᠤᠯᠤᠰ ᠤᠨ ᠬᠢ ᠲᠠᠢ ᠦᠨᠳᠦᠰᠦᠨ ᠳᠡᠭᠡᠨ ᠠᠳᠠᠯᠢ᠂ ᠠᠵᠢᠯ ᠲᠥᠷᠥᠯ ᠤᠨ ᠵᠥᠪᠰᠢᠶᠡᠷᠡᠨ ᠣᠷᠣᠭᠤᠯᠬᠤ | ᠪᠠᠷᠢᠮᠵᠢᠶ᠎ᠠ ᠨᠢ ᠳᠣᠣᠷ᠎ᠠ᠂ ᠬᠡᠪᠴᠢᠶ᠎ᠡ ᠨᠢ ᠪᠠᠭ᠎ᠠ᠂ ᠢᠵᠢᠯᠢᠰᠢᠯ ᠴᠢᠨᠠᠷ ᠨᠢ ᠥᠨᠳᠥᠷ᠂ ᠳᠣᠣᠷ᠎ᠠ ᠬᠢᠷᠢ ᠬᠡᠮᠵᠢᠶ᠎ᠡ ᠪᠠᠷ | ᠳᠠᠪᠬᠤᠷᠳᠠᠭᠤᠯᠤᠨ ᠪᠦᠲᠦᠭᠡᠨ ᠪᠠᠶᠢᠭᠤᠯᠵᠤ ᠪᠠᠶᠢᠭ᠎ᠠ ᠪᠠᠶᠢᠳᠠᠯ ᠬᠦᠨᠳᠦ ᠨᠣᠴᠢᠲᠠᠶ ᠣᠷᠣᠰᠢᠵᠤ ᠪᠠᠶᠢᠨ᠎ᠠ︔ ᠮᠠᠨ ᠤ | ᠣᠷᠣᠨ ᠤ ᠮᠠᠯ ᠨᠢᠲᠤᠯᠬᠤ ᠠᠵᠢᠯ ᠲᠦᠷᠤᠯ ᠤᠨ ᠣᠨᠴᠠᠯᠢᠭ ᠪᠣᠯ ᠦᠬᠡᠷ ᠬᠤᠨᠢ ᠢᠮᠠᠭ᠎ᠠ ᠨᠢᠲᠤᠯᠬᠤ ᠪᠠᠷ ᠭᠤᠣᠯ | ᠪᠣᠯᠭᠠᠵᠤ᠂ ᠪᠥᠬᠦ ᠣᠷᠣᠨ ᠳᠤ 712 ᠮᠠᠯ ᠨᠢᠲᠤᠯᠬᠤ ᠠᠵᠤ ᠠᠬᠤᠶᠢᠯᠠᠯ ᠪᠠᠶᠢᠵᠤ᠂ ᠡᠭᠦᠨ ᠳᠤ ᠭᠠᠭ᠋ᠠᠶ ᠠᠯᠠᠬᠤ | ᠠᠵᠤ ᠠᠬᠤᠶᠢᠯᠠᠯ 208᠂ ᠦᠬᠡᠷ ᠬᠤᠨᠢ ᠨᠢᠲᠤᠯᠬᠤ ᠠᠵᠤ ᠠᠬᠤᠶᠢᠯᠠᠯ 466᠂ ᠵᠢᠭᠦᠷᠲᠡᠨ ᠠᠯᠠᠵᠤ ᠨᠢᠲᠤᠯᠬᠤ | ᠠᠵᠤ ᠠᠬᠤᠶᠢᠯᠠᠯ 32᠂ ᠪᠤᠰᠤᠳ ᠠᠯᠠᠵᠤ ᠨᠢᠲᠤᠯᠬᠤ ᠠᠵᠤ ᠠᠬᠤᠶᠢᠯᠠᠯ 6 ᠪᠠᠶᠢᠵᠤ᠂ ᠦᠬᠡᠷ ᠬᠤᠨᠢ ᠢᠮᠠᠭ᠎ᠠ | ᠨᠢᠲᠤᠯᠬᠤ ᠠᠵᠤ ᠠᠬᠤᠶᠢᠯᠠᠯ ᠨᠢ 65% ᠶᠢ ᠡᠵᠡᠯᠡᠵᠦ ᠪᠤᠢ᠃ ᠤᠳᠤ ᠪᠠᠶᠢᠭ᠎ᠠ ᠦᠬᠡᠷ ᠬᠤᠨᠢ ᠢᠮᠠᠭ᠎ᠠ ᠨᠢᠲᠤᠯᠬᠤ | 466 ᠠᠵᠤ ᠠᠬᠤᠶᠢᠯᠠᠯ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠨᠢ ᠵᠥᠪᠬᠡᠨ 14% ᠶᠢ | ᠡᠵᠡᠯᠡᠵᠦ ᠪᠣᠢ᠂ ᠣᠯᠠᠩᠬᠢ ᠨᠢᠲᠤᠯᠬᠤ ᠠᠵᠤ ᠠᠬᠤᠶᠢᠯᠠᠯ ᠨᠢ ᠮᠥᠨ ᠯᠡ ᠬᠠᠭᠠᠰ ᠮᠠᠰᠢᠨᠴᠢᠯᠠᠭᠰᠠᠨ ᠪᠤᠶᠤ ᠭᠠᠷ ᠢᠶᠠᠷ | ᠨᠢᠳᠦᠯᠵᠦ᠂ ᠦᠢᠯᠡᠳᠬᠡᠯ ᠮᠠᠶ᠋ᠢᠭ ᠤᠨ ᠠᠯᠠᠵᠤ ᠨᠢᠲᠤᠯᠬᠤ ᠴᠢᠭ᠋ ᠶᠡᠭᠡ ᠬᠡᠮᠵᠢᠶ᠎ᠡ ᠪᠠᠷ ᠣᠷᠣᠰᠢᠵᠤ ᠪᠠᠶᠢᠨ᠎ᠠ᠃ | ᠦᠢᠯᠡᠳᠪᠦᠷᠢᠯᠡᠬᠦ ᠴᠢᠳᠠᠪᠤᠷᠢ ᠬᠦᠨᠳᠦ ᠨᠣᠴᠢᠲᠠᠶ ᠦᠯᠡᠭᠦᠳᠡᠵᠦ᠂ ᠣᠯᠠᠩᠬᠢ ᠨᠢᠲᠤᠯᠬᠤ ᠠᠵᠤ ᠠᠬᠤᠶᠢᠯᠠᠯ ᠤᠨ | ᠪᠣᠳᠠᠲᠠᠶ ᠨᠢᠲᠤᠯᠬᠤ ᠬᠡᠮᠵᠢᠶ᠎ᠡ ᠨᠢ ᠲᠥᠯᠥᠪᠯᠡᠭᠰᠡᠨ ᠨᠢᠲᠤᠯᠬᠤ ᠴᠢᠳᠠᠪᠤᠷᠢ ᠶᠢᠨ 1 / 3 ᠳᠤ ᠴᠦ ᠬᠦᠷᠬᠦ ᠦᠭᠡᠢ︔ | ᠰᠦᠢᠳᠬᠡᠯ ᠬᠤᠷᠢᠶᠠᠨ ᠣᠷᠣᠯᠠᠨ ᠨᠢᠲᠤᠯᠬᠤ ᠦᠵᠡᠭᠳᠡᠯ ᠨᠡᠶᠢᠳᠡᠮ ᠣᠷᠣᠰᠢᠵᠤ᠂ ᠠᠵᠤ ᠠᠬᠤᠶᠢᠯᠠᠯ ᠢ ᠣᠷᠣᠯᠠᠨ | ᠨᠢᠲᠤᠯᠬᠤ ᠬᠠᠷᠢᠴᠠᠯ ᠨᠢ 75% ᠬᠦᠷᠴᠦ᠂ ᠬᠠᠮᠢᠶᠠᠷᠤᠯᠲᠠ ᠪᠠ ᠮᠡᠷᠭᠡᠵᠢᠯ ᠤᠨ ᠬᠢᠷᠢ ᠬᠡᠮᠵᠢᠶ᠎ᠡ ᠨᠢ ᠠᠳᠠᠯᠢ ᠦᠭᠡᠢ | ᠪᠠᠶᠢᠨ᠎ᠠ︔ ᠠᠵᠢᠯ ᠲᠦᠷᠦᠯ ᠤᠨ ᠲᠥᠯᠥᠪᠵᠢᠭᠦᠯᠭᠡ ᠪᠣᠯᠤᠨ ᠪᠠᠷᠢᠮᠵᠢᠶ᠎ᠠ ᠶᠢᠨ ᠰᠢᠰᠲ᠋ᠧᠮᠵᠢ ᠲᠡᠭᠦᠯᠳᠡᠷ ᠪᠤᠰᠤ ᠪᠠᠶᠢᠵᠤ᠂ | ᠠᠵᠢᠯ ᠲᠥᠷᠥᠯ ᠤᠨ ᠬᠥᠭᠵᠢᠯᠲᠡ ᠶᠢᠨ ᠬᠤᠯᠪᠣᠭᠳᠠᠯ ᠪᠦᠬᠦᠢ ᠲᠡᠳᠬᠦᠨ ᠳᠡᠮᠵᠢᠬᠦ ᠲᠦᠷᠦ ᠶᠢᠨ ᠪᠤᠳᠤᠯᠭ᠎ᠠ | ᠳᠤᠲᠠᠭᠳᠠᠵᠤ᠂ ᠠᠵᠤ ᠠᠬᠤᠶᠢᠯᠠᠯ ᠢ ᠨᠡᠶᠢᠯᠡᠭᠦᠯᠦᠨ ᠲᠠᠬᠢᠨ ᠵᠣᠬᠢᠶᠠᠨ ᠪᠠᠶᠢᠭᠤᠯᠬᠤ ᠪᠠ ᠪᠠᠷᠢᠮᠵᠢᠶᠠᠵᠢᠭᠤᠯᠬᠤ | ᠪᠠᠶᠢᠭᠤᠯᠤᠯᠲᠠ ᠶᠢ ᠲᠥᠯᠬᠢᠨ ᠠᠬᠢᠭᠤᠯᠬᠤ ᠳᠤ ᠶᠡᠭᠡ ᠬᠦᠴᠢᠷᠳᠡᠯ ᠠᠪᠴᠢᠷᠠᠵᠠᠢ᠃ | ᠬᠥᠲᠥᠯᠥᠭᠴᠢ᠄ | ︽ᠬᠠᠮᠢᠶᠠᠷᠤᠯᠲᠠ ᠶᠢᠨ ᠠᠷᠭ᠎ᠠ︾ ᠨᠢ ᠦᠬᠡᠷ ᠬᠤᠨᠢ ᠢᠮᠠᠭ᠎ᠠ ᠶᠢ ᠴᠢᠭ᠋ ᠲᠣᠭᠲᠠᠭᠠᠨ ᠨᠢᠲᠤᠯᠬᠤ ᠶᠢ ᠬᠡᠷᠬᠢᠨ | ᠬᠠᠮᠢᠶᠠᠷᠬᠤ ᠪᠤᠢ︖ | ᠵᠢᠶᠠ ᠯᠢ᠄ | ᠣᠳᠣᠬᠠᠨ ᠳᠤ᠂ ᠮᠠᠨ ᠤ ᠣᠷᠣᠨ ᠤ ᠦᠬᠡᠷ ᠬᠤᠨᠢ ᠢᠮᠠᠭ᠎ᠠ ᠨᠢᠲᠤᠯᠬᠤ ᠦᠢᠯᠡᠳᠪᠦᠷᠢ ︵ᠲᠠᠯᠠᠪᠠᠢ︶ ᠨᠢ ︽ | ᠮᠠᠰᠢ ᠣᠯᠠᠨ᠂ ᠵᠠᠮᠪᠠᠷᠠᠭ᠎ᠠ ᠦᠭᠡᠢ᠂ ᠵᠢᠵᠢᠭ ᠪᠦᠭᠡᠳ ᠲᠠᠷᠠᠬᠠᠶ︾ ᠪᠠᠶᠢᠳᠠᠯ ᠵᠡᠷᠭᠡᠪᠡᠷ ᠣᠷᠣᠰᠢᠵᠤ᠂ | ᠬᠥᠭᠵᠢᠯᠲᠡ ᠶᠢᠨ ᠬᠢᠷᠢ ᠬᠡᠮᠵᠢᠶ᠎ᠡ ᠨᠢ ᠲᠡᠭᠰᠢ ᠪᠢᠰᠢ᠂ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ | ᠲᠦᠪᠰᠢᠨ ᠤ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠳᠤ ᠪᠡᠷᠬᠡᠲᠡᠶ ᠪᠠᠶᠢᠨ᠎ᠠ᠃ | ᠴᠢᠭ᠋ ᠲᠣᠭᠲᠠᠭᠠᠨ ᠨᠢᠲᠤᠯᠬᠤ ᠨᠢ ᠤᠯᠠᠭᠠᠨ ᠢᠳᠡᠭᠡᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠬᠤ ᠴᠢᠬᠤᠯᠠ | ᠵᠠᠩᠭᠢᠯᠠᠭ᠎ᠠ ᠪᠣᠯᠵᠤ ᠡᠪᠡᠳᠴᠢᠨ ᠬᠥᠨᠥᠭᠡᠯ ᠲᠠᠢ ᠤᠯᠠᠭᠠᠨ ᠢᠳᠡᠭᠡᠨ ᠵᠠᠬ᠎ᠠ ᠳᠡᠯᠭᠡᠭᠦᠷ ᠲᠤ ᠭᠠᠷᠬᠤ ᠶᠢ ᠬᠤᠷᠢᠭᠯᠠᠬᠤ | ᠵᠠᠩᠭᠢᠯᠠᠭ᠎ᠠ ᠪᠠ ᠡᠴᠦᠰ ᠤᠨ ᠬᠠᠯᠬᠠᠪᠴᠢ ᠪᠣᠯᠣᠨ᠎ᠠ᠃ ᠦᠬᠡᠷ ᠬᠤᠨᠢ ᠢᠮᠠᠭ᠎ᠠ ᠶᠢ ᠴᠢᠭ᠋ ᠲᠣᠭᠲᠠᠭᠠᠨ ᠨᠢᠲᠤᠯᠬᠤ | ᠦᠢᠯᠡᠳᠪᠦᠷᠢ ︵ᠦᠢᠯᠡᠳᠬᠡᠯ︶ ᠪᠠᠶᠢᠭᠤᠯᠬᠤ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠲᠥᠷᠥ ᠶᠢᠨ | ᠶᠠᠪᠤᠳᠠᠯ ᠤᠨ ᠬᠤᠷᠢᠶᠠᠨ ᠤ ︽ᠭᠠᠭ᠋ᠠᠶ ᠠᠯᠠᠬᠤ ᠬᠠᠮᠢᠶᠠᠷᠤᠯᠲᠠ ᠶᠢᠨ ᠲᠦᠷᠢᠮ︾ ᠤᠨ ᠵᠢᠷᠭᠤᠳᠤᠭᠠᠷ ᠵᠦᠢᠯ ᠪᠠ | ᠭᠤᠴᠢᠨ ᠬᠤᠶᠠᠳᠤᠭᠠᠷ ᠵᠦᠢᠯ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢᠲᠠᠨ ᠤ ᠬᠢᠵᠢᠭ ᠢ | ᠰᠡᠷᠭᠡᠶᠢᠯᠡᠬᠦ ᠳᠦᠷᠢᠮ︾ ᠤᠨ ᠭᠤᠴᠢᠨ ᠵᠢᠷᠭᠤᠳᠤᠭᠠᠷ ᠵᠦᠢᠯ ᠤᠨ ᠲᠣᠭᠲᠠᠭᠠᠯ ᠶᠣᠰᠣᠭᠠᠷ ︽ᠬᠠᠮᠢᠶᠠᠷᠤᠯᠲᠠ ᠶᠢᠨ | ᠠᠷᠭ᠎ᠠ︾ ᠶᠢᠨ ᠭᠤᠷᠪᠠᠳᠤᠭᠠᠷ ᠵᠦᠢᠯ ᠳᠤ ᠥᠪᠡᠷᠲᠡᠭᠡᠨ ᠵᠠᠰᠠᠬᠤ ᠣᠷᠣᠨ ᠦᠬᠡᠷ ᠬᠤᠨᠢ ᠢᠮᠠᠭ᠎ᠠ ᠶᠢ | ᠴᠢᠭ᠋ ᠲᠣᠭᠲᠠᠭᠠᠨ ᠨᠢᠲᠤᠯᠬᠤ ᠂ ᠬᠢᠵᠢᠭ ᠤᠨ ᠪᠠᠶᠢᠴᠠᠭᠠᠯᠲᠠ ᠶᠢ ᠲᠥᠪᠯᠡᠷᠡᠭᠦᠯᠦᠨ ᠬᠢᠬᠦ ᠳᠦᠷᠢᠮ ᠢ ᠲᠣᠳᠣᠷᠬᠠᠶᠢᠯᠠᠪᠠ︔ | ᠲᠣᠭᠲᠠᠭᠠᠭᠰᠠᠨ ᠪᠢᠰᠢ ᠪᠣᠯ᠂ ᠶᠠᠮᠠᠷᠪᠠ ᠨᠢᠭᠡᠴᠡ ᠪᠠ ᠬᠤᠪᠢ ᠬᠥᠮᠦᠨ ᠭᠡᠳ ᠦᠬᠡᠷ ᠬᠤᠨᠢ ᠢᠮᠠᠭ᠎ᠠ ᠨᠢᠳᠦᠯᠡᠵᠦ | ᠪᠣᠯᠬᠤ ᠦᠭᠡᠢ᠂ ᠮᠠᠯᠵᠢᠬᠤ ᠲᠠᠷᠢᠶᠠᠯᠠᠬᠤ ᠣᠷᠣᠨ ᠤ ᠬᠤᠪᠢ ᠬᠥᠮᠦᠨ ᠥᠪᠡᠰᠦᠪᠡᠨ ᠲᠡᠵᠢᠭᠡᠭᠡᠳ ᠠᠯᠠᠵᠤ ᠢᠳᠡᠬᠦ ᠶᠢ | ᠡᠭᠦᠨ ᠳᠤ ᠪᠠᠭᠲᠠᠭᠠᠬᠤ ᠦᠭᠡᠢ᠃ ᠡᠭᠦᠨ ᠠᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠢ | ᠦᠨᠳᠦᠰᠦᠯᠡᠨ᠂ ᠣᠯᠠᠨ ᠲᠦᠮᠡᠨ ᠳᠤ ᠳᠥᠭᠦᠮ ᠦᠵᠡᠭᠦᠯᠵᠦ᠂ ᠠᠵᠤ ᠠᠬᠤᠶ ᠶᠢ ᠬᠥᠭᠵᠢᠭᠦᠯᠬᠦ ᠵᠠᠷᠴᠢᠮ ᠠᠴᠠ | ᠡᠭᠦᠰᠴᠦ᠂ ︽ᠲᠠᠷᠢᠶᠠᠴᠢᠨ ᠠᠶᠢᠯ ᠤᠨ ᠪᠠᠶᠠᠰᠤᠯ︾᠂ ︽ᠮᠠᠯᠴᠢᠨ ᠠᠶᠢᠯ ᠤᠨ ᠵᠢᠭᠤᠯᠴᠢᠯᠠᠯ︾ ᠳᠤ | ᠬᠤᠯᠪᠣᠭᠳᠠᠭᠰᠠᠨ ᠦᠬᠡᠷ ᠬᠤᠨᠢ ᠢᠮᠠᠭ᠎ᠠ ᠨᠢᠲᠤᠯᠬᠤ ᠠᠰᠠᠭᠤᠳᠠᠯ ᠳᠤ ᠬᠠᠨᠳᠤᠭᠤᠯᠵᠤ᠂ ︽ᠬᠠᠮᠢᠶᠠᠷᠤᠯᠲᠠ ᠶᠢᠨ | ᠠᠷᠭ᠎ᠠ︾ ᠳᠤ ᠠᠶᠢᠮᠠᠭ ᠤᠨ ᠵᠠᠬᠢᠷᠭ᠎ᠠ᠂ ᠲᠣᠭᠤᠷᠢᠭ ᠲᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠲᠤᠰ | ᠭᠠᠵᠠᠷ ᠣᠷᠣᠨ ᠤ ᠪᠠᠨ ᠪᠣᠳᠠᠲᠠᠶ ᠬᠠᠮᠢᠶᠠᠷᠬᠤ ᠠᠷᠭ᠎ᠠ ᠶᠢ ᠲᠣᠭᠲᠠᠭᠠᠨ᠎ᠠ ᠭᠡᠵᠡᠢ᠃ | ᠬᠥᠲᠥᠯᠥᠭᠴᠢ᠄ | ᠤᠯᠤᠰ ᠤᠨ ᠠᠵᠤ ᠠᠬᠤᠶᠢᠯᠠᠯ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ ᠪᠠ ᠵᠠᠰᠠᠭ ᠤᠨ ᠣᠷᠳᠣᠨ ᠤ | ᠬᠢᠨᠠᠨ ᠬᠠᠮᠢᠶᠠᠷᠬᠤ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ᠂ ︽ᠬᠠᠮᠢᠶᠠᠷᠤᠯᠲᠠ ᠶᠢᠨ ᠠᠷᠭ᠎ᠠ︾ ᠳᠤ | ᠬᠡᠷᠬᠢᠨ ᠲᠣᠭᠲᠠᠭᠠᠭᠰᠠᠨ ᠪᠤᠢ︖ | ᠵᠢᠶᠠ ᠯᠢ᠄ | ᠮᠠᠯ ᠵᠢᠭᠦᠷᠲᠡᠨ ᠨᠢᠲᠤᠯᠬᠤ ᠨᠢ ᠨᠢᠭᠡ ᠲᠠᠯ᠎ᠠ ᠪᠠᠷ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠲᠠᠢ | ᠬᠤᠯᠪᠤᠭᠳᠠᠨ᠂ ᠨᠦᠭᠦᠭᠡ ᠲᠠᠯ᠎ᠠ ᠪᠠᠷ ᠤᠯᠠᠭᠠᠨ ᠢᠳᠡᠭᠡᠨ ᠤ ᠬᠡᠷᠡᠭᠯᠡᠭᠡ ᠲᠠᠢ ᠬᠤᠯᠪᠤᠭᠳᠠᠬᠤ ᠪᠣᠯᠬᠤᠷ᠂ ᠮᠠᠯ | ᠵᠢᠭᠦᠷᠲᠡᠨ ᠤ ᠠᠰᠢᠭ ᠰᠢᠮ᠎ᠡ ᠶᠢ ᠵᠠᠬ᠎ᠠ ᠳᠡᠯᠭᠡᠭᠦᠷ ᠲᠤ ᠣᠷᠤᠭᠤᠯᠵᠤ ᠠᠷᠠᠳ ᠢᠷᠭᠡᠳ ᠤᠨ ᠬᠤᠭᠤᠯᠠᠨ ᠰᠢᠷᠡᠭᠡᠨ ᠳᠤ | ᠭᠠᠷᠭᠠᠬᠤ ᠶᠢᠨ ᠡᠮᠦᠨᠡᠬᠢ ᠴᠢᠬᠤᠯᠠ ᠨᠢᠭᠡ ᠵᠠᠩᠭᠢᠯᠠᠭ᠎ᠠ ᠮᠥᠨ᠂ ᠪᠠᠰᠠᠴᠦ ᠬᠢᠨᠠᠯᠲᠠ ᠬᠠᠮᠢᠶᠠᠷᠤᠯᠲᠠ ᠶᠢᠨ ᠦᠷ᠎ᠡ | ᠪᠦᠲᠦᠮᠵᠢ ᠪᠠᠷ ᠬᠠᠮᠤᠭ ᠤᠨ ᠥᠨᠳᠥᠷ ᠵᠠᠩᠭᠢᠯᠠᠭ᠎ᠠ ᠮᠦᠨ᠂ ᠲᠡᠷᠡ ᠨᠢ ᠤᠯᠠᠭᠠᠨ ᠢᠳᠡᠭᠡᠨ ᠤ ᠶᠠᠰᠤ ᠴᠢᠨᠠᠷ ᠤᠨ ᠠᠮᠤᠷ | ᠲᠥᠪᠰᠢᠨ ᠳᠤ ᠬᠤᠯᠪᠣᠭᠳᠠᠵᠤ᠂ ᠠᠷᠠᠳ ᠤᠯᠠᠨ ᠤ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠳᠤ | ᠬᠤᠯᠪᠣᠭᠳᠠᠵᠤ ᠪᠠᠶᠢᠳᠠᠭ᠃ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠢ ᠪᠠᠲᠤᠯᠠᠨ᠂ ᠬᠡᠯᠡᠨ ᠳᠡᠭᠡᠷᠡᠬᠢ ᠠᠮᠤᠷ | ᠲᠦᠪᠰᠢᠨ ᠢ ᠦᠨᠡᠨᠬᠦ ᠪᠠᠲᠤᠯᠠᠬᠤ ᠶᠢᠨ ᠲᠤᠰᠠᠳᠠ᠂ ︽ᠬᠠᠮᠢᠶᠠᠷᠤᠯᠲᠠ ᠶᠢᠨ ᠠᠷᠭ᠎ᠠ︾ ᠳᠤ ᠦᠬᠡᠷ ᠬᠤᠨᠢ ᠢᠮᠠᠭ᠎ᠠ | ᠨᠢᠲᠤᠯᠬᠤ ᠦᠢᠯᠡᠳᠪᠦᠷᠢ ︵ᠲᠠᠯᠠᠪᠠᠢ︶ ᠪᠣᠯ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠥᠪᠰᠢᠨ ᠤ | ᠬᠠᠷᠢᠭᠤᠴᠠᠯᠭ᠎ᠠ ᠶᠢᠨ ᠪᠡᠶᠡᠴᠢ ᠴᠣᠭᠴᠠ ᠮᠦᠨ᠂ ᠨᠡᠶᠢᠭᠡᠮ ᠤᠨ ᠬᠢᠨᠠᠯᠲᠠ ᠶᠢ ᠬᠦᠯᠢᠶᠡᠵᠦ᠂ ᠨᠡᠶᠢᠭᠡᠮ ᠤᠨ | ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠶ ᠭᠡᠵᠦ ᠲᠣᠳᠤᠷᠬᠠᠢ ᠲᠣᠭᠲᠠᠭᠠᠪᠠ᠃ ᠡᠭᠦᠨ ᠤ ᠬᠠᠮᠲᠤ ︽ | ᠬᠠᠮᠢᠶᠠᠷᠤᠯᠲᠠ ᠶᠢᠨ ᠠᠷᠭ᠎ᠠ︾ ᠳᠤ ᠦᠬᠡᠷ ᠬᠤᠨᠢ ᠢᠮᠠᠭ᠎ᠠ ᠨᠢᠲᠤᠯᠬᠤ ᠦᠢᠯᠡᠳᠪᠦᠷᠢ ︵ᠲᠠᠯᠠᠪᠠᠢ︶ ᠶᠢᠨ ᠬᠢᠵᠢᠭ | ᠪᠠᠶᠢᠴᠠᠭᠠᠵᠤ ᠰᠢᠯᠭᠠᠨ ᠪᠠᠶᠢᠴᠠᠭᠠᠬᠤ ᠠᠵᠢᠯᠲᠠᠨ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠮᠠᠯ ᠤᠨ ᠡᠮᠨᠡᠯᠭᠡ ᠶᠢᠨ | ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠲᠣᠭᠲᠠᠭᠠᠯ ᠶᠣᠰᠣᠭᠠᠷ᠂ ᠬᠢᠵᠢᠭ ᠪᠠᠶᠢᠴᠠᠭᠠᠵᠤ ᠰᠢᠯᠭᠠᠨ | ᠪᠠᠶᠢᠴᠠᠭᠠᠭᠰᠠᠨ ᠮᠡᠳᠡᠭᠦᠯᠦᠯᠲᠡ ᠭᠠᠷᠭᠠᠨ᠂ ᠬᠢᠵᠢᠭ ᠪᠠᠶᠢᠴᠠᠭᠠᠵᠤ ᠰᠢᠯᠭᠠᠨ ᠪᠠᠶᠢᠴᠠᠭᠠᠬᠤ ᠶᠠᠪᠤᠴᠠ ᠪᠠ ᠦᠷ᠎ᠡ | ᠳ᠋ᠦᠩ ᠢ ᠦᠨᠡᠨ ᠮᠠᠭᠠᠳ ᠢᠶᠠᠷ ᠲᠡᠮᠳᠡᠭᠯᠡᠬᠦ ᠪᠥᠭᠡᠳ ᠬᠢᠵᠢᠭ ᠪᠠᠶᠢᠴᠠᠭᠠᠵᠤ ᠰᠢᠯᠭᠠᠨ ᠪᠠᠶᠢᠴᠠᠭᠠᠭᠰᠠᠨ | ᠮᠡᠳᠡᠭᠦᠯᠦᠯᠲᠡ ᠳᠡᠭᠡᠨ ᠬᠠᠷᠢᠭᠤᠴᠠᠬᠤ ᠶᠣᠰᠤᠲᠠᠢ ᠭᠡᠮᠡᠨ ᠲᠣᠭᠲᠠᠭᠠᠪᠠ᠃ ᠠᠯᠪᠠᠨ ᠤ ᠮᠠᠯ ᠤᠨ ᠡᠮᠴᠢ ᠠᠴᠠ ᠦᠬᠡᠷ | ᠬᠤᠨᠢ ᠢᠮᠠᠭ᠎ᠠ ᠨᠢᠲᠤᠯᠬᠤ ᠦᠢᠯᠡᠳᠪᠦᠷᠢ ︵ᠲᠠᠯᠠᠪᠠᠢ︶ ᠳᠤ ᠬᠢᠵᠦ ᠥᠭᠭᠦᠭᠰᠡᠨ ᠬᠢᠵᠢᠭ ᠪᠠᠶᠢᠴᠠᠭᠠᠵᠤ ᠰᠢᠯᠭᠠᠨ | ᠪᠠᠶᠢᠴᠠᠭᠠᠭᠰᠠᠨ ᠮᠡᠳᠡᠭᠦᠯᠦᠯᠲᠡ ᠶᠢ ᠬᠢᠨᠠᠨ ᠬᠠᠷᠭᠤᠭᠤᠯᠵᠦ᠂ ᠰᠤᠭᠤᠴᠢᠨ ᠠᠪᠴᠤ ᠰᠢᠯᠭᠠᠨ ᠪᠠᠶᠢᠴᠠᠭᠠᠬᠤ᠂ | ᠲᠣᠭᠤᠷᠢᠨ ᠬᠢᠨᠠᠬᠤ ᠵᠡᠷᠭᠡ ᠠᠷᠭ᠎ᠠ ᠬᠡᠮᠵᠢᠶ᠎ᠡ ᠲᠠᠢ ᠤᠶᠠᠯᠳᠤᠭᠤᠯᠳ ᠮᠠᠭᠠᠳᠯᠠᠵᠤ᠂ ᠲᠣᠭᠲᠠᠭᠠᠭᠰᠠᠨ ᠱᠠᠭᠠᠷᠳᠠᠯᠭ᠎ᠠ ᠳᠤ | ᠨᠡᠶᠢᠴᠡᠭᠰᠡᠨ ᠮᠠᠯ ᠤᠨ ᠠᠰᠢᠭ ᠰᠢᠮ᠎ᠡ ᠳᠤ ︽ᠠᠮᠢᠲᠠᠨ ᠤ ᠬᠢᠵᠢᠭ ᠪᠠᠶᠢᠴᠠᠭᠠᠯᠲᠠ ᠶᠢᠨ ᠬᠢᠷᠢ ᠲᠡᠩᠴᠡᠭᠰᠡᠨ ᠭᠡᠷᠡᠴᠢ︾ | ᠣᠯᠭᠤᠨ᠂ ᠵᠠᠰᠠᠭ ᠤᠨ ᠤᠷᠳᠤᠨ ᠠᠴᠠ ᠦᠬᠡᠷ ᠬᠤᠨᠢ ᠢᠮᠠᠭ᠎ᠠ ᠨᠢᠲᠤᠯᠬᠤ ᠠᠵᠢᠯ ᠲᠥᠷᠥᠯ ᠳᠤ ᠲᠠᠯᠪᠢᠬᠤ ᠬᠢᠨᠠᠯᠲᠠ | ᠬᠠᠮᠢᠶᠠᠷᠤᠯᠲᠠ ᠪᠠᠨ ᠴᠢᠩᠭᠠᠳᠬᠠᠨ᠎ᠠ᠃ | ᠬᠥᠲᠥᠯᠥᠭᠴᠢ᠄ | ᠮᠠᠨ ᠤ ᠣᠷᠣᠨ ᠪᠣᠯ ᠴᠥᠭᠡᠨ ᠲᠣᠭᠠᠲᠤ ᠦᠨᠳᠦᠰᠦᠲᠡᠨ ᠤ ᠭᠠᠵᠠᠷ ᠣᠷᠣᠨ ᠮᠦᠨ᠂ ᠯᠠᠯᠤ ᠶᠢᠨ ᠱᠠᠰᠢᠨ ᠤ | ᠠᠷᠭ᠎ᠠ ᠪᠠᠷ ᠦᠬᠡᠷ ᠬᠤᠨᠢ ᠢᠮᠠᠭ᠎ᠠ ᠨᠢᠲᠤᠯᠬᠤ ᠠᠵᠢᠯ ᠢ ︽ᠬᠠᠮᠢᠶᠠᠷᠤᠯᠲᠠ ᠶᠢᠨ ᠠᠷᠭ᠎ᠠ︾ ᠳᠤ ᠬᠡᠷᠬᠢᠨ | ᠲᠣᠭᠲᠠᠭᠠᠭᠰᠠᠨ ᠪᠤᠢ︖ | ᠵᠢᠶ᠋ᠨ ᠯᠢ᠄ | ᠴᠥᠭᠡᠨ ᠲᠣᠭᠠᠲᠤ ᠦᠨᠳᠦᠰᠦᠲᠡᠨ ᠤ ᠯᠠᠯᠤ ᠶᠢᠨ ᠱᠠᠰᠢᠨᠲᠠᠳ ᠤᠨ ᠢᠳᠡᠭᠡᠨ ᠤᠮᠳᠠᠭᠠᠨ ᠤ ᠵᠠᠩ ᠳᠠᠳᠬᠠᠯ ᠢ | ᠬᠦᠨᠳᠦᠳᠬᠡᠨ᠂ ᠦᠨᠳᠦᠰᠦᠲᠡᠨ ᠤ ᠪᠦᠯᠬᠦᠮᠳᠡᠯ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠨᠡᠩ ᠰᠠᠶᠢᠨ | ᠬᠠᠮᠠᠭᠠᠯᠠᠬᠤ ᠶᠢᠨ ᠲᠤᠰᠠᠳᠠ᠂ ︽ᠬᠠᠮᠢᠶᠠᠷᠤᠯᠲᠠ ᠶᠢᠨ ᠠᠷᠭ᠎ᠠ︾ ᠶᠢᠨ ᠠᠷᠪᠠᠨ ᠨᠢᠭᠡᠳᠦᠭᠡᠷ ᠵᠦᠢᠯ ᠳᠤ ᠯᠠᠯᠤ ᠶᠢᠨ | ᠱᠠᠰᠢᠨ ᠤ ᠠᠷᠭ᠎ᠠ ᠪᠠᠷ ᠦᠬᠡᠷ ᠬᠤᠨᠢ ᠢᠮᠠᠭ᠎ᠠ ᠨᠢᠲᠤᠯᠬᠤ ᠠᠵᠢᠯ ᠢ ᠬᠢᠬᠦ ᠳᠤ᠂ ᠲᠤᠰ ᠠᠷᠭ᠎ᠠ ᠶᠢᠨ ᠲᠣᠭᠲᠠᠭᠠᠯ ᠲᠠᠢ | ᠨᠡᠶᠢᠴᠡᠬᠦ ᠠᠴᠠ ᠭᠠᠳᠠᠨ᠎ᠠ᠂ ᠪᠠᠰᠠ ᠤᠯᠤᠰ ᠪᠠ ᠥᠪᠡᠷᠲᠡᠭᠡᠨ ᠵᠠᠰᠠᠬᠤ ᠣᠷᠣᠨ ᠤ ᠯᠠᠯᠤ ᠶᠢᠨ ᠢᠳᠡᠭᠡᠨ ᠤ | ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠪᠠ ᠴᠥᠭᠡᠨ ᠲᠣᠭᠠᠲᠤ ᠦᠨᠳᠦᠰᠦᠲᠡᠨ ᠤ ᠯᠠᠯᠦ ᠶᠢᠨ | ᠢᠳᠡᠭᠡᠨ ᠤ ᠵᠠᠩᠰᠢᠯ ᠲᠠᠢ ᠨᠡᠶᠢᠴᠡᠭᠰᠡᠨ ᠪᠠᠶᠢᠬᠤ ᠬᠡᠷᠡᠭᠲᠡᠢ ᠭᠡᠵᠦ ᠲᠣᠭᠲᠠᠭᠠᠪᠠ᠃ | ᠬᠥᠲᠥᠯᠥᠭᠴᠢ᠄ | ︽ᠬᠠᠮᠢᠶᠠᠷᠤᠯᠲᠠ ᠶᠢᠨ ᠠᠷᠭ᠎ᠠ︾ ᠨᠢ ᠵᠢᠵᠢᠭ ᠬᠡᠯᠪᠡᠷᠢ ᠶᠢᠨ ᠦᠬᠡᠷ ᠬᠤᠨᠢ ᠢᠮᠠᠭ᠎ᠠ ᠨᠢᠲᠤᠯᠬᠤ ᠦᠢᠯᠡᠳᠪᠦᠷᠢ | ︵ᠲᠠᠯᠠᠪᠠᠢ︶ ᠶᠢᠨ ᠲᠤᠬᠠᠢ ᠲᠣᠭᠲᠠᠭᠠᠯ ᠭᠠᠷᠭᠠᠭᠰᠠᠨ ᠦᠦ︖ | ᠵᠢᠶᠠ ᠯᠢ᠄ | ᠬᠢᠯᠢ ᠬᠢᠵᠠᠭᠠᠷ ᠣᠷᠣᠨ ᠪᠠ ᠵᠠᠮ ᠬᠠᠷᠢᠯᠴᠠᠭ᠎ᠠ ᠳᠥᠭᠦᠮ ᠪᠣᠰᠤ ᠮᠠᠯᠵᠢᠬᠤ ᠲᠠᠷᠢᠶᠠᠯᠠᠬᠤ ᠣᠷᠣᠨ ᠤ ᠦᠬᠡᠷ | ᠬᠤᠨᠢ ᠢᠮᠠᠭᠠᠨ ᠤ ᠢᠳᠡᠰᠢᠨ ᠮᠢᠬ᠎ᠠ ᠶᠢᠨ ᠠᠰᠠᠭᠤᠳᠠᠯ ᠢ ᠰᠢᠢᠳᠪᠦᠷᠢᠯᠡᠬᠦ ᠶᠢᠨ ᠲᠤᠰᠠᠳᠠ᠂ ︽ᠬᠠᠮᠢᠶᠠᠷᠤᠯᠲᠠ ᠶᠢᠨ | ᠠᠷᠭ᠎ᠠ︾ ᠶᠢᠨ ᠠᠷᠪᠠᠨ ᠭᠤᠷᠪᠠᠳᠤᠭᠠᠷ ᠵᠦᠢᠯ ᠳᠤ ᠵᠠᠬ᠎ᠠ ᠬᠢᠵᠠᠭᠠᠷ ᠣᠷᠣᠨ ᠪᠠ ᠵᠠᠮ ᠬᠠᠷᠢᠯᠴᠠᠭ᠎ᠠ ᠳᠥᠭᠦᠮ ᠪᠣᠰᠤ | ᠮᠠᠯᠵᠢᠬᠤ ᠲᠠᠷᠢᠶᠠᠯᠠᠬᠤ ᠣᠷᠣᠨ ᠳᠤ᠂ ᠵᠥᠪᠬᠡᠨ ᠲᠤᠰ ᠭᠠᠵᠠᠷ ᠣᠷᠣᠨ ᠤ ᠵᠠᠬ᠎ᠠ ᠳᠡᠯᠭᠡᠭᠦᠷ ︵ᠰᠤᠮᠤ ᠰᠢᠶᠠᠩ | ᠪᠠᠯᠭᠠᠰᠤ ᠠᠴᠠ ᠳᠣᠷᠣᠭᠰᠢᠬᠢ︶ ᠲᠤ ᠮᠠᠯ ᠤᠨ ᠠᠰᠢᠭ ᠰᠢᠮ᠎ᠡ ᠬᠠᠩᠭᠠᠬᠤ ᠵᠢᠵᠢᠭ ᠬᠡᠯᠪᠡᠷᠢ ᠶᠢᠨ ᠦᠬᠡᠷ ᠬᠤᠨᠢ | ᠢᠮᠠᠭ᠎ᠠ ᠨᠢᠲᠤᠯᠬᠤ ᠭᠠᠵᠠᠷ ᠪᠠᠶᠢᠭᠤᠯᠵᠤ ᠪᠣᠯᠤᠨ᠎ᠠ ᠭᠡᠵᠦ ᠲᠣᠭᠲᠠᠭᠠᠭᠰᠠᠨ ᠪᠥᠭᠡᠳ ᠦᠬᠡᠷ ᠬᠤᠨᠢ ᠢᠮᠠᠭ᠎ᠠ ᠨᠢᠲᠤᠯᠬᠤ | ᠭᠠᠵᠠᠷ ᠪᠠᠶᠢᠭᠤᠯᠬᠤ ᠶᠢ ᠡᠵᠡᠮᠳᠡᠵᠦ ᠪᠣᠯᠬᠤᠶᠢᠴᠠ ᠪᠠᠶᠢᠯᠭᠠᠬᠤ ᠶᠢᠨ ᠲᠤᠰᠠᠳᠠ᠂ ᠠᠷᠪᠠᠨ ᠳᠥᠷᠪᠡᠳᠦᠭᠡᠷ ᠵᠦᠢᠯ ᠳᠤ | ᠪᠠᠰᠠ ᠵᠢᠵᠢᠭ ᠬᠡᠯᠪᠡᠷᠢ ᠶᠢᠨ ᠦᠬᠡᠷ ᠬᠤᠨᠢ ᠢᠮᠠᠭ᠎ᠠ ᠨᠢᠲᠤᠯᠬᠤ ᠦᠢᠯᠡᠳᠪᠦᠷᠢ ︵ᠲᠠᠯᠠᠪᠠᠢ︶ ᠪᠠᠶᠢᠭᠤᠯᠬᠤ ᠳᠤ | ᠱᠠᠭᠠᠷᠳᠠᠭᠳᠠᠬᠤ ᠪᠣᠳᠠᠲᠠᠶ ᠨᠥᠬᠦᠴᠡᠯ ᠨᠤᠭᠤᠳ ᠢ ᠲᠣᠭᠲᠠᠭᠠᠪᠠ᠃ ᠡᠨᠡ ᠨᠢ ︽ᠬᠠᠮᠢᠶᠠᠷᠤᠯᠲᠠ ᠶᠢᠨ ᠠᠷᠭ᠎ᠠ︾ ᠳᠤ | ᠵᠢᠵᠢᠭ ᠬᠡᠯᠪᠡᠷᠢ ᠶᠢᠨ ᠦᠬᠡᠷ ᠬᠤᠨᠢ ᠢᠮᠠᠭ᠎ᠠ ᠨᠢᠲᠤᠯᠬᠤ ᠦᠢᠯᠡᠳᠪᠦᠷᠢ ︵ᠲᠠᠯᠠᠪᠠᠢ︶ ᠪᠠᠶᠢᠭᠤᠯᠬᠤ ᠨᠥᠬᠦᠴᠡᠯ ᠢ | ᠠᠩᠬ᠎ᠠ ᠤᠳᠠᠭ᠎ᠠ ᠲᠣᠳᠤᠷᠬᠠᠶᠢᠯᠠᠵᠤ᠂ ᠤᠯᠠᠨ ᠵᠢᠯ ᠤᠨ ᠲᠤᠷᠰᠢᠬᠢ ᠪᠥᠬᠦ ᠣᠷᠣᠨ ᠤ ᠵᠢᠵᠢᠭ ᠬᠡᠯᠪᠡᠷᠢ ᠶᠢᠨ ᠨᠢᠲᠤᠯᠬᠤ | ᠭᠠᠵᠠᠷ ᠪᠠᠶᠢᠭᠤᠯᠬᠤ ᠳᠤ ᠱᠠᠭᠠᠷᠳᠠᠭᠳᠠᠬᠤ ᠨᠥᠬᠦᠴᠡᠯ ᠲᠣᠭᠲᠠᠭᠠᠭᠰᠠᠨ ᠦᠭᠡᠢ ᠪᠠᠶᠢᠳᠠᠯ ᠢ ᠬᠤᠪᠢᠷᠠᠭᠤᠯᠪᠠ᠃ | ᠬᠥᠲᠥᠯᠥᠭᠴᠢ᠄ | ᠦᠬᠡᠷ ᠬᠤᠨᠢ ᠢᠮᠠᠭ᠎ᠠ ᠨᠢᠲᠤᠯᠬᠤ ᠲᠣᠭᠲᠠᠭᠰᠠᠨ ᠴᠢᠭ᠋ ᠪᠣᠯᠬᠤ ᠦᠢᠯᠡᠳᠪᠦᠷᠢ ︵ᠲᠠᠯᠠᠪᠠᠢ︶ ᠶᠢ ᠰᠢᠨ᠎ᠡ ᠪᠠᠷ | ᠪᠠᠶᠢᠭᠤᠯᠬᠤ᠂ ᠥᠭᠡᠷᠡᠴᠢᠯᠡᠨ ᠪᠠᠶᠢᠭᠤᠯᠬᠤ ᠪᠠ ᠥᠷᠭᠡᠳᠬᠡᠨ ᠪᠠᠶᠢᠭᠤᠯᠬᠤ ᠲᠤᠬᠠᠢ ︽ᠬᠠᠮᠢᠶᠠᠷᠤᠯᠲᠠ ᠶᠢᠨ ᠠᠷᠭ᠎ᠠ︾ | ᠳᠤ ᠬᠡᠷᠬᠢᠨ ᠲᠣᠭᠲᠠᠭᠠᠭᠰᠠᠨ ᠪᠤᠢ︖ | ᠵᠢᠶᠠ ᠯᠢ᠄ | ᠦᠬᠡᠷ ᠬᠤᠨᠢ ᠢᠮᠠᠭ᠎ᠠ ᠨᠢᠲᠤᠯᠬᠤ ᠦᠢᠯᠡᠳᠪᠦᠷᠢ ︵ᠲᠠᠯᠠᠪᠠᠢ︶ ᠪᠠᠶᠢᠭᠤᠯᠬᠤ ᠨᠢ ᠲᠤᠰᠬᠠᠶ ᠮᠡᠷᠭᠡᠵᠢᠯ ᠤᠨ | ᠴᠢᠨᠠᠷ ᠢᠶᠠᠷ ᠴᠢᠩᠭ᠎ᠠ ᠪᠣᠯᠬᠤᠷ᠂ ᠪᠠᠶᠢᠭᠤᠯᠬᠤ ᠠᠴᠠ ᠡᠮᠦᠨ᠎ᠡ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠤᠨ | ᠰᠠᠯᠠᠭ᠎ᠠ ᠮᠥᠴᠢᠷ ᠠᠴᠠ ᠤᠷᠢᠳᠴᠢᠯᠠᠨ ᠣᠷᠣᠯᠴᠠᠵᠤ᠂ ᠵᠢᠯᠣᠭᠤᠳᠤᠯᠭ᠎ᠠ ᠵᠥᠪᠯᠡᠯᠭᠡ ᠥᠭᠬᠦ ᠬᠡᠷᠡᠭᠲᠡᠢ᠃ ︽ | ᠬᠠᠮᠢᠶᠠᠷᠤᠯᠲᠠ ᠶᠢᠨ ᠠᠷᠭ᠎ᠠ︾ ᠶᠢᠨ ᠠᠷᠪᠠᠨ ᠲᠠᠪᠤᠳᠤᠭᠠᠷ ᠵᠦᠢᠯ ᠳᠤ ᠦᠬᠡᠷ ᠬᠤᠨᠢ ᠨᠢᠲᠤᠯᠬᠤ ᠲᠣᠭᠲᠠᠭᠰᠠᠨ ᠴᠢᠭ᠋ | ᠪᠣᠯᠬᠤ ᠦᠢᠯᠡᠳᠪᠦᠷᠢ ︵ᠲᠠᠯᠠᠪᠠᠢ︶ ᠶᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ | ᠪᠠᠶᠢᠭᠤᠯᠬᠤ ᠳᠤ ᠭᠤᠶᠤᠴᠢᠯᠠᠭᠴᠢ ᠨᠢ ᠦᠢᠯᠡᠳᠪᠦᠷᠢ ︵ᠲᠠᠯᠠᠪᠠᠢ︶ ᠶᠢᠨ ᠪᠠᠶᠢᠭ᠎ᠠ ᠭᠠᠵᠠᠷ ᠤᠨ ᠬᠤᠰᠢᠭᠤ ᠰᠢᠶᠠᠨ ᠤ | ᠱᠠᠲᠤᠨ ᠤ ᠠᠷᠠᠳ ᠤᠨ ᠵᠠᠰᠠᠭ ᠤᠨ ᠣᠷᠳᠣᠨ ᠤ ᠮᠠᠯ ᠡᠮᠨᠡᠯᠭᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ | ᠭᠤᠶᠤᠴᠢᠯᠠᠯ ᠢᠶᠠᠨ ᠪᠢᠴᠢᠭ ᠢᠶᠠᠷ ᠭᠠᠷᠭᠠᠵᠤ᠂ ᠠᠶᠢᠮᠠᠭ ᠤᠨ ᠵᠠᠬᠢᠷᠭ᠎ᠠ᠂ ᠲᠣᠭᠤᠷᠢᠭ ᠲᠠᠢ ᠬᠤᠲᠠ ᠶᠢᠨ ᠠᠷᠠᠳ ᠤᠨ | ᠵᠠᠰᠠᠭ ᠤᠨ ᠣᠷᠳᠣᠨ ᠤ ᠮᠠᠯ ᠡᠮᠨᠡᠯᠭᠡ ᠶᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠤᠰ ᠠᠷᠭ᠎ᠠ ᠪᠤᠶᠤ | ᠨᠢᠲᠤᠯᠬᠤ ᠠᠵᠢᠯ ᠲᠦ᠋ᠷᠦᠯ ᠤᠨ ᠬᠥᠭᠵᠢᠯᠲᠡ ᠶᠢᠨ ᠲᠥᠯᠥᠪᠵᠢᠭᠦᠯᠭᠡ ᠶᠣᠰᠣᠭᠠᠷ᠂ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠠᠢ ᠬᠠᠮᠲᠤᠷᠠᠨ ᠬᠢᠨᠠᠨ ᠪᠠᠶᠢᠴᠠᠭᠠᠵᠤ᠂ ᠪᠢᠴᠢᠭ ᠢᠶᠠᠷ ᠲᠣᠭᠲᠠᠭᠠᠯ ᠭᠠᠷᠭᠠᠵᠤ᠂ ᠨᠥᠬᠦᠴᠡᠯ ᠳᠤ ᠨᠡᠶᠢᠴᠡᠬᠦ | ᠦᠭᠡᠢ ᠪᠠᠶᠢᠪᠠᠯ᠂ ᠤᠴᠢᠷ ᠰᠢᠯᠲᠠᠭᠠᠨ ᠢ ᠨᠢ ᠪᠢᠴᠢᠭ ᠢᠶᠠᠷ ᠲᠣᠳᠣᠷᠬᠠᠶᠢᠯᠠᠬᠤ ᠬᠡᠷᠡᠭᠲᠡᠶ᠃ ᠢᠩᠭᠢᠪᠡᠯ ᠪᠦᠳᠦᠭᠡᠨ | ᠪᠠᠶᠢᠭᠤᠯᠤᠯᠲᠠ ᠶᠢᠨ ᠶᠠᠪᠤᠴᠠ ᠳᠤᠮᠳᠠ ᠭᠠᠷᠤᠭᠰᠠᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ | ᠪᠠᠷᠢᠮᠵᠢᠶ᠎ᠠ ᠳᠤ ᠨᠡᠶᠢᠴᠡᠬᠦ ᠦᠭᠡᠢ ᠪᠠᠶᠢᠳᠠᠯ ᠠᠴᠠ ᠪᠦᠲᠦᠮᠵᠢᠲᠡᠢ ᠪᠠᠷ ᠵᠠᠶᠢᠯᠠᠰᠬᠢᠵᠤ᠂ ᠪᠦᠳᠦᠭᠡᠨ ᠪᠠᠶᠢᠭᠤᠯᠬᠤ | ᠠᠬᠢᠴᠠ ᠶᠢ ᠲᠦᠷᠭᠡᠳᠬᠡᠵᠦ᠂ ᠡᠬᠢ ᠪᠠᠶᠠᠯᠢᠭ ᠢ ᠪᠦᠷᠢᠯᠭᠡᠨ ᠰᠦᠢᠳᠬᠡᠬᠦ ᠶᠢ ᠪᠠᠭᠠᠰᠬᠠᠬᠤ ᠪᠣᠯᠣᠨ᠎ᠠ᠃ | ᠬᠥᠲᠥᠯᠥᠭᠴᠢ᠄ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠡᠷ ᠬᠤᠨᠢ ᠢᠮᠠᠭ᠎ᠠ ᠨᠢᠲᠤᠯᠬᠤ | ᠬᠠᠮᠢᠶᠠᠷᠤᠯᠲᠠ ᠶᠢᠨ ᠠᠷᠭ᠎ᠠ︾ ᠪᠣᠯ 2013 ᠣᠨ ᠤ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢᠨ ᠲᠠᠷᠠᠭ᠎ᠠ ᠬᠠᠮᠢᠶᠠᠷᠤᠯᠲᠠ ᠶᠢᠨ ᠡᠭᠦᠷᠭᠡ ᠲᠤᠰᠢᠶᠠᠯ ᠢ ᠬᠤᠳᠠᠯᠳᠤᠭᠠᠨ ᠤ ᠶᠠᠪᠤᠳᠠᠯ ᠤᠨ ᠰᠠᠯᠠᠭ᠎ᠠ | ᠮᠥᠴᠢᠷ ᠠᠴᠠ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠲᠤ ᠬᠤᠪᠢᠶᠠᠷᠢᠯᠠᠨ ᠰᠢᠯᠵᠢᠭᠦᠯᠦᠭᠰᠡᠨ ᠤ | ᠳᠠᠷᠠᠭ᠎ᠠ ᠨᠡᠶᠢᠲᠡᠯᠡᠨ ᠬᠡᠷᠡᠭᠵᠢᠭᠦᠯᠦᠭᠰᠡᠨ ᠪᠦᠬᠦ ᠤᠯᠤᠰ ᠲᠠᠬᠢ ᠦᠬᠡᠷ ᠬᠤᠨᠢ ᠢᠮᠠᠭ᠎ᠠ ᠨᠢᠲᠤᠯᠬᠤ ᠶᠢ ᠵᠢᠷᠤᠮᠵᠢᠭᠤᠯᠬᠤ | ᠬᠠᠮᠢᠶᠠᠷᠤᠯᠲᠠ ᠶᠢᠨ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠩᠬᠠᠳᠠᠭᠴᠢ ᠳᠦᠷᠢᠮ ᠲᠣᠭᠲᠠᠭᠠᠯ | ᠪᠣᠯᠣᠨ᠎ᠠ᠂ ᠲᠡᠭᠡᠪᠡᠯ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠡᠭᠦᠷᠭᠡ ᠲᠤᠰᠢᠶᠠᠯ ᠢ | ᠠᠯᠢ ᠬᠡᠳᠦᠨ ᠰᠠᠯᠠᠭ᠎ᠠ ᠮᠥᠴᠢᠷ ᠠᠴᠠ ᠪᠣᠳᠠᠲᠠᠶ ᠬᠠᠷᠢᠭᠤᠴᠠᠬᠤ ᠪᠣᠢ︖ ᠡᠯ᠎ᠡ ᠰᠠᠯᠠᠭ᠎ᠠ ᠮᠥᠴᠢᠷ ᠤᠨ ᠡᠭᠦᠷᠭᠡ | ᠲᠤᠰᠢᠶᠠᠯ ᠢ ᠬᠡᠷᠬᠢᠨ ᠵᠠᠯᠭᠠᠬᠤ ᠪᠤᠶ︖ | ᠵᠢᠶᠠ ᠯᠢ᠄ | 2013 ᠣᠨ ᠳᠤ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠪᠠᠶᠢᠭᠤᠯᠤᠮᠵᠢ ᠶᠢ ᠥᠭᠡᠷᠡᠴᠢᠯᠡᠬᠦ ᠲᠥᠰᠦᠯ ᠳᠤ | ᠬᠤᠳᠠᠯᠳᠤᠭᠠᠨ ᠤ ᠶᠠᠪᠤᠳᠠᠯ ᠤᠨ ᠶᠠᠮᠤᠨ ᠤ ᠡᠭᠦᠷᠭᠡᠯᠡᠵᠦ ᠪᠠᠶᠢᠭᠰᠠᠨ ᠭᠠᠭ᠋ᠠᠶ ᠨᠢᠲᠤᠯᠬᠤ ᠲᠣᠭᠲᠠᠭᠠᠭᠰᠠᠨ ᠴᠢᠭ᠋ ᠢ | ᠬᠢᠨᠠᠨ ᠬᠠᠮᠢᠶᠠᠷᠬᠤ ᠡᠭᠦᠷᠭᠡ ᠴᠢᠳᠠᠪᠤᠷᠢ ᠶᠢ ᠬᠥᠳᠡᠭᠡ ᠠᠵᠤ ᠠᠬᠤᠶ ᠶᠢᠨ ᠶᠠᠮᠤᠨ ᠳᠤ ᠬᠤᠪᠢᠶᠠᠷᠢᠯᠠᠨ ᠥᠭᠬᠦ ᠪᠠᠷ | ᠲᠣᠳᠣᠷᠬᠠᠶᠢᠯᠠᠪᠠ᠃ 2014 ᠣᠨ ᠤ 10 ᠳ᠋ᠤᠭᠠᠷ ᠰᠠᠷ᠎ᠠ ᠶᠢᠨ ᠰᠡᠭᠦᠯᠴᠢ ᠪᠠᠷ᠂ ᠲᠦᠷᠦ ᠶᠢᠨ ᠶᠠᠪᠤᠳᠠᠯ ᠤᠨ | ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠪᠠᠶᠢᠭᠤᠯᠤᠮᠵᠢ ᠶᠢᠨ | ᠥᠭᠡᠷᠡᠴᠢᠯᠡᠯᠲᠡ ᠶᠢᠨ ᠱᠠᠭᠠᠷᠳᠠᠯᠭ᠎ᠠ ᠶᠣᠰᠣᠭᠠᠷ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠭᠦᠷᠭᠡ | ᠴᠢᠳᠠᠪᠤᠷᠢ ᠶᠢᠨ ᠬᠤᠪᠢᠶᠠᠷᠢᠯᠠᠨ ᠰᠢᠯᠵᠢᠭᠦᠯᠬᠦ ᠶᠢ ᠪᠡᠶᠡᠯᠡᠭᠦᠯᠵᠦ᠂ 2015 ᠣᠨ ᠤ 1 ᠳ᠋ᠦ᠋ᠭᠡᠷ ᠰᠠᠷ᠎ᠠ ᠶᠢᠨ 5 ᠤ | ᠡᠳᠦᠷ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠪᠣᠯᠤᠨ ᠬᠤᠳᠠᠯᠳᠤᠭᠠᠨ ᠤ | ᠶᠠᠪᠤᠳᠠᠯ ᠤᠨ ᠲᠢᠩᠬᠢᠮ ᠯᠦᠭᠡ ᠠᠵᠢᠯ ᠢᠶᠠᠨ ᠲᠤᠰᠢᠶᠠᠬᠤ ᠪᠠ ᠬᠦᠯᠢᠶᠠᠨ ᠠᠪᠬᠤ ᠶᠢ ᠪᠡᠶᠡᠯᠡᠭᠦᠯᠪᠡ᠃ ᠤᠳᠤ ᠶᠢᠨ | ᠬᠡᠷᠡᠭᠵᠢᠭᠦᠯᠵᠦ ᠪᠠᠶᠢᠭ᠎ᠠ ᠬᠢᠨᠠᠯᠲᠠ ᠬᠠᠮᠢᠶᠠᠷᠤᠯᠲᠠ ᠶᠢᠨ ᠵᠠᠭᠪᠤᠷ ᠶᠣᠰᠣᠭᠠᠷ᠂ ᠤᠯᠠᠭᠠᠨ ᠢᠳᠡᠭᠡᠨ ᠤ ᠶᠠᠰᠤ ᠴᠢᠨᠠᠷ ᠤᠨ | ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠶᠢ ᠭᠤᠣᠯᠳᠠᠭᠤ ᠲᠠᠷᠢᠶᠠᠯᠠᠩ ᠮᠠᠯ ᠠᠵᠤ | ᠠᠬᠤᠶ ᠪᠣᠯᠣᠨ ᠢᠳᠡᠭᠡᠨ ᠡᠮ ᠤᠨ ᠵᠦᠢᠯ ᠬᠤᠶᠠᠷ ᠰᠠᠯᠠᠭ᠎ᠠ ᠮᠥᠴᠢᠷ ᠠᠴᠠ ᠬᠠᠷᠢᠭᠤᠴᠠᠨ᠂ ᠥᠩᠭᠡᠷᠡᠭᠰᠡᠨ ᠤ ᠣᠯᠠᠨ | ᠰᠠᠯᠠᠭ᠎ᠠ ᠮᠥᠴᠢᠷ ᠠᠴᠠ ᠬᠠᠮᠢᠶᠠᠷᠴᠤ ᠪᠠᠶᠢᠭᠰᠠᠨ ᠪᠠᠶᠢᠳᠠᠯ ᠢ ᠬᠤᠪᠢᠷᠠᠭᠤᠯᠪᠠ᠃ ᠤᠯᠠᠭᠠᠨ ᠢᠳᠡᠭᠡᠨ ᠢ ᠵᠠᠬ᠎ᠠ | ᠳᠡᠯᠭᠡᠭᠦᠷ ᠲᠤ ᠣᠷᠣᠭᠤᠯᠬᠤ ᠠᠴᠠ ᠡᠮᠦᠨ᠎ᠡ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠬᠠᠷᠢᠭᠤᠴᠠᠵᠤ᠂ | ᠵᠠᠬ᠎ᠠ ᠳᠡᠯᠭᠡᠭᠦᠷ ᠲᠤ ᠤᠷᠤᠭᠰᠠᠨ ᠤ ᠲᠠᠷᠠᠭ᠎ᠠ ᠵᠢᠴᠢ ᠪᠣᠯᠪᠠᠰᠤᠷᠠᠭᠤᠯᠬᠤ ᠵᠠᠩᠭᠢᠯᠠᠭ᠎ᠠ ᠳᠤ ᠢᠳᠡᠭᠡᠨ ᠪᠠ ᠡᠮ ᠤᠨ | ᠵᠦᠢᠯ ᠤᠨ ᠰᠠᠯᠠᠭ᠎ᠠ ᠮᠥᠴᠢᠷ ᠠᠴᠠ ᠬᠠᠷᠢᠭᠤᠴᠠᠬᠤ ᠶᠢ ᠲᠣᠳᠣᠷᠬᠠᠶᠢᠯᠠᠪᠠ᠂ ᠥᠭᠡᠷ᠎ᠡ ᠪᠠᠷ ᠬᠡᠯᠡᠪᠡᠯ ᠮᠠᠯ ᠵᠢᠭᠦᠷᠲᠡᠨ ᠢ | ᠲᠡᠵᠢᠭᠡᠨ ᠦᠷᠡᠵᠢᠭᠦᠯᠵᠦ ᠨᠢᠲᠤᠯᠬᠤ ᠠᠴᠠ ᠡᠮᠦᠨ᠎ᠡ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠠᠴᠠ | ᠬᠢᠨᠠᠨ ᠬᠠᠮᠢᠶᠠᠷᠴᠦ᠂ ᠤᠯᠠᠭᠠᠨ ᠢᠳᠡᠭᠡᠨ ᠭᠦᠢᠯᠭᠡᠭᠡᠨ ᠤ ᠵᠠᠩᠭᠢᠯᠠᠭ᠎ᠠ ᠵᠢᠴᠢ ᠪᠣᠯᠪᠠᠰᠤᠷᠠᠭᠤᠯᠤᠨ ᠦᠢᠯᠡᠳᠪᠦᠷᠢᠯᠡᠬᠦ | ᠵᠡᠷᠭᠡ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠳᠤ ᠣᠷᠣᠬᠤ ᠳᠤ ᠢᠳᠡᠭᠡᠨ ᠪᠠ ᠡᠮ ᠤᠨ ᠵᠦᠢᠯ ᠤᠨ ᠰᠠᠯᠠᠭ᠎ᠠ | ᠮᠥᠴᠢᠷ ᠠᠴᠠ ᠬᠢᠨᠠᠨ ᠬᠠᠮᠢᠶᠠᠷᠤᠨ᠎ᠠ᠃ ᠡᠭᠦᠨ ᠤ ᠬᠠᠮᠲᠤ᠂ ᠲᠠᠷᠢᠶᠠᠯᠠᠩ ᠮᠠᠯ ᠠᠵᠤ ᠠᠬᠤᠶ ᠪᠠ ᠢᠳᠡᠭᠡᠨ ᠡᠮ ᠤᠨ | ᠵᠦᠢᠯ ᠤᠨ ᠰᠠᠯᠠᠭ᠎ᠠ ᠮᠥᠴᠢᠷ ᠠᠵᠢᠯ ᠢᠶᠠᠨ ᠨᠡᠩ ᠰᠠᠶᠢᠨ ᠵᠠᠯᠭᠠᠯᠳᠤᠭᠤᠯᠬᠤ ᠶᠢᠨ ᠲᠤᠰᠠᠳᠠ᠂ ᠨᠢᠭᠡᠨᠲᠡ ᠬᠤᠶᠠᠷ | ᠰᠠᠯᠠᠭ᠎ᠠ ᠮᠥᠴᠢᠷ ᠬᠠᠮᠲᠤᠷᠠᠨ ᠪᠢᠴᠢᠭ ᠮᠠᠲ᠋ᠧᠷᠢᠶᠠᠯ ᠲᠠᠷᠬᠠᠭᠠᠨ ᠡᠭᠦᠷᠭᠡ ᠬᠠᠷᠢᠭᠤᠴᠠᠯᠭ᠎ᠠ ᠪᠠᠨ ᠨᠠᠷᠢᠯᠢᠭᠵᠢᠭᠤᠯᠵᠤ᠂ | ᠡᠭᠦᠷᠭᠡ ᠴᠢᠳᠠᠪᠤᠷᠢ ᠪᠠᠨ ᠬᠢᠵᠠᠭᠠᠷ ᠢ ᠲᠣᠳᠣᠷᠬᠠᠶᠢᠯᠠᠪᠠ᠃ | ᠬᠥᠲᠥᠯᠥᠭᠴᠢ᠄ | ᠡᠳᠦᠷ ᠲᠤᠲᠤᠮ ᠤᠨ ᠠᠮᠢᠳᠤᠷᠠᠯ ᠳᠤᠮᠳᠠ ᠮᠠᠯ ᠤᠨ ᠠᠰᠢᠭ ᠰᠢᠮ᠎ᠡ ᠶᠢᠨ ᠠᠮᠤᠷ ᠲᠦᠪᠰᠢᠨ ᠤ ᠠᠰᠠᠭᠤᠳᠠᠯ | ᠣᠷᠣᠰᠢᠵᠤ ᠪᠠᠶᠢᠬᠤ ᠶᠢ ᠢᠯᠡᠷᠡᠭᠦᠯᠪᠡᠯ ᠶᠠᠭᠠᠬᠢᠪᠠᠯ ᠵᠣᠬᠢᠬᠤ ᠪᠤᠢ︖ | ᠵᠢᠶᠠ ᠯᠢ᠄ | ᠮᠠᠨ ᠤ ᠤᠷᠤᠨ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠶᠢᠨ ᠶᠡᠭᠡ ᠣᠷᠣᠨ᠂ ᠲᠠᠷᠢᠶᠠᠯᠠᠩ ᠤᠨ | ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠦᠨ ᠪᠣᠯᠪᠠᠰᠤᠷᠠᠭᠤᠯᠵᠤ ᠭᠠᠳᠠᠭᠰᠢ ᠭᠠᠷᠭᠠᠬᠤ ᠴᠢᠬᠤᠯᠠ | ᠰᠠᠭᠤᠷᠢᠨ ᠭᠠᠵᠠᠷ ᠪᠣᠯᠤᠭᠰᠠᠨ ᠤ ᠬᠤᠪᠢ ᠳᠤ᠂ ᠦᠢᠯᠡᠳᠪᠦᠷᠢᠯᠡᠯ ᠢ ᠬᠦᠭᠵᠢᠭᠦᠯᠬᠦ ᠦᠶ᠎ᠡ ᠳᠤ᠂ ᠢᠳᠡᠭᠡᠨ ᠤ ᠠᠮᠤᠷ | ᠲᠦᠪᠰᠢᠨ ᠤ ᠠᠰᠠᠭᠤᠳᠠᠯ ᠭᠠᠷᠪᠠᠯ᠂ ᠬᠡᠷᠡᠭᠯᠡᠭᠴᠢ ᠶᠢ ᠬᠤᠤᠷᠯᠠᠵᠤ᠂ ᠠᠵᠤ ᠠᠬᠤᠶᠢᠯᠠᠯ ᠢᠶᠠᠨ ᠴᠦ ᠦᠭᠡᠢ ᠬᠢᠬᠦ | ᠪᠤᠯᠤᠨ᠎ᠠ᠃ ᠬᠡᠯᠡᠨ ᠳᠡᠭᠡᠷᠡᠬᠢ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂ ᠠᠵᠤ ᠠᠬᠤᠶᠢᠯᠠᠯ ᠨᠢ | ᠵᠠᠪᠠᠯ ᠢᠲᠡᠭᠡᠯ ᠬᠦᠨᠳᠦ ᠶᠢ ᠰᠠᠶᠢᠲᠤᠷ ᠠᠳᠬᠤᠵᠤ᠂ ᠠᠷᠠᠳ ᠤᠯᠠᠨ ᠤ ᠠᠮᠢᠳᠤᠷᠠᠯ ᠳᠤ ᠢᠳᠡᠭᠡᠨ ᠤ ᠠᠮᠤᠷ | ᠲᠦᠪᠰᠢᠨ ᠢ ᠬᠠᠩᠭᠠᠬᠤ ᠬᠡᠷᠡᠭᠲᠡᠶ᠃ ᠡᠶᠢᠮᠦ ᠠᠴᠠ ︽ᠬᠠᠮᠢᠶᠠᠷᠤᠯᠲᠠ ᠶᠢᠨ ᠠᠷᠭ᠎ᠠ︾ ᠶᠢᠨ ᠬᠤᠷᠢᠨ ᠨᠠᠢᠮᠠᠳᠤᠭᠠᠷ | ᠵᠦᠢᠯ ᠳᠤ᠂ ᠦᠬᠡᠷ ᠬᠤᠨᠢ ᠢᠮᠠᠭ᠎ᠠ ᠨᠢᠲᠤᠯᠬᠤ ᠲᠤᠭᠲᠠᠭᠰᠠᠨ ᠴᠢᠭ᠋ ᠪᠤᠯᠬᠤ ᠦᠢᠯᠡᠳᠪᠦᠷᠢ ︵ᠲᠠᠯᠠᠪᠠᠢ︶ ᠨᠤᠭᠤᠳ | ᠮᠠᠯ ᠤᠨ ᠠᠰᠢᠭ ᠰᠢᠮ᠎ᠡ ᠶᠢ ᠡᠭᠡᠭᠦᠯᠦᠨ ᠠᠪᠴᠢᠷᠠᠬᠤ ᠳᠦᠷᠢᠮ ᠢ ᠪᠠᠶᠢᠭᠤᠯᠵᠤ᠂ ᠮᠠᠯ ᠤᠨ ᠠᠰᠢᠭ ᠰᠢᠮ᠎ᠡ ᠶᠢᠨ ᠠᠮᠤᠷ | ᠲᠦᠪᠰᠢᠨ ᠪᠤᠰᠤ ᠳᠠᠯᠳᠠ ᠭᠡᠮ ᠣᠷᠣᠰᠢᠵᠤ ᠪᠠᠶᠢᠬᠤ᠂ ᠣᠯᠠᠨ ᠨᠡᠶᠢᠲᠡ ᠶᠢᠨ ᠡᠷᠡᠭᠦᠯ ᠮᠡᠨᠳᠦ ᠪᠠ ᠠᠮᠢ ᠨᠠᠰᠤᠨ ᠤ | ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠵᠤ ᠮᠡᠳᠡᠬᠦ ᠶᠢ ᠤᠯᠵᠤ ᠮᠡᠳᠡᠪᠡᠯ᠂ ᠲᠡᠷᠡ ᠳᠠᠷᠤᠶ ᠳᠤᠨᠢ | ᠦᠢᠯᠡᠳᠪᠦᠷᠢᠯᠡᠬᠦ ᠪᠠᠨ ᠵᠣᠭᠰᠣᠭᠠᠵᠤ᠂ ᠪᠣᠷᠣᠯᠠᠭᠤᠯᠤᠭᠴᠢᠳ ᠪᠠ ᠬᠡᠷᠡᠭᠯᠡᠭᠴᠢᠳ ᠲᠤ ᠮᠡᠳᠡᠭᠳᠡᠵᠦ᠂ ᠨᠢᠭᠡᠨᠲᠡ ᠵᠠᠬ᠎ᠠ | ᠳᠡᠯᠭᠡᠭᠦᠷ ᠲᠤ ᠭᠠᠷᠭᠠᠨ ᠪᠣᠷᠣᠯᠠᠭᠤᠯᠵᠤ ᠪᠠᠶᠢᠭ᠎ᠠ ᠮᠠᠯ ᠤᠨ ᠠᠰᠢᠭ ᠰᠢᠮ᠎ᠡ ᠪᠠᠨ ᠡᠭᠡᠭᠦᠯᠦᠨ ᠠᠪᠴᠢᠷᠠᠬᠤ ᠶᠢᠨ ᠬᠠᠮᠲᠤ | ᠡᠭᠡᠭᠦᠯᠦᠨ ᠠᠪᠴᠢᠷᠠᠭᠰᠠᠨ ᠪᠠ ᠮᠡᠳᠡᠭᠳᠡᠭᠰᠡᠨ ᠪᠠᠶᠢᠳᠠᠯ ᠢᠶᠠᠨ ᠲᠡᠮᠳᠡᠭᠯᠡᠵᠦ᠂ ᠡᠭᠡᠭᠦᠯᠵᠦ ᠠᠪᠴᠢᠷᠠᠭᠰᠠᠨ ᠮᠠᠯ ᠤᠨ | ᠠᠰᠢᠭ ᠰᠢᠮ᠎ᠡ ᠶᠢ ᠬᠤᠣᠷ ᠦᠭᠡᠢ ᠪᠤᠯᠭᠠᠨ ᠰᠢᠢᠳᠪᠦᠷᠢᠯᠡᠬᠦ ᠬᠡᠷᠡᠭᠲᠡᠶ᠃ ᠡᠨᠡ ᠨᠢ ᠮᠥᠨ ᠴᠦ ︽ᠬᠠᠮᠢᠶᠠᠷᠤᠯᠲᠠ ᠶᠢᠨ | ᠠᠷᠭ᠎ᠠ︾ ᠳᠤ ᠮᠠᠯ ᠤᠨ ᠠᠰᠢᠭ ᠰᠢᠮ᠎ᠡ ᠶᠢᠨ ᠲᠤᠬᠠᠢ ᠠᠩᠬ᠎ᠠ ᠤᠳᠠᠭ᠎ᠠ ᠬᠡᠷᠡᠭᠵᠢᠭᠦᠯᠵᠦ ᠪᠠᠶᠢᠭ᠎ᠠ | ᠪᠦᠲᠦᠭᠡᠭᠲᠡᠬᠦᠨ ᠢᠶᠠᠨ ᠡᠭᠡᠭᠦᠯᠵᠦ ᠠᠪᠴᠢᠷᠠᠬᠤ ᠳᠦᠷᠢᠮ ᠪᠤᠯᠤᠨ᠎ᠠ᠃ | ᠬᠥᠲᠥᠯᠥᠭᠴᠢ᠄ | ᠲᠡᠭᠡᠪᠡᠯ ᠡᠩ ᠤᠨ ᠨᠢᠭᠡᠨ ᠬᠡᠷᠡᠭᠯᠡᠭᠴᠢ ᠵᠠᠬ᠎ᠠ ᠳᠡᠯᠭᠡᠭᠦᠷ ᠳᠡᠭᠡᠷ᠎ᠡ ᠪᠣᠷᠣᠯᠠᠭᠤᠯᠤᠭᠳᠠᠵᠤ ᠪᠠᠶᠢᠭ᠎ᠠ ᠤᠯᠠᠭᠠᠨ | ᠮᠢᠬᠠᠨ ᠢᠳᠡᠭᠡᠨ ᠤ ᠬᠢᠷᠢ ᠲᠡᠩᠴᠡᠬᠦ ᠡᠰᠡᠭᠦ ᠶᠢ ᠬᠡᠷᠬᠢᠨ ᠢᠯᠭᠠᠨ ᠲᠠᠨᠢᠬᠤ ᠪᠤᠢ︖ | ᠵᠢᠶᠠ ᠯᠢ᠄ | ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠲᠣᠭᠲᠠᠭᠠᠯ ᠶᠣᠰᠣᠭᠠᠷ᠂ ᠬᠢᠷᠢ ᠲᠡᠩᠴᠡᠭᠰᠡᠨ ᠤᠯᠠᠭᠠᠨ ᠢᠳᠡᠭᠡᠨ | ᠨᠢ ᠡᠷᠬᠡᠪᠰᠢ ᠶᠠᠰᠤ ᠴᠢᠨᠠᠷ ᠤᠨ ᠰᠢᠯᠭᠠᠨ ᠪᠠᠶᠢᠴᠠᠭᠠᠯᠲᠠ ᠪᠠ ᠬᠢᠵᠢᠭ ᠪᠠᠶᠢᠴᠠᠭᠠᠯᠲᠠ ᠳᠤ ᠬᠢᠷᠢ ᠲᠡᠩᠴᠡᠭᠰᠡᠨ ᠪᠠᠶᠢᠬᠤ | ᠶᠤᠰᠤᠲᠠᠢ᠃ ᠡᠶᠢᠮᠦ ᠠᠴᠠ᠂ ᠵᠠᠬ᠎ᠠ ᠳᠡᠯᠭᠡᠭᠦᠷ ᠳᠡᠭᠡᠷᠡᠬᠢ ᠤᠯᠠᠭᠠᠨ ᠢᠳᠡᠭᠡᠨ ᠤ ᠬᠢᠷᠢ ᠲᠡᠩᠴᠡᠬᠦ ᠡᠰᠡᠭᠦ ᠶᠢ ᠢᠯᠭᠠᠨ | ᠲᠠᠨᠢᠬᠤ ᠳᠠᠭᠠᠨ ᠬᠤᠯᠪᠣᠭᠳᠠᠯ ᠪᠦᠬᠦᠢ ᠭᠡᠷᠡᠴᠢ ᠲᠡᠮᠳᠡᠭ ᠢ ᠪᠠᠶᠢᠴᠠᠭᠠᠨ ᠦᠵᠡᠬᠦ ᠠᠷᠭ᠎ᠠ ᠪᠠᠷ ᠳᠠᠮᠵᠢᠵᠤ ᠪᠣᠯᠤᠨ᠎ᠠ᠂ | ᠶᠠᠰᠤ ᠴᠢᠨᠠᠷ ᠤᠨ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠡᠰᠡᠬᠦ ᠶᠢ ᠪᠠᠶᠢᠴᠠᠭᠠᠭᠰᠠᠨ ᠲᠠᠮᠠᠭ᠎ᠠ ᠪᠠ ᠬᠢᠵᠢᠭ | ᠪᠠᠶᠢᠴᠠᠭᠠᠯᠲᠠ ᠶᠢᠨ ᠬᠢᠷᠢ ᠲᠡᠩᠴᠡᠭᠰᠡᠨ ᠡᠰᠡᠭᠦ ᠶᠢ ᠪᠠᠶᠢᠴᠠᠭᠠᠬᠤ ᠶᠢᠨ ᠬᠠᠮᠲᠤ ᠪᠣᠷᠣᠯᠠᠭᠤᠯᠵᠤ ᠪᠠᠶᠢᠭ᠎ᠠ ᠤᠯᠠᠭᠠᠨ | ᠢᠳᠡᠭᠡᠨ ᠨᠢ ︽ᠶᠠᠰᠤ ᠴᠢᠨᠠᠷ ᠤᠨ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠦᠨᠡᠮᠯᠡᠯ︾ ᠪᠠ ︽ᠠᠮᠢᠲᠠᠨ ᠤ | ᠬᠢᠵᠢᠭ ᠪᠠᠶᠢᠴᠠᠭᠠᠯᠲᠠ ᠶᠢᠨ ᠬᠢᠷᠢ ᠲᠡᠩᠴᠡᠭᠰᠡᠨ ᠭᠡᠷᠡᠴᠢ︾ ︵ᠬᠤᠶᠠᠷ ᠦᠨᠡᠮᠯᠡᠯ ᠬᠤᠶᠠᠷ ᠲᠠᠮᠠᠭ᠎ᠠ ᠭᠡᠵᠦ | ᠲᠣᠪᠴᠢᠯᠠᠨ᠎ᠠ︶ ᠳᠠᠭᠠᠯᠳᠤᠭᠤᠯᠤᠭᠰᠠᠨ ᠪᠠᠶᠢᠬᠤ ᠡᠰᠡᠭᠦ᠂ ᠬᠡᠰᠡᠭᠯᠡᠵᠦ᠂ ᠪᠤᠭᠤᠳᠠᠯᠯᠠᠭᠰᠠᠨ ᠠᠮᠢᠲᠠᠨ ᠤ | ᠪᠦᠲᠦᠭᠡᠭᠲᠡᠬᠦᠨ ᠳᠤ ᠶᠠᠰᠤ ᠴᠢᠨᠠᠷ ᠤᠨ ᠰᠢᠯᠭᠠᠨ ᠪᠠᠶᠢᠴᠠᠭᠠᠯᠲᠠ ᠶᠢᠨ ᠬᠢᠷᠢ ᠲᠡᠩᠴᠡᠭᠰᠡᠨ ᠲᠡᠮᠳᠡᠭ ᠪᠠ ᠠᠮᠢᠲᠠᠨ ᠤ | ᠬᠢᠵᠢᠭ ᠪᠠᠶᠢᠴᠠᠭᠠᠯᠲᠠ ᠶᠢᠨ ᠬᠢᠷᠢ ᠲᠡᠩᠴᠡᠭᠰᠡᠨ ᠲᠡᠮᠳᠡᠭ ᠪᠠᠶᠢᠬᠤ ᠡᠰᠡᠬᠦ ᠶᠢ ᠦᠵᠡᠨ᠎ᠡ᠃ ᠵᠠᠬ᠎ᠠ ᠳᠡᠯᠭᠡᠭᠦᠷ ᠤᠨ | ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠵᠠᠬ᠎ᠠ ᠳᠡᠯᠭᠡᠭᠦᠷ ᠳᠡᠭᠡᠷ᠎ᠡ ᠮᠥᠨ ᠯᠡ ︽ᠬᠤᠶᠠᠷ ᠦᠨᠡᠮᠯᠡᠯ | ᠬᠤᠶᠠᠷ ᠲᠠᠮᠠᠭ᠎ᠠ︾ ᠶᠢ ᠪᠠᠶᠢᠴᠠᠭᠠᠨ ᠰᠢᠯᠭᠠᠬᠤ ᠪᠠᠷ ᠳᠠᠮᠵᠢᠭᠤᠯᠤᠨ ᠠᠮᠢᠲᠠᠨ ᠤ ᠪᠦᠲᠦᠭᠡᠭᠲᠡᠬᠦᠨ ᠢ ᠵᠠᠬ᠎ᠠ | ᠳᠡᠯᠭᠡᠭᠦᠷ ᠲᠤ ᠣᠷᠣᠬᠤ ᠵᠦᠪᠰᠢᠶᠡᠷᠡᠯ ᠤᠨ ᠦᠨᠳᠦᠰᠦᠨ ᠨᠥᠬᠦᠴᠡᠯ ᠪᠤᠯᠭᠠᠨ᠎ᠠ᠃ ᠤᠳᠤ ᠮᠠᠰᠢ ᠤᠯᠠᠨ | ᠬᠡᠷᠡᠭᠯᠡᠭᠴᠢᠳ ᠠᠮᠢᠳᠡᠠ ᠤ ᠪᠦᠲᠦᠭᠡᠭᠲᠡᠬᠦᠨ ᠤ ᠬᠢᠵᠢᠭ ᠪᠠᠶᠢᠴᠠᠭᠠᠯᠲᠠ ᠳᠤ ᠬᠢᠷᠢ ᠲᠡᠩᠴᠡᠭᠰᠡᠨ ᠦᠨᠡᠮᠯᠡᠯ | ᠳᠠᠭᠠᠯᠳᠤᠭᠤᠯᠤᠭᠰᠠᠨ ᠪᠠᠶᠢᠪᠠᠯ ᠬᠢᠷᠢ ᠲᠡᠩᠴᠡᠭᠰᠡᠨ ᠪᠦᠲᠦᠭᠡᠭᠲᠡᠬᠦᠨ ᠭᠡᠵᠦ ᠦᠵᠡᠳᠡᠭ ᠪᠠᠶᠢᠨ᠎ᠠ᠂ ᠦᠨᠡᠨ ᠳᠡᠭᠡᠨ ᠡᠨᠡ | ᠪᠣᠯ ᠲᠠᠭᠠᠷᠠᠬᠤ ᠦᠭᠡᠢ᠂ ᠦᠨᠡᠨ ᠳᠡᠭᠡᠨ ᠬᠡᠷᠡᠭᠯᠡᠭᠴᠢᠳ ᠡᠩ ᠲᠡᠷᠢᠭᠦᠨ ᠳᠤ ᠶᠠᠰᠤ ᠴᠢᠨᠠᠷ ᠤᠨ ᠰᠢᠯᠭᠠᠨ | ᠪᠠᠶᠢᠴᠠᠭᠠᠯᠲᠠ ᠳᠤ ᠬᠢᠷᠢ ᠲᠡᠩᠴᠡᠭᠰᠡᠨ ᠦᠨᠡᠮᠯᠡᠯ ᠪᠠᠶᠢᠬᠤ ᠡᠰᠡᠬᠦ ᠶᠢ ᠪᠠᠶᠢᠴᠠᠭᠠᠨ ᠦᠵᠡᠵᠦ᠂ ᠳᠠᠷᠠᠭ᠎ᠠ ᠨᠢ ᠰᠠᠶ᠋ᠢ | ᠠᠮᠢᠳᠡᠠ ᠤ ᠬᠢᠵᠢᠭ ᠪᠠᠶᠢᠴᠠᠭᠠᠯᠲᠠ ᠳᠤ ᠬᠢᠷᠢ ᠲᠡᠩᠴᠡᠭᠰᠡᠨ ᠦᠨᠡᠮᠯᠡᠯ ᠪᠠᠶᠢᠬ᠎ᠠ ᠡᠰᠡᠭᠦ ᠶᠢ ᠨᠢ ᠦᠵᠡᠨ᠎ᠡ᠃ | ᠤᠴᠢᠷ ᠨᠢ᠂ ᠠᠮᠢᠳᠡᠠ ᠤ ᠬᠢᠵᠢᠭ ᠪᠠᠶᠢᠴᠠᠭᠠᠯᠲᠠ ᠳᠤ ᠬᠢᠷᠢ ᠲᠡᠩᠴᠡᠭᠰᠡᠨ ᠦᠨᠡᠮᠯᠡᠯ ᠨᠢ ᠵᠦᠪᠬᠡᠨ ᠠᠮᠢᠲᠠᠨ ᠤ | ᠪᠦᠲᠦᠭᠡᠭᠲᠡᠬᠦᠨ ᠳᠤ ᠬᠠᠯᠳᠠᠪᠤᠷᠢᠲᠤ ᠡᠪᠡᠳᠴᠢᠨ ᠪᠠ ᠰᠢᠮᠡᠭᠦᠷ ᠬᠤᠷᠣᠬᠠᠶ ᠶᠢᠨ ᠡᠪᠡᠳᠴᠢᠨ ᠦᠭᠡᠢ ᠭᠡᠰᠡᠨ ᠢ ᠯᠡ | ᠲᠦᠯᠦᠭᠡᠯᠡᠨ᠎ᠡ᠂ ᠶᠠᠰᠤ ᠴᠢᠨᠠᠷ ᠤᠨ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠦᠨᠡᠮᠯᠡᠯ ᠨᠢ ᠰᠠᠶ᠋ᠢ ᠶᠠᠰᠤ | ᠴᠢᠨᠠᠷ ᠤᠨ ᠬᠢᠷᠢ ᠲᠡᠩᠴᠡᠭᠰᠡᠨ ᠡᠰᠡᠭᠦ ᠶᠢ ᠲᠦᠯᠦᠭᠡᠯᠡᠨ᠎ᠡ᠃ ᠵᠢᠱᠢᠶᠡᠯᠡᠪᠡᠯ᠂ ᠪᠢᠳᠡ ᠴᠥᠮ ᠨᠡᠯᠢᠶᠡᠳ ᠠᠩᠬᠠᠷᠴᠤ | ᠪᠠᠶᠢᠭ᠎ᠠ ᠪᠠᠺᠠᠲ᠋ᠧᠷᠢ ᠨᠢ ᠪᠠᠷᠢᠮᠵᠢᠶ᠎ᠠ ᠠᠴᠠ ᠬᠡᠲᠦᠷᠡᠭᠰᠡᠨ᠂ ᠤᠰᠤᠨ ᠤ ᠠᠭᠤᠯᠤᠭᠳᠠᠴᠠ᠂ ᠬᠠᠷ᠎ᠠ ᠮᠢᠬᠠᠯᠠᠭᠤᠯᠬᠤ ᠡᠳ᠋᠂ | ᠮᠠᠯ ᠤᠨ ᠡᠮ ᠤᠨ ᠦᠯᠡᠳᠡᠭᠳᠡᠯ᠂ ᠪᠤᠰᠤᠳ ᠬᠤᠣᠷ ᠬᠥᠨᠥᠭᠡᠯ ᠲᠠᠢ ᠪᠣᠳᠠᠰ ᠢ ᠬᠠᠤᠯᠢ ᠪᠤᠰᠤ ᠪᠠᠷ ᠨᠡᠮᠡᠬᠦ ᠨᠢ ᠴᠥᠮ | ᠶᠠᠰᠤ ᠴᠢᠨᠠᠷ ᠢ ᠰᠢᠯᠭᠠᠨ ᠪᠠᠶᠢᠴᠠᠭᠠᠬᠤ ᠬᠡᠪᠴᠢᠶ᠎ᠡ ᠳᠤ ᠤᠷᠤᠨ᠎ᠠ᠃ | | | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠠᠤᠯᠢ ᠳᠦᠷᠢᠮ ᠤᠨ ᠠᠯᠪᠠᠨ ᠭᠡᠷ᠂ ᠥᠪᠡᠷᠲᠡᠭᠡᠨ | ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠨᠤᠲᠤᠭ ᠪᠡᠯᠴᠢᠭᠡᠷ ᠢ ᠬᠠᠮᠠᠭᠠᠯᠠᠬᠤ ᠦᠨᠳᠦᠰᠦᠨ ᠳᠦᠷᠢᠮ︾ ᠤᠨ ᠬᠠᠤᠯᠢ ᠲᠣᠭᠲᠠᠭᠠᠯᠲᠠ ᠶᠢᠨ ᠳᠠᠷᠠᠭᠠᠬᠢ | ᠦᠨᠡᠯᠡᠨ ᠵᠢᠱᠢᠯᠲᠡ ᠶᠢᠨ ᠡᠬᠢᠯᠡᠯᠲᠡ ᠶᠢᠨ ᠶᠣᠰᠣᠯᠠᠯ ᠬᠢᠪᠡ | | | ᠳᠡᠳ᠋ ᠡᠷᠬᠢᠯᠡᠭᠴᠢ ᠵᠢᠶᠠ ᠯᠢ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠬᠠᠤᠯᠢ | ᠲᠣᠭᠲᠠᠭᠠᠬᠤ ᠵᠦᠪᠳᠡᠯᠴᠡᠨ ᠶᠠᠷᠢᠯᠴᠠᠬᠤ ᠬᠤᠷᠠᠯ ᠳᠡᠭᠡᠷ᠎ᠡ ᠪᠠᠶᠢᠭ᠎ᠠ ᠨᠢ |