ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠮᠠᠨ ᠤ ᠤᠷᠤᠨ ᠳᠤ ᠠᠯᠳᠡᠠ ᠤ ᠭᠠᠶᠢᠯᠢ ᠶᠢᠨ ᠭᠤᠷᠪᠠᠳᠤᠭᠠᠷ ᠬᠤᠭᠤᠴᠠᠭᠠᠨ ᠤ ᠭᠠᠶᠢᠯᠢ ᠶᠢ ᠬᠦᠩᠭᠡᠯᠡᠵᠦ ᠭᠠᠶᠢᠯᠢ ᠠᠴᠠ ᠬᠡᠯᠲᠦᠷᠢᠭᠦᠯᠬᠦ ᠲᠤᠭᠠᠴᠠᠭᠠᠨ ᠤ ᠲᠤᠭ᠎ᠠ ᠪᠠᠷᠢᠮᠲᠠ ᠶᠢ ᠰᠢᠯᠭᠠᠬᠤ ᠠᠵᠢᠯ ᠢ ᠲᠥᠪᠯᠡᠷᠡᠭᠦᠯᠦᠨ ᠦᠷᠨᠢᠭᠦᠯᠪᠡ
ᠨᠡᠶᠢᠲᠡᠯᠡᠭᠰᠡᠨ ᠴᠠᠭ᠄
2016/6/15
     ᠭᠠᠶᠢᠯᠢ ᠬᠥᠩᠭᠡᠯᠡᠵᠦ ᠭᠠᠶᠢᠯᠢ ᠠᠴᠠ ᠬᠡᠯᠲᠦᠷᠢᠭᠦᠯᠬᠦ ᠲᠤᠭ᠎ᠠ ᠪᠠᠷᠢᠮᠲᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠭᠠᠶᠢᠯᠢ ᠬᠥᠩᠭᠡᠯᠡᠵᠦ ᠭᠠᠶᠢᠯᠢ ᠠᠴᠠ ᠬᠡᠯᠲᠦᠷᠢᠭᠦᠯᠬᠦ ᠨᠠᠷᠢᠯᠢᠭᠵᠢᠭᠤᠯᠤᠭᠰᠠᠨ ᠲᠣᠭᠠᠴᠠᠭ᠎ᠠ ᠶᠢ ᠲᠦᠯᠬᠢᠨ ᠠᠬᠢᠭᠤᠯᠬᠤ ᠶᠢᠨ ᠲᠦᠯᠦᠭᠡ᠂ 6 ᠳ᠋ᠤᠭᠠᠷ ᠰᠠᠷ᠎ᠠ ᠶᠢᠨ 12᠎ ᠤ ᠡᠳᠦᠷ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠣᠷᠣᠯᠭ᠎ᠠ ᠲᠥᠯᠥᠪᠵᠢᠭᠦᠯᠭᠡ ᠲᠣᠭᠠᠴᠠᠭ᠎ᠠ ᠵᠤᠷᠭᠠᠨ᠂ ᠲᠠᠲᠠᠪᠤᠷᠢᠯᠠᠵᠤ ᠬᠠᠮᠢᠶᠠᠷᠬᠤ ᠰᠢᠨᠵᠢᠯᠡᠬᠦ ᠤᠬᠠᠭᠠᠨ ᠮᠡᠷᠭᠡᠵᠢᠯ ᠤᠨ ᠵᠤᠷᠭᠠᠨ᠂ ᠴᠠᠬᠢᠯᠭᠠᠨ ᠤ ᠭᠠᠶᠢᠯᠢ ᠶᠢᠨ ᠲᠥᠪ ᠵᠢᠴᠢ ᠳᠤᠮᠳᠠᠳᠤ ᠤᠯᠤᠰ ᠤᠨ ᠵᠥᠭᠡᠯᠡᠨ ᠲᠤᠨᠤᠭ᠂ ᠱᠸᠡᠨ ᠮᠠ ᠵᠡᠷᠭᠡ ᠨᠢᠭᠡᠴᠡ ᠶᠢᠨ 24 ᠬᠥᠮᠦᠨ ᠮᠠᠨ ᠤ ᠤᠷᠤᠨ ᠳᠤ ᠢᠷᠡᠵᠦ ᠠᠯᠳᠡᠠ ᠤ ᠭᠠᠶᠢᠯᠢ ᠶᠢᠨ ᠭᠤᠷᠪᠠᠳᠤᠭᠠᠷ ᠬᠤᠭᠤᠴᠠᠭᠠᠨ ᠤ ᠭᠠᠶᠢᠯᠢ ᠬᠥᠩᠭᠡᠯᠡᠵᠦ ᠭᠠᠶᠢᠯᠢ ᠠᠴᠠ ᠬᠡᠯᠲᠦᠷᠢᠭᠦᠯᠬᠦ ᠲᠤᠭᠠᠴᠠᠭᠠᠨ ᠤ ᠲᠤᠭ᠎ᠠ ᠪᠠᠷᠢᠮᠲᠠ ᠶᠢ ᠰᠢᠯᠭᠠᠬᠤ ᠠᠵᠢᠯ ᠢ ᠨᠢᠭᠡ ᠭᠠᠷᠠᠭ ᠦᠷᠨᠢᠭᠦᠯᠦᠭᠰᠡᠨ ᠤ ᠬᠠᠮᠲᠤ ᠰᠠᠭᠤᠷᠢ ᠲᠤᠭ᠎ᠠ ᠪᠠᠷᠢᠮᠲᠠ ᠴᠤᠭᠯᠠᠭᠤᠯᠬᠤ᠂ ᠰᠢᠢᠳᠪᠦᠷᠢᠯᠡᠬᠦ᠂ ᠬᠤᠷᠢᠶᠠᠩᠭᠤᠶᠢᠯᠠᠬᠤ ᠵᠡᠷᠭᠡ ᠭᠤᠭᠴᠤᠭ᠎ᠠ ᠳᠤ ᠯᠣᠭᠢᠭ ᠤᠨ ᠬᠢᠨᠠᠨ ᠬᠠᠷᠭᠤᠭᠤᠯᠤᠯᠲᠠ ᠬᠢᠵᠦ᠂ ᠭᠠᠶᠢᠯᠢ ᠬᠥᠩᠭᠡᠯᠡᠵᠦ ᠭᠠᠶᠢᠯᠢ ᠠᠴᠠ ᠬᠡᠯᠲᠦᠷᠢᠭᠦᠯᠬᠦ ᠲᠤᠭ᠎ᠠ ᠪᠠᠷᠢᠮᠲᠠ ᠪᠦᠷᠢᠨ ᠪᠤᠰᠤ᠂ ᠣᠨᠣᠪᠴᠢ ᠦᠭᠡᠶ ᠠᠰᠠᠭᠤᠳᠠᠯ ᠢ ᠭᠤᠤᠯᠴᠢᠯᠠᠨ ᠰᠢᠢᠳᠪᠦᠷᠢᠯᠡᠪᠡ︔ ᠠᠷᠭ᠎ᠠ ᠬᠡᠮᠵᠢᠶ᠎ᠡ ᠪᠠᠨ ᠰᠠᠶᠢᠵᠢᠷᠠᠭᠤᠯᠵᠤ ᠂ ᠰᠢᠰᠲ᠋ᠧᠮᠵᠢ ᠶᠢᠨ ᠴᠢᠳᠠᠪᠤᠷᠢ ᠶᠢ ᠴᠠᠭ ᠲᠤᠬᠠᠶ ᠳᠤᠨᠢ ᠲᠡᠭᠦᠯᠳᠡᠷᠵᠢᠭᠦᠯᠦᠨ᠂ ᠭᠠᠶᠢᠯᠢ ᠬᠥᠩᠭᠡᠯᠡᠵᠦ ᠭᠠᠶᠢᠯᠢ ᠠᠴᠠ ᠬᠡᠯᠲᠦᠷᠢᠭᠦᠯᠬᠦ ᠲᠤᠭᠠᠴᠠᠭᠠᠨ ᠤ ᠵᠢᠷᠤᠮ ᠤᠨ ᠴᠢᠨᠠᠷᠲᠠᠢ ᠠᠰᠠᠭᠤᠳᠠᠯ ᠢ ᠲᠤᠭ᠎ᠠ ᠪᠠᠷᠢᠮᠲᠠ ᠶᠢᠨ ᠢᠷᠡᠯᠲᠡ ᠶᠢᠨ ᠲᠠᠯ᠎ᠠ ᠠᠴᠠ ᠰᠤᠳᠤᠯᠤᠨ ᠰᠢᠢᠳᠪᠦᠷᠢᠯᠡᠪᠡ︔ ᠪᠣᠳᠠᠲᠠᠶ ᠲᠤᠬᠠᠶᠢᠯᠠᠭᠰᠠᠨ ᠠᠵᠢᠯ ᠤᠨ ᠬᠡᠷᠡᠭᠴᠡᠭᠡ ᠶᠢ ᠦᠨᠳᠦᠰᠦᠯᠡᠨ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠲᠡᠭᠦᠯᠳᠡᠷᠵᠢᠭᠦᠯᠵᠦ᠂ ᠭᠠᠶᠢᠯᠢ ᠬᠥᠩᠭᠡᠯᠡᠵᠦ ᠭᠠᠶᠢᠯᠢ ᠠᠴᠠ ᠬᠡᠯᠲᠦᠷᠢᠭᠦᠯᠬᠦ ᠲᠤᠭᠠᠴᠠᠭ᠎ᠠ ᠶᠢᠨ ᠥᠷᠭᠡᠴᠡ᠂ ᠭᠦᠨᠴᠡ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠭᠠᠶᠢᠯᠢ ᠬᠥᠩᠭᠡᠯᠡᠵᠦ ᠭᠠᠶᠢᠯᠢ ᠠᠴᠠ ᠬᠡᠯᠲᠦᠷᠢᠭᠦᠯᠵᠦ ᠲᠣᠭᠠᠴᠠᠭ᠎ᠠ ᠶᠢᠨ ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号