ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠪᠠᠷᠢᠮᠵᠢᠶᠠᠵᠢᠭᠤᠯᠬᠤ ᠮᠡᠷᠭᠡᠵᠢᠯ ᠤᠨ ᠵᠥᠪᠯᠡᠯ ᠠᠴᠠ 2016 ᠣᠨ ᠤ ᠬᠤᠷᠠᠯ ᠵᠢᠴᠢ ᠬᠤᠶᠠᠳᠤᠭᠠᠷ ᠬᠤᠭᠤᠴᠠᠭᠠᠨ ᠤ ᠬᠤᠶᠠᠳᠤᠭᠠᠷ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2016/6/16
     2016 ᠤᠨ ᠤ 6 ᠳ᠋ᠤᠭᠠᠷ ᠰᠠᠷ᠎ᠠ ᠶᠢᠨ 13᠎ ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠪᠠᠷᠢᠮᠵᠢᠶᠠᠵᠢᠭᠤᠯᠬᠤ ᠮᠡᠷᠭᠡᠵᠢᠯ ᠤᠨ ᠵᠦᠪᠯᠡᠯ ᠤᠨ ︵SAM/TC01ᠪᠠᠷᠢᠮᠵᠢᠶᠠᠵᠢᠯᠲᠠ ᠶᠢᠨ ᠵᠦᠪᠯᠡᠯ ᠭᠡᠵᠦ ᠲᠣᠪᠴᠢᠯᠠᠨ᠎ᠠ︶ 2016 ᠣᠨ ᠤ ᠬᠤᠷᠠᠯ ᠵᠢᠴᠢ ᠬᠤᠶᠠᠳᠤᠭᠠᠷ ᠬᠤᠭᠤᠴᠠᠭᠠᠨ ᠤ ᠬᠤᠶᠠᠳᠤᠭᠠᠷ ᠬᠤᠷᠠᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠯᠠᠭᠤᠨ ᠲᠤᠰᠤ ᠬᠢᠮᠢ ᠶᠢᠨ ᠠᠵᠤ ᠦᠢᠯᠡᠳᠪᠦᠷᠢ ᠶᠢᠨ ᠬᠢᠨᠠᠯᠲᠠ ᠲᠠᠯᠪᠢᠬᠤ ᠰᠢᠯᠭᠠᠨ ᠪᠠᠶᠢᠴᠠᠭᠠᠬᠤ ᠰᠤᠳᠤᠯᠭᠠᠨ ᠤ ᠬᠦᠷᠢᠶᠡᠯᠡᠩ ︵ᠥᠪᠥᠷ ᠮᠣᠩᠭᠤᠯ ᠤᠨ ᠴᠢᠯᠠᠭᠤᠨ ᠲᠣᠰᠣᠨ ᠤ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠭᠡᠵᠦ ᠲᠣᠪᠴᠢᠯᠠᠨ᠎ᠠ︶᠎ ᠳᠤ ᠬᠤᠷᠠᠯᠳᠤᠪᠠ᠃ ᠪᠠᠷᠢᠮᠵᠢᠶᠠᠵᠢᠯᠲᠠ ᠶᠢᠨ ᠵᠦᠪᠯᠡᠯ ᠤᠨ 20 ᠭᠠᠷᠤᠶ ᠭᠡᠰᠢᠭᠦᠨ ᠬᠤᠷᠠᠯ ᠎ ᠳᠤ ᠣᠷᠣᠯᠴᠠᠭᠰᠠᠨ ᠪᠠᠶᠢᠨ᠎ᠠ᠃ ᠬᠤᠷᠠᠯ ᠳᠤ ᠡᠩ ᠲᠡᠷᠢᠭᠦᠨ ᠳᠤ ᠪᠠᠷᠢᠮᠵᠢᠶᠠᠵᠢᠯᠲᠠ ᠶᠢᠨ ᠵᠦᠪᠯᠡᠯ ᠤᠨ ᠨᠠᠷᠢᠨ ᠪᠢᠴᠢᠭ ᠤᠨ ᠳᠠᠷᠤᠭ᠎ᠠ ᠯᠢ ᠶᠢᠩ ᠲᠦᠩ ᠪᠠᠷᠢᠮᠵᠢᠶᠠᠵᠢᠯᠲᠠ ᠶᠢᠨ ᠵᠦᠪᠯᠡᠯ ᠤᠨ ᠡᠷᠬᠢᠯᠡᠭᠴᠢ ᠭᠡᠰᠢᠭᠦᠨ ᠯᠢ ᠴᠢᠶᠠᠩ ᠢ ᠲᠦᠯᠦᠭᠡᠯᠡᠨ ᠠᠵᠢᠯ ᠤᠨ ᠬᠠᠷᠢᠭᠤ ᠮᠡᠳᠡᠭᠦᠯᠦᠯᠲᠡ ᠬᠢᠵᠦ᠂ ᠬᠤᠶᠠᠳᠤᠭᠠᠷ ᠬᠤᠭᠤᠴᠠᠭᠠᠨ ᠤ ᠵᠦᠪᠯᠡᠯ ᠤᠨ ᠠᠵᠢᠯ ᠤᠨ ᠪᠠᠶᠢᠳᠠᠯ ᠢ ᠪᠠᠷᠢᠮᠵᠢᠶᠠᠵᠢᠯᠲᠠ ᠶᠢᠨ ᠬᠢᠨᠠᠨ ᠪᠠᠶᠢᠴᠠᠭᠠᠯᠲᠠ ᠶᠢᠨ ᠮᠡᠳᠡᠭᠦᠯᠦᠨ ᠬᠦᠷᠭᠡᠬᠦ ᠠᠵᠢᠯ᠂ ᠪᠠᠷᠢᠮᠵᠢᠶᠠᠵᠢᠭᠤᠯᠬᠤ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ᠂ ᠪᠠᠷᠢᠮᠵᠢᠶᠠᠲᠤ ᠦᠢᠯᠡᠴᠢᠯᠡᠭᠡ ᠪᠠ ᠰᠠᠨᠠᠯ ᠵᠥᠪᠯᠡᠯᠭᠡ ᠥᠭᠬᠦ ᠠᠵᠢᠯ᠂ ᠤᠬᠠᠭᠤᠯᠭ᠎ᠠ ᠪᠠ ᠰᠣᠯᠢᠯᠴᠠᠬᠤ ᠠᠵᠢᠯ᠂ ᠬᠠᠮᠢᠶᠠᠷᠤᠯᠲᠠ ᠪᠠ ᠭᠠᠳᠠᠭᠠᠳᠤ ᠲᠠᠢ ᠬᠠᠮᠲᠤᠷᠠᠯᠴᠠᠬᠤ ᠠᠵᠢᠯ ᠵᠡᠷᠭᠡ ᠬᠡᠳᠦᠨ ᠲᠠᠯ᠎ᠠ ᠪᠠᠷ᠂ ᠳ᠋ᠦᠩᠨᠡᠨ ᠪᠠᠷᠠᠯᠠᠪᠠ᠃      ᠬᠤᠷᠠᠯ ᠠᠴᠠ ᠪᠠᠷᠢᠮᠵᠢᠶᠠᠵᠢᠯᠲᠠ ᠶᠢᠨ ᠵᠦᠪᠯᠡᠯ ᠤᠨ ᠳᠠᠷᠠᠭ᠎ᠠ ᠠᠯᠬᠤᠮ ᠤᠨ ᠠᠵᠢᠯ ᠤᠨ ᠴᠢᠭᠯᠡᠯ ᠢ ᠲᠤᠳᠤᠷᠬᠠᠶᠢᠯᠠᠪᠠ᠃ ᠨᠢᠭᠡ ᠳᠤ ᠤᠯᠤᠰ ᠤᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠬᠦᠷᠢᠶ᠎ᠡ ᠪᠤᠯᠤᠨ ᠪᠠᠷᠢᠮᠵᠢᠶᠠᠵᠢᠯᠲᠠ ᠶᠢᠨ ᠵᠦᠪᠯᠡᠯ ᠤᠨ ᠬᠤᠭᠤᠷᠤᠨᠳᠤᠬᠢ ᠨᠢᠭᠲᠠ ᠬᠠᠷᠢᠯᠴᠠᠭ᠎ᠠ ᠶᠢ ᠴᠢᠩᠭᠠᠳᠬᠠᠬᠤ ᠬᠡᠷᠡᠭᠲᠡᠢ︔ ᠬᠤᠶᠠᠷ ᠲᠤ ᠤᠯᠤᠰ ᠤᠨ ᠪᠠᠷᠢᠮᠵᠢᠶ᠎ᠠ᠂ ᠠᠵᠢᠯ ᠲᠦᠷᠦᠯ ᠤᠨ ᠪᠠᠷᠢᠮᠵᠢᠶ᠎ᠠ ᠶᠢ ᠲᠣᠭᠲᠠᠭᠠᠬᠤ ᠪᠠ ᠵᠠᠰᠠᠪᠤᠷᠢ ᠣᠷᠣᠭᠤᠯᠬᠤ ᠠᠵᠢᠯ ᠤᠨ ᠴᠢᠳᠠᠪᠤᠷᠢ ᠶᠢ ᠴᠢᠩᠭᠠᠳᠬᠠᠨ ᠡᠭᠦᠷᠭᠡᠯᠡᠬᠦ ᠬᠡᠷᠡᠭᠲᠡᠢ︔ ᠭᠤᠷᠪᠠ ᠳᠤ ︽ᠥᠪᠡᠷᠲᠡᠭᠡᠨ ᠵᠠᠰᠠᠬᠤ ᠣᠷᠣᠨ ᠤ ᠰᠢᠨ᠎ᠡ ᠮᠠᠶ᠋ᠢᠭ ᠤᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠪᠠᠷᠢᠮᠵᠢᠶ᠎ᠠ ᠶᠢᠨ ᠰᠢᠰᠲ᠋ᠧᠮᠵᠢ ᠶᠢᠨ ᠪᠠᠶᠢᠭᠤᠯᠤᠯᠲᠠ︾᠎ ᠶᠢ ᠢᠳᠡᠪᠬᠢᠲᠡᠶ ᠰᠠᠶᠢᠲᠤᠷ ᠬᠢᠵᠦ᠂ ᠤᠯᠤᠰ ᠤᠨ ᠪᠠᠷᠢᠮᠵᠢᠶᠠᠵᠢᠯᠲᠠ ᠶᠢᠨ ᠰᠢᠰᠲ᠋ᠧᠮᠵᠢ ᠯᠤᠭ᠎ᠠ ᠵᠤᠯᠭᠠᠯᠲᠠ ᠶᠢ ᠴᠢᠩᠭᠠᠳᠬᠠᠬᠤ ᠬᠡᠷᠡᠭᠲᠡᠢ︔ ᠲᠦᠷᠪᠡ ᠳᠤ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠨ ᠳᠠᠬᠢ ᠪᠦᠯᠬᠦᠮ ᠨᠡᠶᠢᠲᠡ ᠶᠢᠨ ᠪᠠᠷᠢᠮᠵᠢᠶ᠎ᠠ᠂ ᠠᠵᠤ ᠠᠬᠤᠶᠢᠯᠠᠯ ᠤᠨ ᠪᠠᠷᠢᠮᠵᠢᠶ᠎ᠠ ᠶᠢᠨ ᠮᠡᠷᠭᠡᠵᠢᠯ ᠤᠨ ᠠᠵᠢᠯ ᠤᠨ ᠳᠡᠮᠵᠢᠯᠭᠡ ᠪᠠᠨ ᠴᠢᠩᠭᠠᠳᠬᠠᠬᠤ ᠬᠡᠷᠡᠭᠲᠡᠢ︔ ᠲᠠᠪᠤ ᠳᠤ ᠤᠬᠠᠭᠤᠯᠭ᠎ᠠ ᠰᠤᠯᠢᠯᠴᠠᠭᠠᠨ ᠤ ᠠᠵᠢᠯ ᠢ ᠴᠢᠩᠭᠠᠳᠬᠠᠵᠤ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠨ ᠳᠤ ᠳᠡᠭᠡᠳᠦ ᠵᠡᠷᠭᠡ ᠶᠢᠨ ᠮᠡᠷᠭᠡᠵᠢᠯ ᠤᠨ ᠲᠠᠶᠢᠯᠤᠮᠵᠢ᠂ ᠥᠭᠦᠯᠡᠯ ᠤᠨ ᠲᠠᠪᠴᠠᠩ᠂ ᠪᠤᠯᠪᠠᠰᠤᠷᠠᠭᠤᠯᠤᠯ ᠢ ᠤᠯᠠᠨ ᠦᠷᠨᠢᠭᠦᠯᠵᠦ᠂ ᠦᠢᠯᠡᠳᠦᠯ ᠢᠶᠠᠨ ᠨᠡᠩ ᠰᠠᠶᠢᠨ ᠢᠶᠠᠷ ᠪᠠᠳᠠᠷᠠᠭᠤᠯᠬᠤ ᠬᠡᠷᠡᠭᠲᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号