ᠷᠧᠨ ᠶᠠ ᠫᠢᠩ᠄ ᠬᠦᠰᠡᠯᠠᠩ ᠢᠲᠡᠭᠡᠯ ᠪᠢᠰᠢᠷᠠᠯ ᠢᠶᠠᠨ ᠪᠠᠳᠤᠳᠬᠠᠵᠤ ᠪᠤᠳᠠᠳᠤ ᠠᠵᠢᠯ ᠲᠠᠢ ᠪᠠᠨ ᠤᠶᠠᠯᠳᠤᠭᠤᠯᠵᠤ ᠦᠵᠡᠰᠬᠦᠯᠡᠩᠲᠦ ᠰᠠᠶᠢᠬᠠᠨ ᠦᠵᠡᠮᠵᠢ ᠶᠢᠨ ᠤᠷᠤᠨ ᠢ ᠪᠦᠲᠦᠭᠡᠨ ᠪᠠᠶᠢᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ
ᠨᠡᠶᠢᠲᠡᠯᠡᠭᠰᠡᠨ ᠴᠠᠭ᠄
2016/6/2
     
     5 ᠳ᠋ᠤᠭᠠᠷ ᠰᠠᠷ᠎ᠠ ᠶᠢᠨ 25᠎ ᠤ ᠦᠳᠡ ᠶᠢᠨ ᠡᠮᠦᠨ᠎ᠡ᠂ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠎ ᠶᠢᠨ ᠵᠦᠪᠯᠡᠯᠭᠡᠨ ᠤ ᠤᠨᠤᠯ ᠰᠤᠷᠤᠯᠴᠠᠬᠤ ᠭᠤᠤᠯ ᠳᠤᠭᠤᠢᠢᠯᠠᠩ ︽ᠬᠤᠶᠠᠷ ᠢ ᠰᠤᠷᠤᠯᠴᠠᠵᠦ ᠬᠢᠷᠢ ᠲᠡᠩᠴᠡᠭᠰᠡᠨ ᠨᠠᠮ ᠎ ᠤᠨ ᠭᠡᠰᠢᠬᠦᠨ ᠪᠤᠯᠬᠤ︾ ᠰᠤᠷᠤᠯᠴᠠᠯᠭ᠎ᠠ ᠬᠦᠮᠦᠵᠢᠯ ᠤᠨ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠢᠵᠦ᠂ ︽ᠨᠠᠮ ᠤᠨ ᠳᠦᠷᠢᠮ ᠨᠠᠮ ᠤᠨ ᠲᠤᠬᠲᠠᠭᠠᠯ ᠢ ᠰᠤᠷᠤᠯᠴᠠᠵᠤ᠂ ᠰᠢᠷᠢᠰ ᠶᠠᠷᠢᠶ᠎ᠠ ᠨᠤᠭᠤᠳ ᠢ ᠰᠤᠷᠤᠯᠴᠠᠵᠤ᠂ ᠬᠦᠰᠡᠯᠠᠩ ᠢᠲᠡᠭᠡᠯ ᠪᠢᠰᠢᠷᠠᠯ ᠢᠶᠠᠨ ᠲᠡᠷᠢᠬᠦᠯᠡᠨ ᠪᠠᠳᠤᠳᠬᠠᠬᠤ︾ ᠲᠤᠭᠤᠷᠢᠨ ᠳᠤ ᠲᠤᠰᠬᠠᠢ ᠰᠡᠳᠦᠪ ᠢᠶᠠᠷ ᠰᠤᠳᠤᠯᠤᠨ ᠶᠠᠷᠢᠯᠴᠠᠪᠠ᠃      ᠦᠪᠡᠷᠲᠡᠬᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠨᠠᠮ ᠤᠨ ᠤᠳᠤᠷᠢᠳᠬᠤ ᠳᠤᠭᠤᠢᠢᠯᠠᠩ ᠎ ᠤᠨ ᠱᠦᠵᠢ᠂ ᠲᠡᠷᠢᠬᠦᠯᠡᠭᠴᠢ ᠷᠧᠨ ᠶᠠ ᠫᠢᠩ ᠬᠤᠷᠠᠯ ᠡᠷᠬᠢᠯᠡᠨ ᠶᠠᠷᠢᠶ᠎ᠠ ᠲᠠᠯᠪᠢᠪᠠ᠃ ᠦᠪᠡᠷᠲᠡᠭᠡᠨ ᠵᠠᠰᠠᠬᠤ ᠤᠷᠤᠨ ᠎ ᠤ ᠤᠯᠤᠰ ᠲᠦᠷᠦ ᠶᠢᠨ ᠵᠦᠪᠯᠡᠯᠬᠡᠨ ᠤ ᠳᠡᠳ᠋ ᠲᠡᠷᠢᠬᠦᠯᠡᠭᠴᠢ ᠶᠠᠩ ᠴᠧᠩ ᠸᠠᠩ᠂ ᠳ᠋ᠦᠩ ᠡᠾᠧᠩ ᠢᠥᠢ᠂ ᠴᠠᠩ ᠬᠠᠢ᠂ ᠯᠦᠸᠧ ᡁᠢ ᠬᠤ᠋ ᠪᠤᠯᠤᠨ ᠨᠠᠷᠢᠨ ᠪᠢᠴᠢᠭ ᠤᠨ ᠳᠠᠷᠤᠭ᠎ᠠ ᠸᠧᠢ ᠵᠢᠶᠦ᠋ᠨ ᠨᠠᠷ ᠦᠭᠡ ᠭᠡᠯᠡᠵᠤ᠂ ᠳᠡᠳ᠋ ᠲᠡᠷᠢᠬᠦᠯᠡᠭᠴᠢ ᠴᠧᠨ ᠢᠥᠢ᠂ ᠵᠧᠩ ᠹᠦ᠋ ᠲᠢᠶᠠᠨ᠂ ᠨᠢᠦ ᠭᠤᠸᠠᠩ ᠮᠢᠩ᠂ ᠯᠢᠶᠠᠩ ᠲᠢᠶᠧ ᠴᠧᠩ᠂ ᠸᠠᠩ ᠬᠤᠸᠠᠨ ᠴᠧᠩ ᠨᠠᠷ ᠪᠢᠴᠢᠭ ᠤᠨ ᠭᠡᠯᠪᠠᠷᠢ ᠪᠠᠷ ᠦᠭᠡ ᠭᠡᠯᠡᠪᠠ᠃ ᠬᠤᠷᠠᠯ ᠳᠤ ᠤᠷᠤᠯᠴᠠᠬᠰᠠᠨ ᠨᠦᠬᠦᠳ ᠬᠦᠰᠡᠯᠡᠩ ᠢᠲᠡᠭᠡᠯ ᠪᠢᠰᠢᠷᠠᠯ ᠢᠶᠠᠨ ᠪᠠᠳᠤᠳᠬᠠᠬᠤ ᠭᠤᠤᠯ ᠰᠡᠳᠤᠪ ᠤᠨ ᠲᠤᠭᠤᠷᠢᠨ ᠳᠤ᠂ ᠲᠤᠰ ᠲᠤᠰ ᠤᠨ ᠦᠵᠡᠯ ᠰᠠᠨᠠᠭ᠎ᠠ ᠪᠠ ᠠᠵᠢᠯ ᠎ ᠤᠨ ᠪᠤᠲᠠᠲᠠᠢ ᠲᠠᠢ ᠪᠠᠨ ᠤᠶᠠᠯᠳᠤᠭᠤᠯᠵᠦ᠂ ᠠᠳᠠᠯᠢ ᠪᠤᠰᠤ ᠬᠠᠷᠠᠭᠠᠰᠦ ᠠᠴᠠ ᠦᠵᠡᠯᠳᠠ ᠲᠠᠨᠢᠯᠲᠠ ᠤᠯᠤᠯᠲᠠ ᠲᠦᠷᠦᠭᠳᠡᠯ ᠢᠶᠠᠨ ᠶᠠᠷᠢᠵᠠᠭᠠᠪᠠ᠃      ᠷᠧᠨ ᠶᠠ ᠫᠢᠡᠭ ᠵᠢᠭᠠᠵᠤ ᠭᠠᠷᠭᠠᠭᠰᠠᠨ ᠨᠢ᠂ ᠡᠪ ᠬᠠᠮᠳᠤ ᠨᠠᠮ ᠤᠨ ᠭᠡᠰᠢᠬᠦᠨ ᠡᠷᠭᠡᠪᠰᠢ ᠡᠷᠡᠰ ᠪᠠᠳᠤ ᠬᠦᠰᠡᠯᠠᠩ ᠢᠳᠡᠭᠡᠯ ᠪᠢᠰᠢᠷᠠᠯ ᠪᠠ ᠪᠦᠷᠢᠨ ᠬᠦᠢᠴᠡᠳ ᠤᠶᠤᠨ ᠰᠠᠨᠠᠭᠠᠨ ᠤ ︽ᠺᠠᠯᠼ︾᠎ ᠲᠠᠢ ᠪᠠᠶᠢᠬᠤ ᠭᠡᠷᠡᠭᠳᠡᠢ᠃ ᠬᠦᠰᠡᠯᠡᠩ ᠢᠳᠡᠭᠡᠯ ᠪᠢᠰᠢᠷᠠᠯ ᠨᠢ ᠠᠯᠤᠰ ᠭᠡᠳᠤ ᠶᠢᠨ ᠮᠦᠷᠳᠡᠭᠡᠨ ᠪᠤᠳᠠᠳᠤ ᠠᠬᠤᠢᠢᠴᠢ ᠪᠠᠶᠢᠳᠠᠭ᠃ ᠶᠡᠷᠦᠩᠭᠡᠢ ᠱᠦᠵᠢ ᠰᠢ ᠶᠢᠨ ᠫᠢᠡᠭ ᠤᠤᠯ ᠨᠢ ᠠᠯᠤᠰ ᠭᠡᠳᠤ ᠶᠢᠨ ᠬᠦᠰᠡᠯᠠᠩ ᠪᠠᠶᠢᠬᠤ ᠦᠭᠡᠢ ᠪᠤᠯ ᠬᠢᠷᠢ ᠲᠡᠩᠴᠡᠭᠰᠡᠨ ᠡᠪ ᠬᠠᠮᠳᠤ ᠨᠠᠮ ᠤᠨ ᠭᠡᠰᠢᠬᠦᠨ ᠪᠤᠯᠵᠦ ᠲᠡᠶᠢᠯᠬᠦ ᠦᠭᠡᠢ︔ ᠪᠤᠳᠠᠳᠤ ᠠᠵᠢᠯ ᠠᠴᠠ ᠪᠠᠨ ᠰᠠᠯᠤᠩᠬᠢᠷᠠᠨ ᠠᠯᠤᠰ ᠭᠡᠳᠤ ᠎ ᠶᠢᠨ ᠬᠦᠰᠡᠯᠠᠩ ᠤᠨ ᠲᠤᠬᠠᠢ ᠭᠡᠢ ᠬᠤᠭᠤᠰᠤᠨ ᠶᠠᠷᠢᠬᠤ ᠨᠢ ᠮᠦᠨᠴᠤ ᠬᠢᠷᠢ ᠲᠠᠩᠴᠡᠭᠰᠡᠨ ᠡᠪ ᠬᠠᠮᠳᠤ ᠨᠠᠮ ᠤᠨ ᠭᠡᠰᠢᠬᠦᠨ ᠪᠢᠰᠢ ᠭᠡᠵᠤ ᠵᠢᠭᠠᠵᠤ ᠭᠠᠷᠭᠠᠪᠠ᠃ ᠬᠦᠰᠠᠯᠠᠩ ᠢᠳᠡᠭᠡᠯ ᠪᠢᠰᠢᠷᠠᠯ ᠤᠨ ᠲᠤᠬᠠᠢ ᠶᠠᠷᠢᠬᠤ ᠳᠤ ᠵᠠᠩᠬᠢᠯᠠᠭ᠎ᠠ ᠨᠢ ᠶᠡᠷᠦᠩᠭᠡᠢ ᠱᠦᠵᠢ ᠰᠢ ᠶᠢᠨ ᠫᠢᠡᠭ ᠤᠨ ᠦᠪᠤᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠠ ᠶᠢᠨ ᠴᠢᠬᠤᠯᠠ ᠨᠠᠶᠢᠳᠠᠯᠭ᠎ᠠ ᠶᠢ ᠪᠠᠳᠤ ᠴᠠᠭᠡᠵᠢᠯᠠᠵᠤ᠂ ᠬᠦᠰᠠᠯᠡᠩ ᠢᠶᠠᠨ ᠪᠤᠳᠠᠳᠠᠢ ᠲᠠᠢ ᠤᠶᠠᠯᠳᠤᠭᠤᠯᠤᠨ᠂ ᠢᠳᠡᠭᠡᠯ ᠪᠢᠰᠢᠷᠠᠯ ᠢᠶᠠᠨ ᠦᠢᠯᠡ ᠠᠵᠢᠯᠯᠠᠭ᠎ᠠ ᠪᠤᠯᠭᠠᠨ ᠬᠤᠪᠢᠷᠠᠭᠤᠯᠵᠤ᠂ ᠬᠢᠯᠢ ᠤᠷᠤᠨ ᠢᠶᠠᠨ ᠰᠠᠬᠢᠨ ᠬᠠᠮᠠᠭᠠᠯᠠᠵᠤ ᠠᠯᠤᠰ ᠢ ᠪᠠᠷᠠᠯᠠᠨ ᠬᠠᠷᠢᠯᠴᠠᠨ ᠬᠠᠪᠰᠤᠷᠤᠯᠴᠠᠵᠤ᠂ ᠪᠦᠯᠬᠦᠮᠳᠠᠨ ᠲᠠᠮᠠᠴᠠᠵᠤ᠂ ᠡᠭᠡ ᠤᠯᠤᠰ ᠤᠨ ᠤᠮᠠᠷᠠᠳᠤ ᠶᠢᠨ ᠦᠵᠡᠮᠵᠢ ᠶᠢᠨ ᠤᠷᠤᠨ ᠢᠶᠠᠨ ᠨᠠᠩ ᠦᠵᠡᠰᠬᠦᠯᠠᠩᠳᠤ ᠰᠠᠶᠢᠬᠠᠨ ᠪᠤᠯᠭᠠᠨ ᠪᠦᠳᠦᠭᠡᠨ ᠪᠠᠶᠢᠭᠤᠯᠬᠤ ᠪᠠᠷ ᠴᠢᠷᠮᠠᠶᠢᠬᠤ ᠭᠡᠷᠡᠭᠳᠡᠢ᠃ ᠤᠯᠤᠰ ᠲᠦᠷᠦ ᠶᠢᠨ ᠵᠦᠪᠯᠡᠯᠭᠡᠨ ᠤ ᠠᠵᠢᠯ ᠢ ᠬᠤᠪᠢᠳᠠᠨ ᠬᠢᠵᠤ ᠪᠠᠶᠢᠭ᠎ᠠ ᠡᠪ ᠬᠠᠮᠳᠤ ᠨᠠᠮ ᠤᠨ ᠭᠡᠰᠢᠬᠦᠳ᠂ ᠡᠭᠡ ᠤᠯᠤᠰ ᠤᠨ ᠤᠮᠠᠷᠠᠳᠤ ᠶᠢᠨ ᠦᠵᠡᠮᠵᠢ ᠶᠢᠨ ᠤᠷᠤᠨ ᠢᠶᠠᠨ ᠨᠠᠩ ᠦᠵᠡᠰᠬᠦᠯᠠᠩᠳᠤ ᠰᠠᠶᠢᠬᠠᠨ ᠪᠤᠯᠭᠠᠨ ᠪᠦᠳᠤᠭᠡᠨ ᠪᠠᠶᠢᠭᠤᠯᠬᠤ ᠳᠤ ᠠᠷᠭ᠎ᠠ ᠤᠬᠠᠭᠠᠨ ᠭᠠᠷᠭᠠᠨ ᠦᠭᠴᠤ ᠬᠦᠴᠤᠨ ᠴᠢᠳᠠᠯ ᠢᠶᠠᠨ ᠨᠠᠮᠠᠷᠢᠯᠠᠬᠦ ᠪᠠᠷ ᠴᠢᠷᠮᠠᠶᠢᠬᠤ ᠨᠢ ᠲᠠᠷᠤᠢ ᠦᠪᠡᠷ ᠤᠨ ᠢᠶᠠᠨ ᠬᠦᠰᠡᠯᠡᠩ ᠢᠳᠡᠭᠡᠯ ᠪᠢᠰᠢᠷᠠᠯ ᠢᠶᠠᠨ ᠦᠢᠯᠡᠳᠦᠯᠭᠡᠵᠢᠭᠦᠯᠵᠦ ᠪᠠᠶᠢᠬᠤ ᠶᠠᠪᠤᠳᠠᠯ ᠪᠤᠯᠤᠨ᠎ᠠ ᠭᠡᠪᠠ᠃      ᠷᠧᠨ ᠶᠠ ᠫᠢᠡᠭ ᠱᠠᠭᠠᠷᠳᠠᠭᠰᠠᠨ ᠨᠢ᠂ ᠤᠯᠤᠰ ᠲᠦᠷᠦ ᠶᠢᠨ ᠵᠦᠪᠯᠡᠯᠭᠡᠨ ᠤ ᠨᠠᠮ ᠤᠨ ᠭᠡᠰᠢᠬᠦᠨ ᠺᠠᠳ᠋ᠷᠴᠤᠳ ᠢᠳᠡᠭᠡᠯ ᠪᠢᠰᠢᠷᠠᠯ ᠢᠶᠠᠨ ᠪᠠᠳᠤᠳᠬᠠᠵᠤ᠂ ᠬᠠᠷᠢᠭᠤᠴᠠᠯᠭ᠎ᠠ ᠪᠠᠨ ᠤᠢᠢᠯᠠᠭᠠᠵᠤ ᠬᠠᠷᠢᠭᠤᠴᠠᠯᠭ᠎ᠠ ᠪᠠᠨ ᠬᠦᠢᠴᠡᠳᠭᠡᠵᠤ᠂ ᠰᠡᠳᠬᠢᠴᠠ ᠪᠠᠨ ᠲᠠᠯᠠᠵᠤ᠂ ᠲᠠᠪᠠᠭᠤᠯᠢᠭ ᠢᠶᠠᠨ ᠪᠠᠳᠠᠷᠠᠭᠤᠯᠤᠨ᠂ ᠤᠨᠴᠠᠯᠢᠭ ᠢᠶᠠᠨ ᠢᠯᠡᠷᠡᠬᠦᠯᠬᠦ ᠭᠡᠷᠡᠭᠳᠡᠢ᠃ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠤᠬᠳᠤᠬᠤ᠂ ᠴᠢᠨᠡᠭᠡᠯᠢᠭ ᠨᠠᠶᠢᠭᠡᠮ ᠢ ᠪᠦᠬᠦ ᠲᠠᠯ᠎ᠠ ᠪᠠᠷ ᠪᠠᠶᠠᠯᠠᠬᠦᠯᠬᠦ᠂ ᠲᠦᠷᠦᠬᠦᠴᠢ ᠶᠢᠨ ᠵᠠᠭᠤᠨ ᠵᠢᠯ ᠤᠨ ᠲᠤᠮᠳᠠᠳᠤ ᠶᠢᠨ ᠵᠠᠬᠦᠳᠤ ᠶᠢ ᠲᠡᠷᠭᠡᠯᠰᠢᠬᠦᠯᠬᠦ ᠲᠠᠰᠢᠷᠠᠮ ᠳᠤ᠂ ᠡᠷᠭᠡ ᠲᠡᠭᠰᠢ ᠵᠦᠪᠳᠡᠯᠴᠡᠨ ᠠᠷᠭ᠎ᠠ ᠤᠬᠠᠭᠠᠨ ᠭᠠᠷᠭᠠᠬᠤ ᠬᠦᠴᠤᠨ ᠴᠢᠳᠠᠯ ᠨᠠᠮᠠᠷᠢᠯᠠᠬᠦ ᠶᠠᠪᠤᠳᠠᠯ ᠢ ᠤᠯᠠᠨ ᠬᠢᠵᠤ᠂ ᠬᠠᠷᠰᠢ ᠰᠠᠭᠠᠳ ᠢ ᠠᠷᠢᠯᠭᠠᠨ ᠬᠠᠮᠳᠤ ᠶᠢᠨ ᠦᠵᠡᠯᠳᠠ ᠪᠠᠨ ᠨᠡᠮᠡᠭᠳᠡᠬᠦᠯᠬᠦ ᠶᠠᠪᠤᠳᠠᠯ ᠢ ᠤᠯᠠᠨ ᠬᠢᠵᠤ ᠂ ᠪᠦᠯᠬᠦᠮᠳᠠᠨ ᠬᠠᠮᠳᠤᠷᠠᠵᠤ ᠰᠡᠳᠬᠢᠯ ᠢᠶᠠᠨ ᠨᠢᠭᠡᠳᠭᠡᠨ ᠬᠦᠴᠤᠨ ᠢᠶᠠᠨ ᠬᠠᠮᠳᠤᠳᠬᠠᠬᠤ ᠶᠠᠪᠤᠳᠠᠯ ᠢ ᠤᠯᠠᠨ ᠬᠢᠵᠤ᠂ ᠡᠭᠡ ᠤᠯᠤᠰ ᠤᠨ ᠤᠮᠠᠷᠠᠳᠤ ᠶᠢᠨ ︽ᠵᠢᠷᠭᠤᠭᠠᠨ ᠦᠵᠡᠰᠬᠦᠯᠠᠩᠳᠤ ᠰᠠᠶᠢᠬᠠᠨ ᠦᠵᠡᠮᠵᠢ ᠶᠢᠨ ᠤᠷᠤᠨ︾᠎ ᠢ ᠪᠦᠳᠤᠭᠡᠨ ᠪᠠᠶᠢᠭᠤᠯᠬᠤ ᠳᠤ ᠬᠦᠴᠤᠨ ᠨᠠᠮᠡᠷᠢᠯᠡᠬᠦ ᠭᠡᠷᠡᠭᠳᠡᠢ ᠭᠡᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号