︽ᠪᠠᠶᠠᠷ ᠬᠥᠷ ᠲᠠᠢ ᠲᠠᠯ᠎ᠠ ᠨᠤᠲᠤᠭ ᠤᠨ ᠨᠠᠭᠠᠳᠤᠮ︾ 2016 ᠣᠨ ᠤ ᠥᠪᠥᠷ ᠮᠣᠩᠭᠤᠯ ᠤᠨ ᠵᠤᠨ ᠤ ᠤᠯᠠᠷᠢᠯ ᠤᠨ ᠵᠢᠭᠤᠯᠴᠢᠯᠠᠯ ᠤᠨ ᠰᠢᠨ᠎ᠡ ᠡᠭᠦᠳᠦᠯᠲᠡ ᠶᠢᠨ ᠦᠢᠯᠡᠳᠬᠦᠨ ᠢ ᠲᠠᠨᠢᠯᠴᠠᠭᠤᠯᠬᠤ ᠬᠤᠷᠠᠯ ᠪᠡᠭᠡᠵᠢᠩ ᠳᠤ ᠶᠠᠪᠤᠭᠳᠠᠪᠠ
ᠨᠡᠶᠢᠲᠡᠯᠡᠭᠰᠡᠨ ᠴᠠᠭ᠄
2016/6/2
     5 ᠳ᠋ᠤᠭᠠᠷ ᠰᠠᠷ᠎ᠠ ᠶᠢᠨ 31᠎ ᠤ ᠡᠳᠦᠷ᠂ ︽ᠪᠠᠶᠠᠷ ᠬᠥᠷ ᠲᠠᠢ ᠲᠠᠯ᠎ᠠ ᠨᠤᠲᠤᠭ ᠤᠨ ᠨᠠᠭᠠᠳᠤᠮ︾ 2016 ᠣᠨ ᠤ ᠥᠪᠥᠷ ᠮᠣᠩᠭᠤᠯ ᠤᠨ ᠵᠤᠨ ᠤ ᠤᠯᠠᠷᠢᠯ ᠤᠨ ᠵᠢᠭᠤᠯᠴᠢᠯᠠᠯ ᠤᠨ ᠰᠢᠨ᠎ᠡ ᠡᠭᠦᠳᠦᠯᠲᠡ ᠶᠢᠨ ᠦᠢᠯᠡᠳᠬᠦᠨ ᠢ ᠲᠠᠨᠢᠯᠴᠠᠭᠤᠯᠬᠤ ᠬᠤᠷᠠᠯ ᠪᠡᠭᠡᠵᠢᠩ ᠤᠨ 77 ᠲᠢᠶᠠᠲᠷ ᠲᠤ ᠶᠠᠪᠤᠭᠳᠠᠪᠠ᠃ ᠤᠯᠤᠰ ᠤᠨ ᠵᠢᠭᠤᠯᠴᠢᠯᠠᠯ ᠤᠨ ᠲᠣᠪᠴᠢᠶ᠎ᠠ ᠶᠢᠨ ᠵᠢᠭᠤᠯᠴᠢᠯᠠᠯ ᠢ ᠠᠬᠢᠭᠤᠯᠬᠤ ᠪᠠ ᠣᠯᠠᠨ ᠤᠯᠤᠰ ᠤᠨ ᠬᠠᠮᠲᠤᠷᠠᠯᠴᠠᠭᠠᠨ ᠤ ᠵᠤᠷᠭᠠᠨ ᠤ ᠳᠠᠷᠤᠭ᠎ᠠ ᠶᠢᠨ ᠲᠤᠰᠠᠯᠠᠭᠴᠢ ᠴᠧᠨ ᠳ᠋ᠦᠩ᠂ ᠪᠡᠭᠡᠵᠢᠩ ᠬᠤᠲᠠ ᠶᠢᠨ ᠵᠢᠭᠤᠯᠴᠢᠯᠠᠯ ᠤᠨ ᠬᠥᠭᠵᠢᠯᠲᠡ ᠶᠢᠨ ᠵᠦᠪᠯᠡᠯ ᠤᠨ ᠭᠡᠰᠢᠭᠦᠨ ᠽᠸᠦ ᠸᠧᠶ ᠨᠠᠨ᠂ ᠳᠤᠮᠳᠠᠳᠤ ᠤᠯᠤᠰ ᠤᠨ ᠵᠢᠭᠤᠯᠴᠢᠯᠠᠯ ᠤᠨ ᠭᠠᠵᠠᠷ ᠤᠨ ᠨᠡᠶᠢᠭᠡᠮᠯᠢᠭ ᠤᠨ ᠳᠠᠷᠤᠭ᠎ᠠ᠂ ᠵᠦᠩ ᠴᠢᠩ ᠵᠢᠭᠤᠯᠴᠢᠯᠠᠯ ᠤᠨ ᠬᠤᠪᠢ ᠡᠵᠡᠮᠳᠡᠬᠦ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠵᠠᠬᠢᠷᠤᠯ ᠵᠠᠩ ᠯᠢ ᠵᠢᠶᠦ᠋ᠨ᠂ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠲᠣᠪᠴᠢᠶᠠᠨ ᠤ ᠳᠠᠷᠤᠭ᠎ᠠ ᠸᠧᠶ ᠭᠦᠸᠧ ᠨᠠᠨ ᠨᠠᠷ ᠲᠠᠨᠢᠯᠴᠠᠭᠤᠯᠬᠤ ᠬᠤᠷᠠᠯ ᠳᠤ ᠣᠷᠣᠯᠴᠠᠪᠠ᠃      ᠲᠤᠰ ᠤᠳᠠᠭᠠᠨ ᠤ ᠲᠠᠨᠢᠯᠴᠠᠭᠤᠯᠬᠤ ᠬᠤᠷᠠᠯ ᠢ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠲᠣᠪᠴᠢᠶ᠎ᠠ ᠭᠤᠣᠯᠯᠠᠨ ᠡᠷᠭᠢᠯᠡᠵᠦ᠂ ᠵᠦᠩ ᠴᠢᠩ ᠵᠢᠭᠤᠯᠴᠢᠯᠠᠯ ᠤᠨ ᠬᠤᠪᠢ ᠡᠵᠡᠮᠳᠡᠬᠦ ᠬᠤᠪᠢ ᠣᠷᠣᠭᠤᠯᠤᠭᠰᠠᠨ ᠬᠢᠵᠠᠭᠠᠷᠲᠤ ᠺᠤᠮᠫᠠᠨᠢ ᠳᠠᠭᠠᠭᠠᠨ ᠡᠷᠬᠢᠯᠡᠵᠦ᠂ ᠰᠧ ᠪᠠ ᠯᠦ ᠮᠠᠰᠢᠨ ᠲᠡᠷᠭᠡ ︵ᠳᠤᠮᠳᠠᠳᠤ ᠤᠯᠤᠰ︶᠎ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠨᠢ ︽ᠤᠮᠠᠷᠠᠲᠤ ᠬᠢᠯᠢ ᠶᠢᠨ ᠲᠩᠷᠢ ᠶᠢᠨ ᠵᠠᠮ︾᠎ ᠤᠨ ᠮᠠᠰᠢᠨ ᠲᠡᠷᠭᠡ ᠪᠠᠷ ᠢᠶᠠᠨ ᠵᠢᠭᠤᠯᠴᠢᠯᠠᠬᠤ ᠠᠵᠢᠯᠯᠠᠭ᠎ᠠ ᠶᠢᠨ ᠬᠤᠷᠰᠢᠯᠴᠠᠭᠠᠨ ᠤ ᠲᠠᠯ᠎ᠠ ᠪᠤᠯᠵᠤ᠂ Outback ᠣᠣ ᠬᠤ᠋ ᠳᠦᠷᠪᠡᠨ ᠬᠦᠳᠡᠯᠭᠡᠭᠦᠷᠲᠦ ᠬᠡᠭᠡᠷᠯᠡᠨ ᠠᠶᠠᠯᠠᠬᠤ ᠮᠠᠰᠢᠨ ᠲᠡᠷᠭᠡ ᠶᠢᠨ ᠬᠡᠯᠪᠡᠷᠢ ᠶᠢ ᠳᠡᠯᠭᠡᠨ ᠦᠵᠡᠭᠦᠯᠦᠭᠰᠡᠨ ᠪᠠᠶᠢᠨ᠎ᠠ᠃ ᠲᠠᠨᠢᠯᠴᠠᠭᠤᠯᠬᠤ ᠬᠤᠷᠠᠯ ᠳᠡᠭᠡᠷ᠎ᠡ ᠥᠪᠥᠷ ᠮᠣᠩᠭᠤᠯ ᠤᠨ ᠵᠢᠭᠤᠯᠴᠢᠯᠠᠯ ᠤᠨ ︽643X︾ ᠨᠡᠷᠡᠳᠤ ᠳᠡᠮᠳᠡᠭᠲᠦ ᠰᠢᠰᠲ᠋ᠧᠮᠵᠢ ᠶᠢ ᠳᠡᠯᠭᠡᠷᠡᠭᠦᠯᠬᠦ ᠪᠠᠶᠢᠯᠳᠤᠬᠤ ᠪᠤᠳᠤᠯᠭ᠎ᠠ ᠪᠠ ︽ᠲᠠᠯ᠎ᠠ ᠨᠤᠲᠤᠭ +︾ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠦᠪᠡᠳᠡᠭᠰᠢ ᠶᠡᠭᠡ ᠪᠠᠷ ᠲᠦᠯᠬᠢᠨ ᠭᠠᠷᠭᠠᠬᠤ ᠶᠢᠨ ᠬᠠᠮᠲᠤ ︽ᠤᠮᠠᠷᠠᠲᠤ ᠬᠢᠯᠢ ᠶᠢᠨ ᠲᠩᠷᠢ ᠶᠢᠨ ᠵᠠᠮ︾᠎ ᠤᠨ ᠵᠤᠨ ᠤ ᠤᠯᠠᠷᠢᠯ ᠤᠨ ᠮᠠᠰᠢᠨ ᠲᠡᠷᠭᠡ ᠪᠠᠷ ᠢᠶᠠᠨ ᠵᠢᠭᠤᠯᠴᠢᠯᠠᠬᠤ ᠵᠠᠮ ᠱᠤᠭᠤᠮ ᠤᠨ ᠲᠦᠷᠦᠯ ᠲᠡᠮᠳᠡᠭᠲᠦ ᠶᠢ ᠨᠡᠶᠢᠲᠡᠯᠡᠪᠡ᠃      ᠸᠧᠶ ᠭᠦᠸᠧ ᠨᠠᠨ ᠲᠣᠪᠴᠢᠶᠠᠨ ᠳᠠᠷᠤᠭ᠎ᠠ ᠲᠠᠨᠢᠯᠴᠠᠭᠤᠯᠤᠭᠰᠠᠨ ᠨᠢ᠂ ᠬᠥᠮᠦᠰ ᠤᠨ ᠰᠡᠳᠬᠢᠯ ᠳᠠᠬᠢ ᠥᠪᠥᠷ ᠮᠣᠩᠭᠤᠯ ᠤᠨ ᠵᠢᠭᠤᠯᠴᠢᠯᠠᠯ ᠤᠨ ᠬᠠᠭᠤᠴᠢᠨ ᠰᠠᠭᠤᠭᠳᠠᠯ ᠢ ᠬᠤᠪᠢᠷᠠᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠲᠣᠪᠴᠢᠶ᠎ᠠ ᠢᠳᠡᠪᠬᠢᠲᠡᠶ ᠪᠠᠷ ᠰᠢᠨ᠎ᠡ ᠶᠢ ᠡᠭᠦᠳᠴᠦ᠂ ᠣᠳᠣᠬᠠᠨ ᠳᠤ ᠶᠠᠭ ︽ᠲᠠᠯ᠎ᠠ ᠨᠤᠲᠤᠭ +︾ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠶᠠᠪᠤᠭᠤᠯᠵᠤ᠂ ᠥᠪᠥᠷ ᠮᠣᠩᠭᠤᠯ ᠤᠨ ᠣᠯᠠᠨ ᠠᠷᠪᠢᠨ ᠳᠠᠪᠠᠭᠤᠯᠢᠭ ᠪᠠᠶᠢᠳᠠᠯ ᠳᠣᠣᠷᠠᠬᠢ ᠨᠡᠩ ᠤᠯᠠᠨ ᠰᠡᠳᠬᠢᠭᠳᠡᠯ ᠢ ᠵᠢᠭᠤᠯᠴᠢᠯᠠᠭᠴᠢᠳ ᠲᠤ ᠵᠤᠯᠭᠠᠭᠤᠯᠵᠤ᠂ ᠦᠷᠭᠡᠨ ᠣᠯᠠᠨ ᠵᠢᠭᠤᠯᠴᠢᠯᠠᠭᠴᠢᠳ ᠤᠨ ᠥᠪᠥᠷ ᠮᠣᠩᠭᠤᠯ ᠤᠨ ᠬᠠᠭᠤᠴᠢᠨ ᠰᠠᠭᠤᠭᠳᠠᠯ ᠢ ᠬᠤᠪᠢᠷᠠᠭᠤᠯᠤᠨ᠎ᠠ᠃ ᠲᠤᠰ ᠤᠳᠠᠭᠠᠨ ᠤ ᠲᠠᠨᠢᠯᠴᠠᠭᠤᠯᠬᠤ ᠬᠤᠷᠠᠯ ᠳᠡᠭᠡᠷ᠎ᠡ ᠪᠠᠰᠠ  ᠬᠠᠲᠤᠨ ᠭᠤᠣᠯ ᠤᠨ ︽几︾ ᠦᠰᠦᠭᠲᠦ ᠭᠤᠤᠯ ᠤᠨ ᠲᠤᠬᠤᠢ ᠪᠠᠷ ᠰᠡᠳᠦᠪᠯᠡᠭᠰᠡᠨ ᠦᠢᠯᠡᠳᠬᠦᠨ᠂ ᠴᠡᠯᠡᠭᠡᠷ ᠲᠠᠯ᠎ᠠ ᠶᠢᠨ ᠤᠳᠤ ᠦᠶ᠎ᠡ ᠶᠢᠨ ᠲᠠᠯ᠎ᠠ ᠨᠤᠲᠤᠭ ᠢᠶᠠᠷ ᠰᠡᠳᠦᠪᠯᠡᠭᠰᠡᠨ ᠦᠢᠯᠡᠳᠬᠦᠨ᠂ ᠪᠡᠭᠡᠵᠢᠩ ᠲᠢᠶᠠᠨᠵᠢᠨ ᠾᠧᠪᠸᠢ ᠶᠢᠨ ᠲᠠᠯ᠎ᠠ ᠨᠤᠲᠤᠭ ᠤᠨ ᠵᠠᠩ ᠦᠢᠯᠡ ᠪᠠᠷ ᠰᠡᠳᠦᠪᠯᠡᠭᠰᠡᠨ ᠦᠢᠯᠡᠳᠬᠦᠨ᠂ ᠶᠡᠭᠡ ᠬᠢᠩᠭᠠᠨ ᠳᠠᠪᠠᠭ᠎ᠠ ᠶᠢᠨ ᠠᠮᠢ ᠠᠬᠤᠢ ᠪᠠᠷ ᠰᠡᠳᠦᠪᠯᠡᠭᠰᠡᠨ ᠦᠢᠯᠡᠳᠬᠦᠨ᠂ ᠦᠷ᠎ᠡ ᠬᠡᠦᠬᠡᠳ ᠤᠨ ᠵᠢᠭᠤᠯᠴᠢᠯᠠᠯ ᠢᠶᠠᠷ ᠰᠡᠳᠦᠪᠯᠡᠭᠰᠡᠨ‌ᠦᠢᠯᠡᠳᠬᠦᠨ᠂ ᠵᠤᠷᠰᠢᠯᠲᠦ ᠵᠢᠭᠤᠯᠴᠢᠯᠠᠯ ᠢᠶᠠᠷ ᠰᠡᠳᠦᠪᠯᠡᠭᠰᠡᠨ ᠦᠢᠯᠡᠳᠬᠦᠨ᠂ ᠦᠳᠡᠰᠢ ᠶᠢᠨ ᠲᠤᠶᠠᠭ᠎ᠠ ᠪᠠᠷ ᠰᠡᠳᠦᠪᠯᠡᠭᠰᠡᠨ ᠦᠢᠯᠡᠳᠬᠦᠨ ᠵᠡᠷᠭᠡ ᠵᠤᠨ ᠤ ᠤᠯᠠᠷᠢᠯ ᠤᠨ ᠰᠢᠨ᠎ᠡ ᠡᠭᠦᠳᠦᠯᠲᠡ ᠶᠢᠨ ︽ᠲᠠᠯ᠎ᠠ ᠨᠤᠲᠤᠭ +︾ ᠦᠢᠯᠡᠳᠬᠦᠨ ᠢ ᠭᠤᠣᠯᠳᠠᠯᠭ᠎ᠠ ᠲᠠᠢ ᠢᠯᠡᠳᠬᠡᠬᠦ ᠪᠤᠯᠤᠨ᠎ᠠ ᠭᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号