ᠥᠪᠥᠷ ᠮᠣᠩᠭᠤᠯ ᠬᠤᠨᠢᠨ ᠮᠢᠬᠠᠨ ᠤ ᠢᠷᠡᠯᠲᠡ ᠶᠢᠨ ᠰᠢᠰᠲ᠋ᠧᠮ ᠢ ᠪᠠᠶᠢᠭᠤᠯᠵᠤ  ᠶᠡᠭᠡ ᠳ᠋ᠠᠶᠢᠲ᠋ᠠ ᠪᠠᠷ ᠠᠵᠤ ᠦᠢᠯᠡᠰ ᠤᠨ ᠬᠡᠯᠬᠢᠶ᠎ᠡ ᠶᠢ ᠬᠢᠨᠠᠨ ᠬᠠᠮᠢᠶᠠᠷᠬᠤ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2016/6/2
     2014 ᠣᠨ ᠠᠴᠠ ᠡᠬᠢᠯᠡᠵᠦ᠂ ᠥᠪᠥᠷ ᠮᠣᠩᠭᠤᠯ ᠬᠤᠨᠢᠨ ᠮᠢᠬᠠᠨ ᠤ ᠢᠷᠡᠯᠲᠡ ᠶᠢᠨ ᠢᠨᠵᠧᠨᠧᠷᠢᠩ ᠤᠨ ᠪᠠᠶᠢᠭᠤᠯᠤᠯᠲᠠ ᠶᠢ ᠥᠷᠨᠢᠭᠦᠯᠵᠦ᠂ ᠬᠤᠨᠢᠨ ᠮᠢᠬᠠᠨ ᠤ ᠠᠶᠤᠯ ᠦᠭᠡᠢ ᠶᠢ ᠮᠥᠷᠳᠡᠬᠦ ᠮᠡᠳᠡᠭᠡ ᠵᠠᠩᠭᠢ ᠶᠢᠨ ᠬᠠᠮᠢᠶᠠᠷᠤᠯᠲᠠ ᠪᠠᠷ ᠳᠠᠮᠵᠢᠭᠤᠯᠤᠨ᠂ ᠪᠤᠶᠢᠵᠢᠭᠤᠯᠤᠨ ᠦᠷᠡᠵᠢᠭᠦᠯᠬᠦ᠂ ᠠᠷᠠᠴᠢᠯᠠᠨ ᠲᠡᠵᠢᠭᠡᠬᠦ᠂ ᠭᠡᠮ ᠬᠢᠵᠢᠭ ᠢ ᠰᠡᠷᠭᠡᠶᠢᠯᠡᠨ ᠵᠠᠰᠠᠬᠤ᠂ ᠠᠯᠠᠵᠤ ᠲᠥᠬᠦᠭᠡᠷᠡᠬᠦ᠂ ᠬᠠᠳᠠᠭᠠᠯᠠᠬᠤ ᠵᠥᠭᠡᠭᠡᠪᠦᠷᠢᠯᠡᠬᠦ᠂ ᠬᠤᠳᠠᠯᠳᠤᠵᠤ ᠪᠣᠷᠣᠯᠠᠭᠤᠯᠬᠤ ᠡᠯ᠎ᠡ ᠵᠠᠩᠭᠢᠯᠠᠭ᠎ᠠ ᠶᠢᠨ ᠮᠡᠳᠡᠭᠡ ᠵᠠᠩᠭᠢ ᠶᠢ ᠬᠠᠷᠢᠯᠴᠠᠨ ᠬᠤᠯᠪᠣᠨ ᠬᠠᠷᠢᠯᠴᠠᠨ ᠨᠡᠪᠲᠡᠷᠡᠭᠦᠯᠵᠦ᠂ ᠲᠠᠯ᠎ᠠ ᠨᠤᠲᠤᠭ ᠤᠨ ᠬᠤᠨᠢᠨ ᠮᠢᠬᠠᠨ ᠳᠤ ︽ᠪᠡᠶ᠎ᠡ ᠶᠢᠨ ᠦᠨᠡᠮᠯᠡᠯ︾ ᠣᠯᠭᠤᠪᠠ᠃ ᠣᠳᠣᠬᠠᠨ ᠳᠤ᠂ ᠥᠪᠥᠷ ᠮᠣᠩᠭᠤᠯ ᠨᠢᠭᠡᠨᠲᠡ ᠵᠠᠭᠤᠨ ᠲᠦᠮᠡᠨ ᠬᠤᠨᠢᠨ ᠤ ᠠᠵᠤ ᠦᠢᠯᠡᠰ ᠤᠨ ᠬᠡᠯᠬᠢᠶ᠎ᠡ ᠶᠢᠨ ᠮᠡᠳᠡᠭᠡ ᠵᠠᠩᠭᠢ ᠶᠢᠨ ᠬᠠᠳᠠᠭᠠᠯᠠᠮᠵᠢ ᠪᠠ ᠢᠷᠡᠯᠲᠡ ᠶᠢᠨ ᠬᠢᠨᠠᠨ ᠬᠠᠮᠢᠶᠠᠷᠤᠯᠲᠠ ᠲᠠᠢ ᠪᠣᠯᠪᠠ᠃      ᠳᠥᠭᠦᠮᠬᠡᠨ ᠬᠤᠶᠠᠷ ᠬᠡᠮᠵᠢᠯᠲᠡ ᠲᠡᠮᠳᠡᠭ ᠤᠨ ᠠᠷᠤ ᠳᠤ᠂ ᠪᠦᠷᠢᠨ ᠲᠦᠬᠦᠷ ᠢᠷᠡᠯᠲᠡ ᠶᠢᠨ ᠬᠢᠨᠠᠨ ᠬᠠᠮᠢᠶᠠᠷᠬᠤ ᠲᠠᠪᠴᠠᠩ ᠪᠠᠶᠢᠭᠤᠯᠵᠤ᠂ ᠲᠡᠵᠢᠭᠡᠨ ᠦᠷᠡᠵᠢᠭᠦᠯᠬᠦ᠂ ᠨᠢᠲᠤᠯᠵᠤ ᠡᠳᠡᠰᠢᠯᠡᠭᠦᠯᠬᠦ᠂ ᠪᠠᠷᠠᠭ᠎ᠠ ᠶᠢᠨ ᠭᠦᠢᠯᠭᠡᠭᠡᠨ ᠤ ᠲᠣᠬᠢᠷᠠᠭᠤᠯᠤᠨ ᠬᠦᠷᠭᠡᠬᠦ᠂ ᠡᠴᠦᠰ ᠤᠨ ᠬᠡᠷᠡᠭᠯᠡᠭᠡ ᠵᠡᠷᠭᠡ ᠠᠵᠤ ᠦᠢᠯᠡᠰ ᠤᠨ ᠬᠡᠯᠬᠢᠶ᠎ᠡ ᠶᠢ ᠨᠢᠭᠲᠠ ᠬᠢᠨᠠᠨ ᠬᠠᠮᠢᠶᠠᠷᠴᠤ᠂ ᠬᠤᠨᠢᠨ ᠰᠦᠷᠦᠭ ᠤᠨ ᠳ᠋ᠠᠶᠢᠲ᠋ᠠ ᠬᠥᠮᠥᠷᠭᠡ ᠪᠠᠶᠢᠭᠤᠯᠵᠤ᠂ ᠬᠡᠷᠡᠭᠯᠡᠭᠴᠢᠳ ᠬᠤᠨᠢᠨ ᠮᠢᠬ᠎ᠠ ᠬᠤᠳᠠᠯᠳᠤᠨ ᠠᠪᠬᠤ ᠳᠠᠭᠠᠨ᠂ ᠬᠤᠨᠢᠨ ᠤ ᠬᠤᠷᠠᠭᠠᠯᠠᠭᠰᠠᠨ ᠠᠴᠠ ᠨᠢ ᠨᠠᠰᠢᠬᠢ ᠪᠤᠢ ᠪᠦᠬᠦᠢ ᠮᠡᠳᠡᠭᠡ ᠵᠠᠩᠭᠢ ᠶᠢ ᠣᠯᠵᠤ ᠮᠡᠳᠡᠵᠦ ᠪᠣᠯᠤᠨ᠎ᠠ᠄ ᠲᠤᠬᠠᠶᠢᠯᠠᠪᠠᠯ ᠲᠡᠵᠢᠭᠡᠨ ᠦᠷᠡᠵᠢᠭᠦᠯᠬᠦ ᠡᠷᠦᠬᠡ᠂ ᠬᠦᠨᠳᠦ ᠶᠢᠨ ᠬᠡᠮᠵᠢᠶ᠎ᠡ᠂ ᠥᠰᠥᠯᠲᠡ ᠶᠢᠨ ᠦᠶᠡᠯᠡᠯ᠂ ᠪᠡᠯᠴᠢᠭᠡᠷ ᠤᠨ ᠵᠠᠢ᠂ ᠬᠢᠵᠢᠭ ᠰᠡᠷᠭᠡᠶᠢᠯᠡᠯᠲᠡ ᠶᠢᠨ ᠲᠡᠮᠳᠡᠭ᠂ ᠨᠢᠲᠤᠯᠵᠤ ᠲᠥᠬᠦᠭᠡᠷᠡᠬᠦ ᠵᠠᠩᠭᠢᠯᠠᠭ᠎ᠠ ᠵᠡᠷᠭᠡ ᠶᠢ ᠮᠡᠳᠡᠵᠦ ᠪᠣᠯᠣᠨ᠎ᠠ᠃ ᠡᠭᠦᠨ ᠳᠤ ᠠᠯᠠᠵᠤ ᠲᠥᠬᠦᠭᠡᠷᠡᠬᠦ ᠠᠴᠠ ᠡᠮᠦᠨ᠎ᠡ ᠬᠢᠵᠢᠭ ᠪᠠᠶᠢᠴᠠᠭᠠᠭᠰᠠᠨ ᠮᠡᠳᠡᠭᠡ ᠵᠠᠩᠭᠢ᠂ ᠠᠯᠠᠵᠤ ᠲᠤᠶᠠᠴᠢᠬᠤ ᠶᠢ ᠵᠢᠷᠤᠮᠵᠢᠭᠤᠯᠤᠭᠰᠠᠨ ᠮᠡᠳᠡᠭᠡ ᠵᠠᠩᠭᠢ ᠵᠢᠴᠢ ᠲᠥᠬᠦᠭᠡᠷᠡᠬᠦ ᠡᠷᠡᠭᠦᠯ ᠬᠠᠮᠠᠭᠠᠯᠠᠯ ᠤᠨ ᠮᠡᠳᠡᠭᠡ ᠵᠠᠩᠭᠢ ᠪᠣᠯ ᠠᠶᠤᠯ ᠥᠭᠡᠢ ᠶᠢ ᠮᠥᠷᠳᠡᠬᠦ ᠰᠢᠰᠲ᠋ᠧᠮ ᠤᠨ ᠴᠢᠬᠤᠯᠠ ᠠᠭᠤᠯᠭ᠎ᠠ ᠮᠥᠨ᠂ ᠲᠤᠰᠬᠠᠶ ᠮᠡᠷᠭᠡᠵᠢᠯ ᠤᠨ ᠠᠵᠢᠯᠳᠠᠨ ᠲᠤᠬᠠᠶ ᠶᠢᠨ ᠲᠠᠯᠠᠪᠤᠷ ᠲᠤ ᠲᠤᠭ᠎ᠠ ᠪᠠᠷᠢᠮᠲᠠ ᠶᠢ ᠰᠢᠩᠭᠡᠭᠡᠨ ᠣᠷᠣᠭᠤᠯᠵᠤ᠂ ᠪᠦᠬᠦ ᠶᠠᠪᠤᠴᠠ ᠶᠢ ᠬᠢᠨᠠᠨ ᠬᠠᠮᠢᠶᠠᠷᠳᠠᠭ᠃ ᠢᠷᠡᠯᠲᠡ ᠶᠢᠨ ᠲᠠᠪᠴᠠᠩ ᠨᠢ ᠵᠥᠪᠬᠡᠨ ᠢᠷᠡᠯᠲᠡ ᠶᠢ ᠪᠠᠶᠢᠴᠠᠭᠠᠨ ᠯᠠᠪᠯᠠᠬᠤ ᠪᠠ ᠦᠢᠯᠡᠳᠪᠦᠷᠢᠯᠡᠯ ᠢ ᠵᠢᠷᠤᠮᠵᠢᠭᠤᠯᠬᠤ ᠳᠤ ᠯᠠ ᠬᠢᠵᠠᠭᠠᠷᠯᠠᠭᠳᠠᠬᠤ ᠪᠢᠰᠢ᠂ ᠲᠡᠷᠡ ᠨᠢ ᠠᠵᠢᠯ ᠲᠥᠷᠥᠯ ᠤᠨ ᠭᠤᠣᠯᠴᠢᠯᠠᠨ ᠬᠠᠮᠢᠶᠠᠷᠤᠯᠲᠠ᠂ ᠵᠠᠰᠠᠭ ᠤᠨ ᠣᠷᠳᠣᠨ ᠤ ᠬᠢᠨᠠᠠ ᠬᠠᠮᠢᠶᠠᠷᠬᠤ ᠵᠡᠷᠭᠡ ᠰᠠᠯᠠᠭ᠎ᠠ ᠮᠥᠴᠢᠷ ᠲᠤ ᠪᠦᠷᠢᠨ ᠪᠦᠲᠦᠨ ᠳ᠋ᠠᠶᠢᠲ᠋ᠠ ᠶᠢᠨ ᠢᠷᠡᠯᠲᠡ ᠶᠢ ᠬᠠᠩᠭᠠᠨ ᠥᠭᠴᠦ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠨᠢ ᠡᠭᠦᠨ ᠢ ᠦᠨᠳᠦᠰᠦᠯᠡᠨ ᠬᠠᠷᠢᠶ᠎ᠠ ᠣᠷᠣᠨ ᠤ ᠭᠠᠶ ᠭᠠᠮᠰᠢᠭ ᠢ ᠤᠷᠢᠳᠴᠢᠯᠠᠨ ᠰᠡᠷᠡᠮᠵᠢᠯᠡᠭᠦᠯᠬᠦ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ᠂ ᠬᠢᠵᠢᠭ ᠰᠡᠷᠭᠡᠶᠢᠯᠡᠬᠦ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ᠂ ᠨᠤᠲᠤᠭ ᠪᠡᠯᠴᠢᠭᠡᠷ ᠠᠰᠢᠭᠯᠠᠬᠤ᠂ ᠲᠤᠭ᠎ᠠ ᠪᠦᠷᠢᠳᠬᠡᠯ ᠢ ᠬᠢᠨᠠᠨ ᠬᠡᠮᠵᠢᠬᠦ ᠵᠡᠷᠭᠡ ᠠᠵᠢᠯ ᠢ ᠬᠢᠵᠦ ᠪᠣᠯᠣᠨ᠎ᠠ᠃          2015 ᠣᠨ ᠳᠤ᠂ ᠢᠷᠡᠯᠲᠡ ᠶᠢᠨ ᠢᠨᠵᠧᠨᠧᠷᠢᠩ ᠳᠤ ᠣᠷᠣᠭᠰᠠᠨ ᠤ ᠳᠠᠷᠠᠭᠠᠬᠢ ᠡᠯᠧᠺᠲᠷᠣᠨ ᠠᠷᠠᠯᠵᠢᠶ᠎ᠠ ᠪᠠᠷ ᠪᠣᠷᠣᠯᠠᠭᠤᠯᠤᠭᠰᠠᠨ ᠬᠤᠨᠢ ᠨᠢ ᠵᠠᠬ᠎ᠠ ᠳᠡᠯᠭᠡᠭᠦᠷ ᠲᠤ ᠰᠢᠭᠤᠳ ᠬᠤᠳᠠᠯᠳᠤᠬᠤ ᠬᠤᠨᠢ ᠪᠦᠷᠢ ᠶᠢᠨ ᠳᠤᠮᠳᠠᠴᠢ ᠦᠨ᠎ᠡ ᠠᠴᠠ 120 ᠲᠥᠭᠦᠷᠢᠭ ᠦᠨᠡᠲᠡᠢ ᠪᠣᠯᠵᠠᠢ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号