︽12·5︾ ᠶᠢᠨ ᠬᠤᠭᠤᠴᠠᠭᠠᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠣᠷᠴᠢᠨ ᠲᠣᠭᠤᠷᠢᠨ ᠢ ᠬᠠᠮᠠᠭᠠᠯᠠᠬᠤ ᠠᠵᠢᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠵᠥᠪ ᠤᠳᠤᠷᠢᠳᠤᠯᠭ᠎ᠠ ᠳᠣᠣᠷ᠎ᠠ᠂ ᠪᠣᠬᠢᠷᠲᠤᠯ ᠦᠭᠡᠢ ᠪᠠᠷ ᠬᠥᠭᠵᠢᠭᠦᠯᠬᠦ ᠣᠨᠣᠯᠵᠢᠬᠤᠨ ᠢ ᠪᠠᠷᠢᠮᠲᠠᠯᠠᠨ᠂ | ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ ᠰᠠᠶᠢᠵᠢᠷᠠᠭᠤᠯᠬᠤ᠂ ᠰᠢᠨᠵᠢᠯᠡᠬᠦ ᠤᠬᠠᠭᠠᠨᠴᠢ ᠬᠥᠭᠵᠢᠯᠲᠡ ᠳᠤ | ᠦᠢᠯᠡᠴᠢᠯᠡᠬᠦ᠂ ᠣᠷᠴᠢᠨ ᠲᠣᠭᠤᠷᠢᠨ ᠤ ᠠᠮᠤᠷ ᠲᠦᠪᠰᠢᠨ ᠢ ᠪᠠᠲᠤᠯᠠᠬᠤ ᠶᠢᠨ ᠲᠣᠭᠤᠷᠢᠨ ᠳᠤ᠂ ᠤᠷᠤᠭᠰᠢᠯᠠᠨ | ᠳᠡᠪᠰᠢᠵᠦ ᠠᠵᠢᠯ ᠦᠢᠯᠡᠰ ᠪᠦᠲᠦᠭᠡᠨ᠂ ᠦᠨᠡᠨ ᠬᠦ ᠠᠳᠬᠤᠨ ᠪᠣᠳᠠᠲᠠᠶ ᠪᠠᠷ ᠠᠵᠢᠯᠯᠠᠵᠤ᠂ ᠪᠦᠬᠦ ᠣᠷᠣᠨ ᠤ ᠳᠡᠭᠡᠷ᠎ᠡ | ᠳᠣᠣᠷ᠎ᠠ ᠱᠠᠲᠤᠨ ᠤ ᠬᠠᠮᠲᠤ ᠶᠢᠨ ᠴᠢᠷᠮᠠᠶᠢᠯᠭ᠎ᠠ ᠪᠠᠷ ᠳᠠᠮᠵᠢᠭᠠᠳ᠂ ᠤᠯᠤᠰ ᠠᠴᠠ ᠪᠠᠭᠤᠯᠭᠠᠭᠰᠠᠨ ᠭᠤᠣᠯ ᠪᠣᠯᠬᠤ | ᠪᠣᠬᠢᠷᠲᠤᠯ ᠪᠣᠳᠠᠰ ᠢ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠶᠢ ᠪᠠᠭᠠᠰᠬᠠᠬᠤ ᠡᠭᠦᠷᠭᠡ ᠶᠢ ᠳᠠᠪᠠᠭᠤᠯᠤᠨ ᠪᠡᠶᠡᠯᠡᠭᠦᠯᠵᠦ᠂ | ᠢᠯᠡᠳᠲᠡ ᠠᠮᠵᠢᠯᠲᠠ ᠪᠦᠲᠦᠮᠵᠢ ᠣᠯᠵᠠᠶ᠃ | ︽12·5︾ ᠶᠢᠨ ᠲᠥᠯᠥᠪᠵᠢᠭᠦᠯᠭᠡ ᠶᠢᠨ ᠶᠡᠷᠦᠩᠭᠡᠢ ᠬᠡᠮᠵᠢᠶ᠎ᠡ ᠶᠢ ᠪᠠᠭᠠᠰᠬᠠᠬᠤ ᠠᠵᠢᠯ ᠢ ᠯᠠᠪᠳᠠᠭᠤᠨ | ᠪᠠᠲᠤᠲᠠᠶ ᠪᠠᠷ ᠲᠦᠯᠬᠢᠨ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ᠡᠷᠴᠢᠮᠲᠡᠢ ᠠᠷᠭ᠎ᠠ ᠬᠡᠮᠵᠢᠶ᠎ᠡ ᠠᠪᠴᠤ᠂ ᠪᠣᠬᠢᠷᠲᠤᠯ ᠪᠣᠳᠠᠰ ᠭᠠᠳᠠᠭᠰᠢᠯᠠᠭᠤᠯᠬᠤ ᠶᠢ | ᠪᠠᠭᠠᠰᠬᠠᠬᠤ ᠠᠵᠢᠯ ᠢ ᠬᠦᠴᠦᠲᠡᠶ ᠠᠳᠬᠤᠵᠤ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠠᠷ | ᠳᠤᠭᠤᠶᠢᠯᠠᠩ ᠤᠨ ᠳᠠᠷᠤᠭ᠎ᠠ ᠪᠣᠯᠭᠠᠨ᠂ 16 ᠲᠢᠩᠬᠢᠮ ᠲᠣᠪᠴᠢᠶ᠎ᠠ ᠪᠠᠷ ᠪᠦᠷᠢᠯᠳᠦᠬᠦᠨ ᠪᠣᠯᠭᠠᠭᠰᠠᠨ ᠪᠣᠬᠢᠷᠲᠤᠯ | ᠪᠣᠳᠠᠰ ᠭᠠᠳᠠᠭᠰᠢᠯᠠᠭᠤᠯᠬᠤ ᠶᠢ ᠪᠠᠭᠠᠰᠬᠠᠬᠤ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠪᠠ᠃ ᠥᠪᠡᠷᠲᠡᠭᠡᠨ | ᠵᠠᠰᠠᠬᠤ ᠣᠷᠣᠨ ᠤ ᠪᠣᠬᠢᠷᠲᠤᠯ ᠪᠣᠳᠠᠰ ᠭᠠᠳᠠᠭᠰᠢᠯᠠᠭᠤᠯᠬᠤ ᠶᠢ ᠪᠠᠭᠠᠰᠬᠠᠬᠤ ᠠᠵᠢᠯ ᠤᠨ ᠤᠳᠤᠷᠢᠳᠬᠤ ᠳᠤᠭᠤᠶᠢᠯᠠᠩ | ᠵᠢᠯ ᠪᠦᠷᠢ ᠬᠤᠶᠠᠷ ᠤᠳᠠᠭ᠎ᠠ ᠪᠥᠬᠦ ᠣᠷᠣᠨ ᠤ ᠴᠢᠨᠠᠷᠲᠠᠶ ᠪᠣᠬᠢᠷᠲᠤᠯ ᠪᠣᠳᠠᠰ ᠭᠠᠳᠠᠭᠰᠢᠯᠠᠭᠤᠯᠬᠤ ᠶᠢ ᠪᠠᠭᠠᠰᠬᠠᠬᠤ | ᠠᠵᠢᠯ ᠤᠨ ᠬᠤᠷᠠᠯ ᠬᠢᠬᠦ ᠪᠠᠷ ᠲᠣᠭᠲᠠᠭᠠᠵᠤ᠂ ᠪᠣᠬᠢᠷᠲᠤᠯ ᠪᠣᠳᠠᠰ ᠭᠠᠳᠠᠭᠰᠢᠯᠠᠭᠤᠯᠬᠤ ᠶᠢ ᠪᠠᠭᠠᠰᠬᠠᠬᠤ ᠠᠵᠢᠯ ᠤᠨ | ᠳᠤᠮᠳᠠ ᠢᠯᠡᠷᠡᠭᠰᠡᠨ ᠰᠢᠨ᠎ᠡ ᠪᠠᠶᠢᠳᠠᠯ ᠳᠤ ᠴᠢᠭᠯᠡᠭᠦᠯᠦᠨ ᠪᠣᠬᠢᠷᠲᠤᠯ ᠪᠣᠳᠠᠰ ᠭᠠᠳᠠᠭᠰᠢᠯᠠᠭᠤᠯᠬᠤ ᠶᠢ ᠪᠠᠭᠠᠰᠬᠠᠬᠤ ᠶᠢ | ᠲᠦᠯᠬᠢᠨ ᠠᠬᠢᠭᠤᠯᠬᠤ ᠲᠤᠬᠠᠶ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠴᠠᠭ | ᠲᠣᠬᠠᠢ ᠳᠤᠨᠢ ᠲᠣᠭᠲᠠᠭᠠᠨ ᠨᠡᠶᠢᠲᠡᠯᠡᠪᠡ᠃ ᠤᠯᠤᠰ ᠠᠴᠠ ᠥᠪᠡᠷᠲᠡᠭᠡᠨ ᠵᠠᠰᠠᠬᠤ ᠣᠷᠣᠨ ᠯᠤᠭ᠎ᠠ ᠪᠣᠬᠢᠷᠲᠤᠯ ᠪᠣᠳᠠᠰ | ᠭᠠᠳᠠᠭᠰᠢᠯᠠᠭᠤᠯᠬᠤ ᠶᠢ ᠪᠠᠭᠠᠰᠬᠠᠬᠤ ᠬᠠᠷᠢᠭᠤᠴᠠᠯᠭ᠎ᠠ ᠶᠢᠨ ᠪᠢᠴᠢᠭ ᠬᠠᠷᠠᠬᠠᠨ ᠲᠣᠭᠲᠠᠭᠠᠳᠤᠢ ᠪᠠᠶᠢᠭᠰᠠᠨ ᠦᠶ᠎ᠡ ᠳᠤ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ 12 ᠠᠶᠢᠮᠠᠭ ᠬᠤᠳᠠ ᠯᠤᠭ᠎ᠠ ︽ ︿12·5 | ﹀ ᠶᠢᠨ ᠲᠥᠯᠥᠪᠵᠢᠭᠦᠯᠭᠡ ᠶᠢᠨ ᠭᠤᠣᠯ ᠪᠣᠯᠬᠤ ᠪᠣᠬᠢᠷᠲᠤᠯ ᠪᠣᠳᠠᠰ ᠤᠨ ᠶᠡᠷᠦᠩᠬᠡᠶ ᠬᠡᠮᠵᠢᠶ᠎ᠡ ᠶᠢ ᠪᠠᠭᠠᠰᠬᠠᠬᠤ | ᠬᠠᠷᠠᠯᠲᠠ ᠶᠢᠨ ᠬᠠᠷᠢᠭᠤᠴᠠᠯᠭ᠎ᠠ ᠶᠢᠨ ᠪᠢᠴᠢᠭ︾ ᠲᠣᠭᠲᠠᠵᠤ᠂ ᠡᠯ᠎ᠡ ᠠᠶᠢᠮᠠᠭ ᠬᠤᠳᠠ ᠶᠢᠨ 4 ᠵᠦᠢᠯ ᠤᠨ ᠭᠤᠣᠯ | ᠪᠤᠯᠠᠬᠤ ᠪᠣᠬᠢᠷᠲᠤᠯ ᠪᠣᠳᠠᠰ ᠤᠨ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠬᠠᠷᠠᠯᠲᠠ᠂ ᠡᠯ᠎ᠡ ᠣᠨ ᠤ ᠭᠤᠣᠯ ᠪᠣᠯᠬᠤ | ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠴᠢᠬᠤᠯᠠ ᠲᠠᠢ ᠲᠥᠷᠥᠯ ᠵᠦᠢᠯ ᠢ ᠲᠣᠭᠲᠠᠭᠠᠪᠠ᠃ | ᠤᠯᠤᠰ ᠤᠨ ︽12·5︾ ᠶᠢᠨ ᠲᠥᠯᠥᠪᠵᠢᠭᠦᠯᠭᠡ ᠶᠢᠨ ᠡᠭᠦᠷᠭᠡ ᠶᠢ ᠵᠠᠳᠠᠯᠬᠤ ᠦᠶ᠎ᠡ ᠳᠤ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠥᠪᠡᠷ ᠲᠡᠭᠡᠨ ᠳᠠᠷᠤᠯᠲᠠ ᠬᠦᠯᠢᠶᠡᠵᠦ᠂ | ᠬᠢᠮᠢ ᠳᠤ ᠬᠡᠷᠡᠭᠰᠡᠬᠦ ᠬᠦᠴᠢᠯᠲᠥ᠋ᠷᠥᠭᠴᠢ ᠶᠢᠨ ᠬᠡᠮᠵᠢᠶ᠎ᠡ᠂ ᠰᠢᠪᠲᠦᠷᠲᠦ ᠠᠽᠣᠲ᠂ ᠬᠦᠬᠦᠷ ᠤᠨ ᠳᠠᠪᠬᠤᠷ ᠢᠰᠦᠯ | ᠪᠣᠯᠤᠨ ᠠᠽᠣᠲ ᠤᠨ ᠢᠰᠦᠯ ᠵᠡᠷᠭᠡ 4 ᠵᠦᠢᠯ ᠤᠨ ᠡᠭᠦᠷᠭᠡ ᠶᠢ ᠲᠤᠰ ᠲᠤᠰ ᠤᠯᠤᠰ ᠤᠨ ᠡᠭᠦᠷᠭᠡ ᠠᠴᠠ16.4% | ᠂ 52.6%᠂ 68.4%᠂ 25.9% ᠪᠠᠷ ᠳᠠᠪᠠᠭᠤᠯᠪᠠ ᠃ | ᠤᠯᠤᠰ ᠠᠴᠠ ᠪᠠᠭᠤᠯᠭᠠᠭᠰᠠᠨ ᠪᠣᠬᠢᠷᠲᠤᠯ ᠪᠣᠳᠠᠰ ᠢ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠶᠢ ᠪᠠᠭᠠᠰᠬᠠᠬᠤ | ᠡᠭᠦᠷᠭᠡ ᠶᠢ ᠦᠨᠡᠨ ᠬᠦ ᠪᠡᠶᠡᠯᠡᠭᠦᠯᠬᠦ ᠶᠢᠨ ᠲᠤᠰᠠᠳᠠ᠂ ᠮᠠᠨ ᠤ ᠣᠷᠣᠨ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ︿12·5﹀ ᠶᠢᠨ ᠭᠤᠣᠯ ᠪᠣᠯᠬᠤ ᠪᠣᠬᠢᠷᠲᠤᠯ ᠪᠣᠳᠠᠰ ᠤᠨ ᠶᠡᠷᠦᠩᠬᠡᠶ ᠬᠡᠮᠵᠢᠶ᠎ᠡ ᠶᠢ | ᠬᠢᠵᠠᠭᠠᠷᠯᠠᠬᠤ ᠲᠥᠯᠥᠪᠵᠢᠭᠦᠯᠭᠡ︾ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠪᠢᠴᠢᠵᠦ᠂ ᠪᠣᠬᠢᠷᠲᠤᠯ ᠪᠣᠳᠠᠰ | ᠭᠠᠳᠠᠭᠰᠢᠯᠠᠭᠤᠯᠬᠤ ᠶᠢ ᠪᠠᠭᠠᠰᠬᠠᠬᠤ ᠡᠭᠦᠷᠭᠡ ᠶᠢ ᠪᠡᠶᠡᠯᠡᠭᠦᠯᠬᠦ ᠡᠯ᠎ᠡ ᠵᠦᠢᠯ ᠤᠨ ᠠᠷᠭ᠎ᠠ ᠬᠡᠮᠵᠢᠶ᠎ᠡ ᠳᠤᠷᠠᠳᠤᠭᠰᠠᠨ | ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ︿12·5﹀ ᠶᠢᠨ ᠲᠥᠯᠥᠪᠵᠢᠭᠦᠯᠭᠡ ᠶᠢᠨ ᠡᠨᠧᠷᠭᠢ ᠠᠷᠪᠢᠯᠠᠨ ᠪᠣᠬᠢᠷᠲᠤᠯ ᠪᠣᠳᠠᠰ | ᠭᠠᠳᠠᠭᠰᠢᠯᠠᠭᠤᠯᠬᠤ ᠶᠢ ᠪᠠᠭᠠᠰᠬᠠᠬᠤ ᠶᠡᠷᠦᠩᠬᠡᠶᠢᠯᠡᠭᠰᠡᠨ ᠴᠢᠨᠠᠷᠲᠠᠶ ᠠᠵᠢᠯ ᠤᠨ ᠲᠥᠰᠦᠯ︾ ︵ᠥᠪᠥᠷ ᠵᠠᠰᠠᠭ | ᠲᠠᠷᠬᠠᠭᠠᠭᠰᠠᠨ ﹇2011﹈ 129 ᠳ᠋ᠦ᠋ᠭᠡᠷ ᠲᠣᠭᠠᠲᠤ︶ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠵᠤ᠂ | ᠪᠣᠬᠢᠷᠲᠤᠯ ᠪᠣᠳᠠᠰ ᠭᠠᠳᠠᠭᠰᠢᠯᠠᠭᠤᠯᠬᠤ ᠶᠢ ᠪᠠᠭᠠᠰᠬᠠᠬᠤ ᠠᠵᠢᠯ ᠳᠤ ᠬᠤᠷᠸ᠎ᠠ ᠠᠴᠠ ᠬᠤᠮᠠᠬᠢ ᠲᠠᠯ᠎ᠠ ᠬᠦᠷᠲᠡᠯ᠎ᠡ ᠴᠥᠮ | ᠨᠠᠷᠢᠨ ᠨᠢᠮᠪᠠᠶ ᠪᠠᠶᠢᠷᠢᠯᠠᠭᠤᠯᠤᠯᠲᠠ ᠬᠢᠭᠰᠡᠨ ᠪᠠᠶᠢᠨ᠎ᠠ᠃ | ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠣᠷᠴᠢᠨ ᠲᠣᠭᠤᠷᠢᠨ ᠤ | ᠬᠠᠮᠠᠭᠠᠯᠠᠯᠲᠠ ᠶᠢᠨ ︿12· 5﹀ ᠶᠢᠨ ᠲᠥᠯᠥᠪᠵᠢᠭᠦᠯᠭᠡ ᠶᠢᠨ ᠭᠤᠣᠯᠳᠠᠯᠭ᠎ᠠ ᠲᠠᠢ ᠠᠵᠢᠯ ᠤᠨ ᠰᠠᠯᠠᠭ᠎ᠠ | ᠮᠦᠴᠢᠷ ᠤᠨ ᠠᠵᠢᠯ ᠤᠨ ᠬᠤᠪᠢᠶᠠᠷᠢᠯᠠᠯ ᠤᠨ ᠲᠥᠰᠦᠯ ᠤᠨ ᠲᠣᠬᠠᠢ ᠮᠡᠳᠡᠭᠳᠡᠯ︾ ︵ᠲᠥᠷᠥ ᠠᠯᠪᠠᠨ ᠵᠠᠬᠢᠳᠠᠯ ﹇ | 2012﹈ 35 ᠳ᠋ᠤᠭᠠᠷ ᠲᠣᠭᠠᠲᠤ︶ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠪᠠᠷ᠂ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠣᠷᠳᠣᠨ ᠴᠠᠭ ᠲᠤᠬᠠᠶ ᠳᠤᠨᠢ ᠬᠤᠷᠠᠯ ᠬᠢᠵᠦ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ | ᠰᠤᠳᠤᠯᠤᠨ ᠨᠠᠶᠢᠳᠠᠪᠤᠷᠢᠵᠢᠭᠤᠯᠤᠭᠰᠠᠨ ᠪᠦᠭᠡᠳ ﹇2012﹈ 35 ᠳ᠋ᠤᠭᠠᠷ ᠲᠣᠭᠠᠲᠤ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠣᠷᠳᠣᠨ ᠤ ᠲᠤᠰᠬᠠᠶ ᠰᠡᠳᠦᠪᠲᠦ ᠬᠤᠷᠠᠯ ᠤᠨ ᠲᠣᠪᠴᠢ ᠲᠡᠮᠳᠡᠭᠯᠡᠯ ᠢᠶᠠᠷ ᠲᠡᠷᠢᠶᠠᠯᠠᠩ ᠤᠨ | ᠡᠬᠢ ᠰᠤᠷᠪᠤᠯᠵᠢ᠂ ᠮᠠᠰᠢᠨᠲᠤ ᠲᠡᠷᠭᠡ᠂ ᠬᠤᠳᠠ ᠪᠠᠯᠭᠠᠰᠤᠨ ᠤ ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ ᠵᠡᠷᠭᠡ | ᠪᠣᠬᠢᠷᠲᠤᠯ ᠪᠣᠳᠠᠰ ᠭᠠᠳᠠᠭᠰᠢᠯᠠᠭᠤᠯᠬᠤ ᠶᠢ ᠪᠠᠭᠠᠰᠬᠠᠬᠤ ᠡᠭᠦᠷᠭᠡ ᠶᠢ ᠡᠯ᠎ᠡ ᠭᠤᠣᠯᠯᠠᠨ ᠬᠠᠮᠢᠶᠠᠷᠬᠤ ᠰᠠᠯᠠᠭ᠎ᠠ | ᠮᠦᠴᠢᠷ ᠲᠤ ᠬᠤᠪᠢᠶᠠᠷᠢᠯᠠᠨ᠂ ᠭᠤᠣᠯᠳᠠᠯᠭ᠎ᠠ ᠲᠠᠢ ᠠᠵᠢᠯ ᠤᠨ ᠰᠠᠯᠠᠭ᠎ᠠ ᠮᠦᠴᠢᠷ ᠤᠳ ᠠᠵᠢᠯ ᠢᠶᠠᠨ ᠬᠤᠪᠢᠶᠠᠷᠢᠯᠠᠬᠤ | ᠮᠥᠷᠲᠡᠭᠡᠨ ᠪᠠᠰᠠ ᠬᠠᠮᠲᠤᠷᠠᠨ ᠬᠥᠳᠡᠯᠦᠯᠴᠡᠬᠦ ᠲᠣᠭᠲᠠᠴᠠ ᠪᠠᠷ ᠳᠠᠮᠵᠢᠭᠤᠯᠤᠨ᠂ ᠪᠦᠬᠦ ᠣᠷᠣᠨ ᠤ ᠪᠣᠬᠢᠷᠲᠤᠯ ᠪᠣᠳᠠᠰ | ᠭᠠᠳᠠᠭᠰᠢᠯᠠᠭᠤᠯᠬᠤ ᠶᠢ ᠪᠠᠭᠠᠰᠬᠠᠬᠤ ᠠᠵᠢᠯ ᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠬᠤ ᠶᠢ ᠴᠢᠬᠤᠯᠠᠴᠢᠯᠠᠪᠠ᠃ | ᠪᠣᠬᠢᠷᠲᠤᠯ ᠪᠣᠳᠠᠰ ᠭᠠᠳᠠᠭᠰᠢᠯᠠᠭᠤᠯᠬᠤ ᠶᠢ ᠪᠠᠭᠠᠰᠬᠠᠬᠤ ᠣᠨ ᠤ ᠬᠢᠨᠠᠨ ᠰᠢᠯᠭᠠᠯᠲᠠ ᠶᠢ ᠤᠯᠠᠮ ᠴᠢᠨᠠᠭᠰᠢᠳᠠ | ᠴᠢᠩᠭᠠᠷᠠᠭᠤᠯᠬᠤ ᠶᠢᠨ ᠲᠥᠯᠥᠭᠡ᠂ ᠵᠢᠯ ᠪᠦᠷᠢ 350 ᠲᠦᠮᠡᠨ ᠲᠥᠭᠦᠷᠢᠭ ᠤᠨ ᠪᠣᠬᠢᠷᠲᠤᠯ ᠪᠣᠳᠠᠰ | ᠭᠠᠳᠠᠭᠰᠢᠯᠠᠭᠤᠯᠬᠤ ᠶᠢ ᠪᠠᠭᠠᠰᠬᠠᠬᠤ ᠬᠢᠨᠠᠨ ᠰᠢᠯᠭᠠᠯᠲᠠ ᠶᠢᠨ ᠱᠠᠩᠨᠠᠯ ᠤᠨ ᠮᠥᠩᠭᠦ ᠲᠣᠬᠢᠷᠠᠭᠤᠯᠪᠠ᠃ ᠢᠯᠠᠩᠭᠤᠶ᠎ᠠ | 2013 ᠣᠨ ᠠᠴᠠ ᠡᠬᠢᠯᠡᠨ᠂ ᠪᠣᠬᠢᠷᠲᠤᠯ ᠪᠣᠳᠠᠰ ᠭᠠᠳᠠᠭᠰᠢᠯᠠᠭᠤᠯᠬᠤ ᠶᠢ ᠪᠠᠭᠠᠰᠬᠠᠬᠤ ᠬᠢᠨᠠᠨ ᠰᠢᠯᠭᠠᠯᠲᠠ ᠶᠢ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠠᠶᠢᠮᠠᠭ ᠬᠤᠳᠠ ᠶᠢᠨ | ᠤᠳᠤᠷᠢᠳᠬᠤ ᠪᠠᠭ ᠤᠨ ︽ᠭᠤᠷᠪᠠ ᠶᠢ ᠨᠢᠭᠡ ᠴᠤᠭᠴᠠᠵᠢᠭᠤᠯᠬᠤ︾ ᠬᠢᠨᠠᠨ ᠰᠢᠯᠭᠠᠬᠤ ᠰᠢᠰᠲ᠋ᠧᠮᠵᠢ ᠳᠤ | ᠣᠷᠣᠭᠤᠯᠵᠤ᠂ ᠪᠣᠬᠢᠷᠲᠤᠯ ᠪᠣᠳᠠᠰ ᠭᠠᠳᠠᠭᠰᠢᠯᠠᠭᠤᠯᠬᠤ ᠶᠢ ᠪᠠᠭᠠᠰᠬᠠᠬᠤ ᠠᠵᠢᠯ ᠤᠨ ᠵᠠᠭᠤᠨ ᠬᠤᠪᠢ ᠶᠢᠨ ᠲᠦᠷᠢᠮᠲᠦ | ᠰᠢᠯᠭᠠᠨ ᠦᠨᠡᠯᠡᠬᠦ ᠨᠠᠷᠢᠨ ᠳᠦᠷᠢᠮ ᠶᠣᠰᠣᠭᠠᠷ ᠬᠢᠨᠠᠨ ᠰᠢᠯᠭᠠᠵᠤ᠂ ᠪᠣᠬᠢᠷᠲᠤᠯ ᠪᠣᠳᠠᠰ ᠭᠠᠳᠠᠭᠰᠢᠯᠠᠭᠤᠯᠬᠤ ᠶᠢ | ᠪᠠᠭᠠᠰᠬᠠᠬᠤ ᠶᠡᠷᠦᠩᠬᠡᠶᠢᠯᠡᠭᠰᠡᠨ ᠠᠵᠢᠯ ᠤᠨ ᠨᠡᠷᠡᠰ ᠤᠨ ᠵᠢᠭᠰᠠᠭᠠᠯᠲᠠ ᠶᠢᠨ ᠲᠦᠷᠦᠭᠦᠦ ᠭᠤᠷᠪᠠ᠂ ᠭᠠᠭᠴᠠ | ᠵᠦᠢᠯ ᠤᠨ ᠡᠭᠦᠷᠭᠡ ᠶᠢ ᠰᠠᠶᠢᠲᠤᠷ ᠪᠡᠶᠡᠯᠡᠭᠦᠯᠦᠭᠰᠡᠨ ᠠᠶᠢᠮᠠᠭ ᠬᠤᠳᠠ ᠶᠢ ᠬᠥᠬᠢᠭᠦᠯᠦᠨ ᠱᠠᠩᠨᠠᠵᠠᠢ᠃ | ︽12·5︾ ᠶᠢᠨ ᠲᠦᠯᠦᠪᠵᠢᠬᠦᠯᠭᠡ ᠶᠢᠨ ᠡᠬᠢᠨ ᠤ ᠦᠶ᠎ᠡ ᠳᠤ᠂ ᠥᠪᠡᠷᠲᠡᠭᠡᠨ ᠵᠠᠰᠠᠬᠤ ᠣᠷᠣᠨ ᠤ ᠠᠵᠤ | ᠠᠬᠤᠶ ᠨᠡᠶᠢᠭᠡᠮ ᠤᠨ ᠬᠥᠭᠵᠢᠯᠲᠡ ᠶᠠᠭ ᠨᠢᠭᠡᠨ ᠬᠠᠷᠢᠴᠠᠩᠭᠤᠶ ᠥᠨᠳᠥᠷ ᠴᠢᠭ᠋ ᠲᠤ ᠤᠷᠤᠰᠢᠵᠤ᠂ ᠪᠣᠬᠢᠷᠲᠤᠯ | ᠪᠣᠳᠠᠰ ᠢ ᠭᠠᠳᠠᠭᠰᠢᠯᠠᠭᠤᠯᠬᠤ ᠬᠢᠷᠢ ᠬᠡᠮᠵᠢᠶ᠎ᠡ ᠴᠤ ᠨᠡᠯᠢᠶᠡᠳ ᠥᠨᠳᠥᠷ ᠪᠠᠶᠢᠪᠠ᠂ ᠤᠯᠤᠰ ᠠᠴᠠ ᠪᠠᠭᠤᠯᠭᠠᠭᠰᠠᠨ | ᠪᠣᠬᠢᠷᠲᠤᠯ ᠪᠣᠳᠠᠰ ᠭᠠᠳᠠᠭᠰᠢᠯᠠᠭᠤᠯᠬᠤ ᠶᠢ ᠪᠠᠭᠠᠰᠬᠠᠬᠤ ᠬᠠᠷᠠᠯᠲᠠ ᠶᠢ ᠪᠡᠶᠡᠯᠡᠭᠦᠯᠬᠦ ᠶᠢᠨ ᠲᠤᠯᠠᠳᠠ᠂ ᠥᠪᠡᠷᠲᠡᠭᠡᠨ | ᠵᠠᠰᠠᠬᠤ ᠣᠷᠣᠨ ᠠᠴᠠ ᠥᠨᠳᠥᠷ ᠪᠠᠷᠢᠮᠵᠢᠶ᠎ᠠ ᠴᠢᠩᠭ᠎ᠠ ᠱᠠᠭᠠᠷᠳᠠᠯᠭ᠎ᠠ ᠪᠠᠷ ᠪᠣᠬᠢᠷᠲᠤᠯ ᠪᠣᠳᠠᠰ ᠭᠠᠳᠠᠭᠰᠢᠯᠠᠭᠤᠯᠬᠤ ᠶᠢ | ᠪᠠᠭᠠᠰᠬᠠᠬᠤ ᠠᠵᠢᠯ ᠢ ᠴᠢᠩᠭᠠᠳᠬᠠᠵᠤ᠂ ᠪᠣᠬᠢᠷᠲᠤᠯ ᠪᠣᠳᠠᠰ ᠭᠠᠳᠠᠭᠰᠢᠯᠠᠭᠤᠯᠬᠤ ᠶᠢ ᠪᠠᠭᠠᠰᠬᠠᠬᠤ ᠰᠡᠳᠦᠪ ᠤᠨ | ᠰᠤᠳᠤᠯᠭ᠎ᠠ ᠦᠷᠨᠢᠬᠦᠯᠦᠨ ᠪᠦᠬᠦ ᠣᠷᠣᠨ ᠤ ᠪᠣᠬᠢᠷᠲᠤᠯ ᠪᠣᠳᠠᠰ ᠭᠠᠳᠠᠭᠰᠢᠯᠠᠭᠤᠯᠬᠤ ᠶᠢ ᠪᠠᠭᠠᠰᠬᠠᠬᠤ ᠠᠵᠢᠯ ᠳᠤ | ᠰᠢᠨᠵᠢᠯᠡᠬᠦ ᠤᠬᠠᠭᠠᠨᠴᠢ ᠦᠨᠳᠦᠰᠦᠯᠡᠯ ᠤᠯᠭᠤᠵᠤ᠂ ︽ᠵᠢᠷᠭᠤᠭᠠᠨ ᠦᠢᠯᠡᠳᠪᠦᠷᠢ᠂ ᠨᠢᠭᠡ ᠲᠡᠷᠭᠡ︾ ᠶᠢᠨ | ᠭᠤᠣᠯᠳᠠᠯᠭ᠎ᠠ ᠲᠠᠢ ᠠᠵᠢᠯ ᠲᠦᠷᠦᠯ ᠤᠨ ᠪᠣᠬᠢᠷᠲᠤᠯ ᠪᠣᠳᠠᠰ ᠭᠠᠳᠠᠭᠰᠢᠯᠠᠭᠤᠯᠬᠤ ᠶᠢ ᠪᠠᠭᠠᠰᠬᠠᠬᠤ ᠠᠵᠢᠯ ᠢ | ᠯᠠᠪᠳᠠᠭᠤᠨ ᠪᠠᠲᠤᠲᠠᠶ ᠰᠠᠶᠢᠲᠤᠷ ᠠᠳᠬᠤᠵᠤ᠂ ᠣᠷᠴᠢᠨ ᠲᠣᠭᠤᠷᠢᠨ ᠤ ᠬᠠᠤᠯᠢ ᠬᠡᠷᠡᠭᠵᠢᠬᠦᠯᠦᠯᠲᠡ ᠶᠢ ᠬᠢᠨᠠᠨ | ᠪᠠᠶᠢᠴᠠᠭᠠᠬᠤ ᠶᠢ ᠴᠢᠩᠭᠠᠳᠬᠠᠨ ᠪᠣᠬᠢᠷᠲᠤᠯ ᠪᠣᠳᠠᠰ ᠭᠠᠳᠠᠭᠰᠢᠯᠠᠭᠤᠯᠬᠤ ᠶᠢ ᠪᠠᠭᠠᠰᠬᠠᠬᠤ ᠬᠠᠮᠢᠶᠠᠷᠤᠯᠲᠠ ᠶᠢᠨ | ᠬᠦᠴᠦᠲᠡᠶ ᠠᠷᠭ᠎ᠠ ᠬᠡᠮᠵᠢᠶ᠎ᠡ ᠶᠢ ᠲᠦᠯᠬᠢᠨ ᠠᠬᠢᠭᠤᠯᠵᠤ᠂ ︽12·5︾ ᠶᠢᠨ ᠲᠦᠯᠦᠪᠵᠢᠬᠦᠯᠭᠡ ᠶᠢᠨ ᠪᠣᠬᠢᠷᠲᠤᠯ | ᠪᠣᠳᠠᠰ ᠭᠠᠳᠠᠭᠰᠢᠯᠠᠭᠤᠯᠬᠤ ᠶᠢ ᠪᠠᠭᠠᠰᠬᠠᠬᠤ ᠡᠭᠦᠷᠭᠡ ᠶᠢ ᠳᠠᠪᠠᠭᠤᠯᠤᠨ ᠪᠡᠶᠡᠯᠡᠭᠦᠯᠬᠦ ᠳᠤ ᠪᠠᠲᠤ ᠪᠠᠬᠢ ᠰᠠᠭᠤᠷᠢ | ᠲᠠᠯᠪᠢᠵᠤ ᠦᠭᠪᠡ᠃ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠠᠮᠤᠨ ᠢᠶᠠᠷ ᠬᠢᠨᠠᠨ ᠬᠠᠷᠭᠤᠭᠤᠯᠤᠭᠠᠳ᠂ 2015 ᠣᠨ ᠳᠤ | ᠪᠦᠬᠦ ᠣᠷᠣᠨ ᠤ ᠬᠢᠮᠢ ᠳᠤ ᠬᠡᠷᠡᠭᠰᠡᠬᠦ ᠬᠦᠴᠢᠯᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠬᠡᠮᠵᠢᠶ᠎ᠡ ᠨᠢ 83.56 | ᠲᠦᠮᠡᠨ ᠲᠣᠨ ᠪᠤᠯᠵᠤ᠂ 2010 ᠣᠨ ᠤ ᠬᠢ ᠠᠴᠠ 9.27% ᠪᠠᠷ ᠪᠠᠭᠤᠷᠠᠵᠤ᠂ ︽12·5︾ ᠶᠢᠨ | ᠲᠦᠯᠦᠪᠵᠢᠬᠦᠯᠭᠡ ᠶᠢᠨ ᠡᠭᠦᠷᠭᠡ ᠶᠢ 138% ᠪᠠᠷ ᠪᠡᠶᠡᠯᠡᠭᠦᠯᠪᠡ︔ ᠰᠢᠪᠲᠦᠷᠲᠦ ᠠᠽᠣᠲ ᠤᠨ | ᠭᠠᠳᠠᠭᠰᠢᠯᠠᠭᠤᠯᠤᠯᠲᠠ ᠶᠢᠨ ᠬᠡᠮᠵᠢᠶ᠎ᠡ ᠨᠢ 4.69 ᠲᠦᠮᠡᠨ ᠲᠣᠨ ᠪᠤᠯᠵᠤ᠂ 2010 ᠣᠨ ᠤ ᠬᠢ ᠠᠴᠠ 13. | 9% ᠪᠠᠷ ᠪᠠᠭᠤᠷᠠᠵᠤ᠂ ︽12·5︾ ᠶᠢᠨ ᠲᠦᠯᠦᠪᠵᠢᠬᠦᠯᠭᠡ ᠶᠢᠨ ᠡᠭᠦᠷᠭᠡ ᠶᠢ 143% ᠪᠠᠷ ᠪᠡᠶᠡᠯᠡᠭᠦᠯᠪᠡ︔ | ᠬᠦᠬᠦᠷ ᠤᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢᠨ ᠬᠡᠮᠵᠢᠶ᠎ᠡ ᠨᠢ 123.10 ᠲᠦᠮᠡᠨ ᠲᠣᠨ ᠪᠤᠯᠵᠤ᠂ | 2010 ᠣᠨ ᠤ ᠬᠢ ᠠᠴᠠ 11. 9% ᠪᠠᠷ ᠪᠠᠭᠤᠷᠠᠵᠤ᠂ ︽12·5︾ ᠶᠢᠨ ᠲᠦᠯᠦᠪᠵᠢᠬᠦᠯᠭᠡ ᠶᠢᠨ | ᠡᠭᠦᠷᠭᠡ ᠶᠢ 313% ᠪᠠᠷ ᠪᠡᠶᠡᠯᠡᠭᠦᠯᠪᠡ︔ ᠠᠽᠣᠲ ᠤᠨ ᠢᠰᠦᠯ ᠤᠨ ᠭᠠᠳᠠᠭᠰᠢᠯᠠᠭᠤᠯᠤᠯᠲᠠ ᠶᠢᠨ ᠬᠡᠮᠵᠢᠶ᠎ᠡ ᠨᠢ | 113.89 ᠲᠦᠮᠡᠨ ᠲᠣᠨ ᠪᠤᠯᠵᠤ᠂ 2010 ᠣᠨ ᠤ ᠬᠢ ᠠᠴᠠ 13.3% ᠪᠠᠷ ᠪᠠᠭᠤᠷᠠᠵᠤ᠂ ︽12·5︾ | ᠶᠢᠨ ᠲᠦᠯᠦᠪᠵᠢᠬᠦᠯᠭᠡ ᠶᠢᠨ ᠡᠭᠦᠷᠭᠡ ᠶᠢ 229% ᠪᠠᠷ ᠪᠡᠶᠡᠯᠡᠭᠦᠯᠪᠡ᠃ | ︽12·5︾ ᠶᠢᠨ ᠲᠦᠯᠦᠪᠵᠢᠬᠦᠯᠭᠡ ᠶᠢᠨ ᠰᠢᠷᠭᠠᠭᠤ ᠬᠠᠲᠠᠭᠤᠵᠢᠯᠲᠠᠶ ᠴᠢᠷᠮᠠᠶᠢᠯᠭ᠎ᠠ ᠪᠠᠷ ᠳᠠᠮᠵᠢᠨ᠂ | ᠪᠢᠳᠠ ᠤᠯᠤᠰ ᠠᠴᠠ ᠪᠠᠭᠤᠯᠭᠠᠭᠰᠠᠨ ᠪᠣᠬᠢᠷᠲᠤᠯ ᠪᠣᠳᠠᠰ ᠭᠠᠳᠠᠭᠰᠢᠯᠠᠭᠤᠯᠬᠤ ᠶᠢ ᠪᠠᠭᠠᠰᠬᠠᠬᠤ ᠡᠭᠦᠷᠭᠡ ᠶᠢ ᠲᠡᠭᠦᠰ | ᠠᠮᠵᠢᠯᠲᠠ ᠲᠠᠢ ᠪᠡᠶᠡᠯᠡᠭᠦᠯᠦᠭᠰᠡᠨ ᠮᠦᠷᠲᠡᠭᠡᠨ ᠪᠥᠬᠦ ᠣᠷᠣᠨ ᠤ ᠠᠵᠤ ᠠᠬᠤᠶ ᠨᠡᠶᠢᠭᠡᠮ ᠤᠨ ᠴᠢᠨᠠᠷᠯᠢᠭ ᠪᠥᠭᠡᠳ | ᠲᠦᠷᠭᠡᠨ ᠬᠦᠭᠵᠢᠯᠲᠡ ᠶᠢ ᠬᠦᠴᠦᠲᠡᠶ ᠠᠬᠢᠭᠤᠯᠪᠠ᠃ ᠪᠣᠬᠢᠷᠲᠤᠯ ᠪᠣᠳᠠᠰ ᠭᠠᠳᠠᠭᠰᠢᠯᠠᠭᠤᠯᠬᠤ ᠶᠡᠷᠦᠩᠬᠡᠶ | ᠬᠡᠮᠵᠢᠶ᠎ᠡ ᠶᠢ ᠪᠠᠭᠠᠰᠬᠠᠭᠰᠠᠨ ᠶᠠᠪᠤᠳᠠᠯ ᠨᠢ ᠠᠵᠤ ᠦᠢᠯᠡᠰ ᠤᠨ ᠪᠦᠲᠦᠴᠡ ᠶᠢ ᠲᠣᠬᠢᠷᠠᠭᠤᠯᠬᠤ ᠪᠠ | ᠰᠢᠯᠢᠳᠡᠭᠵᠢᠬᠦᠯᠬᠦ ᠳᠤ ᠲᠦᠯᠬᠢᠨ ᠠᠬᠢᠭᠤᠯᠣᠬᠴᠢ ᠦᠢᠯᠡᠳᠦᠯ ᠢ ᠬᠦᠢᠴᠡᠳ ᠪᠠᠳᠠᠷᠠᠭᠤᠯᠤᠭᠰᠠᠨ ᠤ ᠵᠡᠷᠭᠡᠴᠡᠭᠡᠪᠡᠷ | ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠰᠢᠯᠢᠳᠡᠭᠵᠢᠨ ᠬᠦᠭᠵᠢᠬᠦ ᠳᠤ ᠣᠷᠣᠨ ᠵᠠᠶ ᠭᠠᠷᠭᠠᠨ | ᠦᠭᠪᠡ᠃ ᠪᠣᠬᠢᠷᠲᠤᠯ ᠪᠣᠳᠠᠰ ᠭᠠᠳᠠᠭᠰᠢᠯᠠᠭᠤᠯᠬᠤ ᠶᠢ ᠪᠠᠭᠠᠰᠬᠠᠬᠤ ᠬᠢᠨᠠᠨ ᠰᠢᠯᠭᠠᠯᠲᠠ ᠶᠢ ᠶᠡᠬᠡᠪᠡᠷ ᠬᠡᠷᠡᠭᠵᠢᠭᠦᠯᠵᠦ᠂ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠮᠰᠠᠷ ᠢ ᠪᠦᠬᠦ ᠲᠠᠯ᠎ᠠ ᠪᠠᠷ ᠳᠡᠭᠡᠭᠰᠢᠯᠡᠭᠦᠯᠦᠭᠰᠡᠨ ᠢᠶᠠᠷ ᠣᠷᠴᠢᠨ | ᠲᠣᠭᠤᠷᠢᠨ ᠢ ᠬᠠᠮᠠᠭᠠᠯᠠᠬᠤ ᠠᠵᠢᠯ ᠤᠨ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠠᠷᠠᠳ ᠤᠯᠠᠨ ᠤ | ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠳᠠᠬᠢ ᠴᠢᠬᠤᠯᠠ ᠴᠢᠨᠠᠷ ᠨᠡᠩ ᠲᠤᠪᠤᠶᠢᠮ᠎ᠠ ᠪᠤᠯᠵᠤ᠂ | ᠥᠪᠡᠷᠲᠡᠭᠡᠨ ᠵᠠᠰᠠᠬᠤ ᠣᠷᠣᠨ ᠠᠴᠠ ᠠᠪᠤᠭᠠᠳ ᠠᠶᠢᠮᠠᠭ ᠬᠤᠳᠠ᠂ ᠬᠤᠰᠢᠭᠤ ᠰᠢᠶᠠᠨ ᠲᠣᠭᠤᠷᠢᠭ ᠬᠦᠷᠲᠡᠯ᠎ᠡ | ᠪᠣᠬᠢᠷᠲᠤᠯ ᠪᠣᠳᠠᠰ ᠭᠠᠳᠠᠭᠰᠢᠯᠠᠭᠤᠯᠬᠤ ᠶᠢ ᠪᠠᠭᠠᠰᠬᠠᠬᠤ ᠠᠵᠢᠯ ᠢ ᠴᠦᠮ ᠠᠷᠠᠳ ᠤᠨ ᠠᠮᠢᠳᠤᠷᠠᠯ ᠤᠨ | ᠢᠨᠵᠧᠨᠧᠷᠢᠩ ᠤᠨ ᠨᠢᠭᠡ ᠶᠢ ᠨᠢ ᠪᠤᠯᠭᠠᠭᠰᠠᠨ ᠪᠠᠶᠢᠨ᠎ᠠ᠃ |