ᠥᠪᠥᠷ ᠮᠣᠩᠭᠤᠯ ᠰᠢᠶᠠᠩ ᠪᠠᠯᠭᠠᠰᠤᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠥᠷᠲᠡᠭᠡ ᠪᠠᠶᠢᠭᠤᠯᠵᠤ ᠬᠥᠳᠡᠭᠡ ᠲᠣᠰᠬᠤᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠡ᠊ᠨᠳᠡᠯ ᠭᠠᠷᠬᠤ ᠶᠢ ᠰᠡᠷᠭᠡᠶᠢᠯᠡᠵᠦ ᠪᠣᠢ
ᠨᠡᠶᠢᠲᠡᠯᠡᠭᠰᠡᠨ ᠴᠠᠭ᠄
2016/6/2
     ᠬᠥᠳᠡᠭᠡ ᠲᠣᠰᠬᠤᠨ ᠤ ᠵᠠᠮ ᠬᠠᠷᠢᠯᠴᠠᠭᠠᠨ ᠤ ᠠᠳᠡᠯ ᠭᠠᠷᠬᠤ ᠶᠢ ᠤᠷᠢᠳᠴᠢᠯᠠᠨ ᠰᠡᠷᠭᠡᠶᠢᠯᠡᠬᠦ ᠪᠠ ᠪᠠᠭᠠᠰᠬᠠᠵᠤ᠂ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠲᠦᠯᠬᠢᠨ ᠠᠬᠢᠭᠤᠯᠬᠤ ᠶᠢᠨ ᠲᠤᠰᠠᠳᠠ᠂ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠰᠢᠶᠠᠩ ᠪᠠᠯᠭᠠᠰᠤᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠥᠷᠲᠡᠭᠡ᠂ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠢᠳᠬᠠᠨ ᠵᠢᠯᠣᠭᠤᠳᠬᠤ ᠦᠷᠳᠡᠭᠡ ᠪᠠᠶᠢᠭᠤᠯᠬᠤ ᠡᠷᠴᠢᠮ ᠢᠶᠠᠨ ᠴᠢᠩᠭᠠᠷᠠᠭᠤᠯᠵᠤ ᠪᠣᠢ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠵᠠᠮ ᠬᠠᠷᠢᠯᠴᠠᠭᠠᠨ ᠤ ᠲᠣᠪᠴᠢᠶ᠎ᠠ ᠶᠢᠨ ᠮᠡᠳᠡᠭᠡ ᠠᠴᠠ ᠦᠵᠡᠪᠡᠯ᠂ 2015 ᠣᠨ ᠤ ᠡᠬᠢᠨ ᠳᠤ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠣᠪᠴᠢᠶ᠎ᠠ ᠠᠴᠠ ︽ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠠᠬᠢᠭᠤᠯᠬᠤ ᠲᠤᠬᠠᠶ ᠮᠡᠳᠡᠭᠳᠡᠯ︾ ᠳᠠᠷᠤᠮᠠᠯᠯᠠᠨ ᠲᠠᠷᠬᠠᠭᠠᠵᠤ᠂ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠤᠨ ᠲᠤᠬᠠᠶ ᠲᠣᠳᠣᠷᠬᠠᠶ ᠱᠠᠭᠠᠷᠳᠠᠯᠭ᠎ᠠ ᠳᠤᠷᠠᠳᠴᠠᠶ᠃ ᠨᠢᠭᠡ ᠵᠢᠯ ᠭᠠᠷᠤᠶ ᠶᠢᠨ ᠴᠢᠷᠮᠠᠶᠢᠯᠭ᠎ᠠ ᠪᠠᠷ ᠳᠠᠮᠵᠢᠭᠤᠯᠤᠨ᠂ ᠣᠳᠣᠬᠠᠨ ᠳᠤ᠂ ᠪᠦᠬᠦ ᠣᠷᠣᠨ ᠤ 90 %᠎ ᠠᠴᠠ ᠳᠡᠭᠡᠭᠰᠢᠬᠢ ᠰᠢᠶᠠᠩ ᠪᠠᠯᠭᠠᠰᠤᠨ ᠳᠤ ᠵᠠᠮ ᠬᠠᠷᠢᠯᠴᠠᠭᠠᠨ ᠤ ᠠᠮᠤᠷ ᠢ ᠬᠠᠮᠠᠭᠠᠯᠠᠭᠴᠢ ᠲᠣᠬᠢᠷᠠᠭᠤᠯᠵᠤ᠂ 80 %᠎ ᠠᠴᠠ ᠳᠡᠭᠡᠭᠰᠢᠬᠢ ᠵᠠᠰᠠᠭ ᠵᠠᠬᠢᠷᠭᠠᠨ ᠤ ᠲᠣᠰᠬᠤᠨ ᠳᠤ ᠬᠠᠮᠢᠶᠠᠷᠤᠭᠴᠢᠳ ᠲᠣᠬᠢᠷᠠᠭᠤᠯᠪᠠ᠃ ᠪᠥᠬᠦ ᠣᠷᠣᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠮᠠᠯᠵᠢᠬᠤ ᠲᠠᠷᠢᠶᠠᠯᠠᠬᠤ ᠣᠷᠣᠨ ᠎ ᠳᠤ ᠰᠡᠷᠡᠮᠵᠢᠯᠡᠭᠦᠯᠬᠦ ᠢᠯᠡᠳᠬᠡᠮᠵᠢ ᠶᠢᠨ 4207 ᠫᠠᠶᠢᠰᠠ ᠲᠣᠬᠢᠷᠠᠭᠤᠯᠵᠤ᠂ 3968 ᠤᠳᠠᠭᠠᠰᠢᠷᠠᠭᠤᠯᠬᠤ ᠰᠠᠭᠠᠳ ᠤᠭᠰᠠᠷᠠᠭᠤᠯᠵᠤ᠂ 6478 ᠮᠧᠲᠷ ᠮᠥᠷᠭᠦᠬᠦ ᠰᠡᠷᠭᠡᠶᠢᠯᠡᠯᠲᠡ ᠶᠢᠨ ᠬᠡᠷᠡᠮ ᠪᠠᠶᠢᠭᠤᠯᠪᠠ᠃ ᠡᠭᠦᠨ ᠤ ᠬᠠᠮᠲᠤ᠂ ᠪᠥᠬᠦ ᠣᠷᠣᠨ ᠤ ᠬᠥᠳᠡᠭᠡ ᠲᠣᠰᠬᠤᠨ ᠤ ᠳᠤᠮᠳᠠ ᠰᠠᠭᠤᠳᠠᠯᠲᠤ ᠲᠡᠷᠭᠡ ᠶᠢᠨ ᠠᠶᠠᠨᠴᠢᠳ ᠲᠡᠭᠡᠭᠡᠬᠦ ᠰᠡᠷᠡᠮᠵᠢᠯᠡᠭᠦᠯᠬᠦ ᠳᠡᠮᠳᠡᠭ ᠨᠠᠭᠠᠬᠤ᠂ ᠮᠣᠲ᠋ᠣᠷ ᠲᠡᠷᠭᠡᠨ ᠤ ᠳᠤᠭᠤᠯᠠᠭ᠎ᠠ ᠵᠡᠭᠦᠬᠦ ᠨᠤᠷᠮ᠎ᠠ ᠶᠢ 90 %᠎ ᠠᠴᠠ ᠳᠡᠭᠡᠭᠰᠢ ᠳᠤ ᠬᠦᠷᠭᠡᠵᠦ᠂ ᠡᠯ᠎ᠡ ᠭᠠᠵᠠᠷ ᠡᠯ᠎ᠡ ᠵᠦᠢᠯ ᠤᠨ ᠬᠡᠯᠪᠡᠷᠢ ᠪᠠᠷ ᠮᠠᠯᠴᠢᠨ ᠲᠠᠷᠢᠶᠠᠴᠢᠨ ᠤ ᠵᠠᠮ ᠬᠠᠷᠢᠯᠴᠠᠭᠠᠨ ᠤ ᠠᠮᠤᠷ ᠲᠥᠪᠰᠢᠨ ᠢ ᠬᠠᠮᠠᠭᠠᠯᠠᠬᠤ ᠬᠥᠮᠥᠵᠢᠯ ᠬᠢᠭᠰᠡᠨ ᠨᠣᠷᠮ᠎ᠠ ᠶᠢ 100 %᠎ ᠳᠤ ᠬᠦᠷᠭᠡᠪᠡ᠃ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠠᠴᠠ ᠦᠵᠡᠪᠡᠯ᠂ 2015 ᠣᠨ ᠳᠤ᠂ ᠥᠪᠥᠷ ᠮᠣᠩᠭᠤᠯ ᠤᠨ ᠰᠢᠶᠠᠨ ᠰᠢᠶᠠᠩ ᠤᠨ ᠵᠠᠮ ᠬᠠᠷᠢᠯᠴᠠᠭᠠᠨ ᠤ ᠠᠳᠡᠯ ᠤᠨ ᠲᠤᠭ᠎ᠠ᠂ ᠠᠳᠡᠭᠰᠡᠨ ᠬᠥᠮᠦᠨ ᠤ ᠲᠤᠭ᠎ᠠ᠂ ᠭᠡᠮᠲᠦᠭᠰᠡᠨ ᠬᠦᠮᠣᠠ ᠤ ᠲᠤᠭ᠎ᠠ ᠪᠠ ᠡᠳ᠋ ᠬᠦᠷᠦᠩᠭᠡ ᠶᠢᠨ ᠬᠤᠬᠢᠷᠠᠯ ᠨᠢ 2014 ᠣᠨ ᠤ ᠬᠢ ᠠᠴᠠ ᠲᠤᠰ ᠲᠤᠰ 5.87 %᠂ 0.4 %᠂ 11 % ᠪᠠ 68.15 %᠎ ᠪᠠᠷ ᠪᠠᠭᠠᠰᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号