ᠠᠷᠠᠳ ᠤᠨ ᠳᠤᠮᠳᠠᠬᠢ ᠪᠡᠯᠡ ᠤᠷᠤᠭᠤᠯᠤᠯᠳᠠ ᠶᠢᠨ ᠨᠢᠭᠤᠭᠳᠠᠮᠠᠯ ᠬᠦᠴᠦᠨ ᠪᠠ ᠰᠢᠨ᠎ᠠ ᠶᠢ ᠡᠭᠦᠳᠭᠦ ᠠᠮᠢᠵᠢᠷᠠᠯ ᠤᠨ ᠬᠦᠴᠦᠨ ᠢ ᠴᠢᠷᠮᠠᠶᠢᠨ ᠬᠦᠭᠵᠢᠭᠡᠨ᠎ᠠ — ᠦᠪᠡᠷᠳᠡᠭᠡᠨ ᠵᠠᠰᠠᠬᠤ ᠤᠷᠤᠨ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠠᠴᠠ ᠮᠠᠨ ᠤ ᠤᠷᠤᠨ ᠤ ᠠᠷᠠᠳ ᠤᠨ ᠳᠤᠮᠳᠠᠬᠢ ᠪᠡᠯᠡ ᠤᠷᠤᠭᠤᠯᠤᠯᠳᠠ ᠶᠢ ᠬᠡᠷᠬᠢᠨ ᠠᠬᠢᠭᠤᠯᠬᠤ ᠳᠤᠬᠠᠢ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠤᠭᠰᠠᠨ ᠨᠢ ︵ᠳᠤᠤᠷᠠᠳᠤ︶
ᠨᠡᠶᠢᠲᠡᠯᠡᠭᠰᠡᠨ ᠴᠠᠭ᠄
2016/6/2
      ᠰᠤᠷᠪᠤᠯᠵᠢᠯᠠᠭᠴᠢ᠄ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠠᠴᠠ ︽ᠪᠠᠭ᠎ᠠ ᠵᠢᠵᠢᠭ ᠠᠵᠤ ᠠᠬᠤᠢᠢᠯᠠᠯ ᠤᠨ ᠬᠦᠭᠵᠢᠯᠳᠡ ᠶᠢ ᠲᠦᠷᠭᠡᠳᠭᠡᠬᠦ ᠶᠢ ᠴᠢᠨᠠᠭᠰᠢᠳᠠ ᠲᠡᠳᠬᠦᠬᠦ ᠳᠤᠬᠠᠢ ᠨᠠᠢᠮᠠᠨ ᠵᠤᠷᠪᠤᠰ ᠠᠷᠭ᠎ᠠ ᠬᠡᠮᠵᠢᠶ᠎ᠠ︾ ᠶᠢ ᠳᠤᠭᠳᠠᠭᠠᠬᠰᠠᠨ ᠨᠢ ᠮᠠᠨ ᠤ ᠤᠷᠤᠨ ᠤ ᠠᠷᠠᠳ ᠤᠨ ᠳᠤᠮᠳᠠᠬᠢ ᠪᠡᠯᠡ ᠤᠷᠤᠭᠤᠯᠤᠯᠤᠳᠠ ᠶᠢ ᠠᠬᠢᠭᠤᠯᠬᠤ ᠳᠤ ᠶᠠᠮᠠᠷ ᠰᠢᠤ ᠦᠢᠯᠡᠳᠦᠯ ᠭᠠᠷᠭᠠᠭᠰᠠᠨ ᠪᠤᠢ︖      ᠸᠠᠩ ᠪᠢᠩ ᠵᠢᠶᠦ᠋ᠨ ︵ᠦᠪᠡᠷᠳᠡᠭᠡᠨ ᠵᠠᠰᠠᠬᠤ ᠤᠷᠤᠨ ᠤ ᠠᠵᠤ ᠠᠬᠤᠢ ᠪᠠ ᠮᠡᠳᠡᠭᠡ ᠵᠠᠩᠬᠢᠵᠢᠯᠳᠡ ᠶᠢᠨ ᠵᠦᠪᠯᠡᠯ ᠤᠨ ᠡᠷᠬᠢᠯᠡᠭᠴᠢ︶᠄ ᠭᠤᠤᠯᠳᠠᠭᠤ ᠵᠦᠪᠰᠢᠶᠡᠷᠡᠯ ᠤᠯᠬᠤ ᠬᠢᠵᠠᠭᠠᠷᠯᠠᠯ ᠢ ᠰᠤᠯᠠᠳᠬᠠᠵᠤ᠂ ᠭᠠᠶᠢᠯᠢ ᠰᠦᠢᠳᠭᠡᠯ ᠢ ᠬᠠᠰᠤᠵᠤ ᠬᠡᠯᠳᠦᠷᠢᠭᠦᠯᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠪᠡᠯᠡ ᠬᠤᠷᠠᠮᠳᠤᠭᠤᠯᠬᠤ ᠦᠢᠯᠡᠴᠢᠯᠡᠭᠡ ᠶᠢᠨ ᠰᠢᠨ᠎ᠠ ᠶᠢ ᠡᠭᠦᠳᠴᠦ᠂ ᠤᠶᠤᠳᠠᠳ ᠤᠨ ᠦᠢᠯᠡᠰ ᠪᠤᠰᠬᠠᠵᠤ ᠰᠢᠨ᠎ᠠ ᠶᠢ ᠡᠭᠦᠳᠭᠦ ᠶᠢ ᠵᠤᠷᠢᠭᠵᠢᠭᠤᠯᠵᠤ᠂ ᠠᠵᠢᠯ ᠤᠯᠭᠤᠬᠤ ᠪᠠᠳᠤᠯᠠᠪᠤᠷᠢ ᠶᠢ ᠴᠢᠩᠭᠠᠳᠬᠠᠵᠤ᠂ ᠤᠯᠠᠨ ᠨᠡᠶᠢᠳᠡ ᠶᠢᠨ ᠦᠢᠯᠡᠴᠢᠯᠡᠭᠡ ᠶᠢ ᠴᠢᠩᠭᠠᠳᠬᠠᠵᠤ᠂ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠳᠠ ᠶᠢ ᠳᠡᠮᠵᠢᠵᠤ᠂ ᠮᠡᠳᠡᠭᠡ ᠵᠠᠩᠬᠢ ᠶᠢᠨ ᠳᠠᠪᠴᠠᠩ  ᠢ ᠳᠡᠭᠦᠯᠳᠡᠷᠵᠢᠭᠦᠯᠵᠤ᠂ ᠳᠤᠮᠳᠠ ᠪᠠᠭ᠎ᠠ ᠵᠢᠵᠢᠭ ᠠᠵᠤ ᠠᠬᠤᠢᠢᠯᠠᠯ ᠤᠨ ᠭᠦᠭᠵᠢᠯᠳᠡ ᠳᠤ ᠨᠦᠭᠦᠴᠡᠯ ᠪᠦᠷᠢᠯᠳᠦᠭᠦᠯᠦᠨ ᠦᠭᠴᠦ᠂ ᠠᠷᠠᠳ ᠤᠨ ᠳᠤᠮᠳᠠᠬᠢ ᠪᠡᠯᠡ ᠤᠷᠤᠭᠤᠯᠤᠯᠳᠠ ᠶᠢᠨ ᠠᠮᠢᠵᠢᠷᠠᠯ ᠤᠨ ᠬᠦᠴᠦᠨ ᠢ ᠬᠦᠭᠵᠢᠭᠡᠪᠡ᠃      ᠰᠤᠷᠪᠤᠯᠵᠢᠯᠠᠭᠴᠢ᠄ ᠮᠦᠩᠭᠦᠨ ᠬᠦᠢᠯᠭᠡᠭᠡ ᠪᠠᠷ ᠠᠷᠠᠳ ᠤᠨ ᠳᠤᠮᠳᠠᠬᠢ ᠪᠡᠯᠡ ᠤᠷᠤᠭᠤᠯᠤᠯᠳᠠ ᠪᠠ ᠠᠷᠠᠳ  ᠤᠨ ᠳᠤᠮᠳᠠᠬᠢ ᠪᠡᠯᠡ ᠤᠷᠤᠭᠤᠯᠤᠯᠳᠠ ᠶᠢᠨ ᠵᠠᠮ ᠢ ᠰᠢᠯᠤᠭᠤᠳᠬᠠᠬᠤ ᠶᠢ ᠲᠡᠮᠵᠢᠬᠦ ᠳᠠᠯ᠎ᠠ ᠳᠤ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠭᠤᠤᠯᠳᠠᠭᠤ ᠶᠠᠮᠠᠷ ᠠᠷᠭ᠎ᠠ ᠬᠡᠮᠵᠢᠶ᠎ᠠ ᠠᠪᠤᠭᠰᠠᠨ ᠪᠤᠢ︖      ᠵᠢᠶᠠᠩ ᠬᠤᠸᠠ ︵ᠦᠪᠡᠷᠳᠡᠭᠡᠨ ᠵᠠᠰᠠᠬᠤ ᠤᠷᠤᠨ ᠤ ᠮᠦᠩᠭᠦᠨ ᠬᠦᠢᠯᠭᠡᠭᠡᠨ ᠤ ᠠᠯᠪᠠᠨ ᠬᠡᠷ ᠤᠨ ᠡᠷᠬᠢᠯᠡᠭᠴᠢ ︶᠄ ᠭᠤᠤᠯᠳᠠᠭᠤ ︽ᠳᠠᠪᠤᠨ ᠬᠦᠳᠦᠯᠦᠨ ᠳᠠᠭᠠᠭᠤᠯᠬᠤ︾ ᠪᠠᠷ ᠭᠠᠷᠳᠠᠴᠠ ᠪᠤᠯᠭᠠᠵᠤ᠂ ᠠᠷᠠᠳ ᠤᠨ ᠳᠤᠮᠳᠠᠬᠢ ᠪᠡᠯᠡ ᠤᠷᠤᠭᠤᠯᠤᠯᠳᠠ ᠶᠢᠨ ᠵᠠᠮ ᠢ ᠰᠢᠯᠤᠭᠤᠳᠬᠠᠪᠠ᠄ ᠠᠷᠠᠳ ᠤᠨ ᠳᠤᠮᠳᠠᠬᠢ ᠡᠳ᠋ ᠬᠦᠷᠦᠩᠭᠡ ᠶᠢ ᠤᠷᠤᠨ ᠨᠤᠳᠤᠭ ᠤᠨ ᠮᠦᠩᠭᠦᠨ ᠬᠦᠢᠯᠭᠡᠭᠡ ᠳᠤ ᠤᠷᠤᠭᠤᠯᠬᠤ ᠶᠢ ᠬᠦᠳᠦᠯᠦᠨ ᠳᠠᠭᠠᠭᠤᠯᠵᠤ᠂ ᠤᠷᠤᠨ ᠨᠤᠳᠤᠭ ᠤᠨ ᠮᠦᠩᠭᠦᠨ ᠬᠦᠢᠯᠭᠡᠭᠡᠨ  ᠤ ᠪᠠᠶᠢᠭᠤᠯᠤᠮᠵᠢ ᠶᠢᠨ ᠦᠢᠯᠡᠳᠦᠯ ᠢ ᠬᠦᠢᠴᠡᠳ ᠪᠠᠳᠠᠷᠠᠭᠤᠯᠤᠨ᠂ ᠠᠷᠠᠳ ᠠᠴᠠ ᠡᠵᠡᠩᠨᠡᠭᠰᠡᠨ ᠡᠳ᠋ ᠬᠦᠷᠦᠩᠭᠡ ᠶᠢ ᠳᠠᠳᠠᠵᠤ ᠮᠦᠩᠭᠦᠨ ᠬᠦᠢᠯᠭᠡᠭᠡᠨ ᠤ ᠬᠦᠷᠢᠶ᠎ᠠ ᠴᠠᠷᠠᠭ᠎ᠠ ᠳᠤ ᠤᠷᠤᠭᠤᠯᠬᠤ ᠶᠢᠨ ᠳᠠᠭᠠᠤ ᠵᠢᠭᠡᠯᠡᠯᠭᠡ ᠳᠠᠯᠪᠢᠬᠤ ᠵᠡᠷᠭᠡ ᠠᠵᠢᠯ ᠲᠦᠷᠦᠯ ᠢᠶᠠᠷ ᠪᠠᠭ᠎ᠠ ᠵᠢᠵᠢᠭ ᠠᠵᠤ ᠠᠬᠤᠢᠢᠯᠠᠯ ᠤᠨ ᠭᠦᠭᠵᠢᠯᠳᠡ ᠶᠢ ᠳᠡᠮᠵᠢᠪᠡ︔ ᠠᠷᠠᠳ ᠤᠨ ᠳᠤᠮᠳᠠᠬᠢ ᠵᠢᠭᠡᠯᠡᠯᠭᠡ ᠳᠠᠯᠪᠢᠬᠤ ᠶᠢ ᠢᠯᠡ ᠪᠤᠯᠭᠠᠬᠤ ᠶᠢ ᠬᠦᠳᠦᠯᠦᠨ ᠳᠠᠭᠠᠭᠤᠯᠪᠠ︔ ᠠᠷᠠᠳ ᠠᠴᠠ ᠡᠵᠡᠩᠨᠡᠭᠰᠡᠨ ᠡᠳ᠋ ᠬᠦᠷᠦᠩᠭᠡ ᠶᠢ ᠪᠡᠯᠡ ᠬᠤᠷᠠᠮᠳᠤᠭᠤᠯᠬᠤ ᠴᠢᠨᠠᠷᠳᠠᠢ ᠪᠠᠳᠤᠯᠠᠭᠠᠨ ᠤ ᠬᠦᠷᠢᠶ᠎ᠠ ᠴᠠᠷᠠᠭ᠎ᠠ ᠳᠤ ᠤᠷᠤᠬᠤ ᠶᠢ ᠬᠦᠳᠦᠯᠦᠨ ᠳᠠᠭᠠᠭᠤᠯᠪᠠ︔ ᠠᠷᠠᠳ ᠤᠨ ᠳᠤᠮᠳᠠᠬᠢ ᠡᠳ᠋ ᠬᠦᠷᠦᠩᠭᠡ ᠶᠢ ᠤᠷᠤᠨ ᠪᠦᠰᠡ ᠶᠢᠨ ᠴᠢᠨᠠᠷᠳᠠᠢ ᠰᠲ᠋ᠤᠺ ᠤᠨ ᠡᠷᠭᠡ ᠶᠢᠨ ᠵᠠᠬ᠎ᠠ ᠳᠡᠯᠭᠡᠭᠦᠷ ᠲᠤ ᠤᠷᠤᠬᠤ ᠶᠢ ᠬᠦᠳᠦᠯᠦᠨ ᠳᠠᠭᠠᠭᠤᠯᠵᠤ᠂ ᠠᠷᠠᠳ ᠤᠨ ᠳᠤᠮᠳᠠᠬᠢ ᠪᠡᠯᠡ ᠤᠷᠤᠭᠤᠯᠬᠤ ᠪᠡᠯᠡ ᠬᠤᠷᠠᠮᠳᠤᠭᠤᠯᠬᠤ ᠳᠤ ᠤᠷᠤᠨ ᠪᠦᠰᠡ ᠶᠢᠨ ᠰᠤᠯᠢᠯᠴᠠᠭᠠᠨ ᠤ ᠳᠠᠪᠴᠠᠩ ᠬᠠᠩᠭᠠᠪᠠ︔ ᠠᠷᠠᠳ ᠤᠨ ᠳᠤᠮᠳᠠᠬᠢ ᠡᠳ᠋ ᠬᠦᠷᠦᠩᠭᠡ ᠪᠠᠷ ᠰᠲ᠋ᠤᠺ ᠤᠨ ᠡᠷᠭᠡ ᠶᠢᠨ ᠪᠡᠯᠡ ᠤᠷᠤᠭᠤᠯᠤᠯᠳᠠ ᠬᠢᠭᠦ ᠶᠢ ᠬᠦᠳᠦᠯᠦᠨ ᠳᠠᠭᠠᠭᠤᠯᠵᠤ᠂ ᠡᠳ᠋ ᠬᠦᠷᠦᠩᠭᠡ ᠶᠢᠨ ᠵᠠᠬ᠎ᠠ ᠳᠡᠯᠭᠡᠭᠦᠷ ᠲᠤ ᠤᠷᠤᠵᠤ᠂ ᠰᠢᠭᠤᠳ ᠪᠡᠯᠡ ᠬᠤᠷᠠᠮᠳᠤᠭᠤᠯᠬᠤ ᠬᠡᠪᠴᠢᠶ᠎ᠠ ᠶᠢ ᠥᠷᠭᠡᠳᠬᠡᠪᠡ᠃      ᠰᠤᠷᠪᠤᠯᠵᠢᠯᠠᠭᠴᠢ᠄ ᠠᠷᠠᠳ ᠤᠨ ᠳᠤᠮᠳᠠᠬᠢ ᠦᠪᠡᠷ ᠵᠠᠭᠤᠷ᠎ᠠ ᠪᠠᠨ ᠴᠤᠭᠯᠠᠭᠤᠯᠬᠤ ᠰᠲ᠋ᠤᠺ ᠤᠨ ᠡᠷᠭᠡ ᠶᠢᠨ ᠰᠠᠭᠤᠷᠢ ᠮᠦᠩᠭᠦᠨ ᠤ ᠪᠡᠯᠡ ᠤᠷᠤᠭᠤᠯᠬᠤ ᠶᠢ ᠳᠡᠮᠵᠢᠭᠦ ᠪᠤᠯ ᠨᠢᠭᠡᠨ ᠴᠢᠬᠤᠯᠠ ᠭᠤᠭᠴᠤᠭ᠎ᠠ ᠪᠤᠯᠤᠨ᠎ᠠ᠂ ᠦᠪᠡᠷᠳᠡᠭᠡᠨ ᠵᠠᠰᠠᠬᠤ ᠤᠷᠤᠨ ᠠᠴᠠ ᠶᠠᠮᠠᠷ ᠶᠠᠮᠠᠷ ᠠᠷᠭ᠎ᠠ ᠬᠡᠮᠵᠢᠶ᠎ᠠ ᠠᠪᠴᠦ ᠦᠪᠡᠷ ᠵᠠᠭᠤᠷ᠎ᠠ ᠪᠠᠨ ᠴᠤᠭᠯᠠᠭᠤᠯᠬᠤ ᠰᠲ᠋ᠤᠺ ᠤᠨ ᠡᠷᠭᠡ ᠶᠢᠨ ᠰᠠᠭᠤᠷᠢ ᠮᠦᠩᠭᠦᠨ ᠤ ᠬᠦᠭᠵᠢᠯᠳᠡ ᠶᠢ ᠳᠡᠮᠵᠢᠵᠤ ᠪᠠᠶᠢᠬᠤ ᠪᠤᠢ︖      ᠵᠢᠶᠠᠩ ᠬᠤᠸᠠ ︵ᠦᠪᠡᠷᠳᠡᠭᠡᠨ ᠵᠠᠰᠠᠬᠤ ᠤᠷᠤᠨ ᠤ ᠮᠦᠩᠭᠦᠨ ᠬᠦᠢᠯᠭᠡᠭᠡᠨ ᠤ ᠠᠯᠪᠠᠨ ᠬᠡᠷ ᠤᠨ ᠡᠷᠬᠢᠯᠡᠭᠴᠢ ︶᠄ 2015 ᠣᠨ ᠤ 10 ᠳ᠋ᠤᠭᠠᠷ ᠰᠠᠷ᠎ᠠ ᠳᠤ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠠᠯᠪᠠᠨ ᠳᠢᠩᠬᠢᠮ ︽ᠦᠪᠡᠷᠳᠡᠭᠡᠨ ᠵᠠᠰᠠᠬᠤ ᠤᠷᠤᠨ ᠤ ᠦᠪᠡᠷ ᠵᠠᠭᠤᠷ᠎ᠠ ᠪᠠᠨ ᠴᠤᠭᠯᠠᠭᠤᠯᠬᠤ ᠰᠲ᠋ᠤᠺ ᠤᠨ ᠡᠷᠭᠡ ᠶᠢᠨ ᠪᠡᠯᠡ ᠤᠷᠤᠭᠤᠯᠤᠯᠳᠠ ᠶᠢᠨ ᠰᠠᠭᠤᠷᠢ ᠮᠦᠩᠭᠦ ᠶᠢ ᠪᠤᠢ ᠪᠤᠯᠭᠠᠬᠤ ᠲᠦᠰᠦᠯ ᠤᠨ ᠳᠤᠬᠠᠢ ᠮᠡᠳᠡᠭᠳᠡᠯ︾ ᠳᠤᠭᠳᠠᠭᠠᠵᠤ᠂ ᠦᠪᠡᠷ ᠵᠠᠭᠤᠷ᠎ᠠ ᠪᠠᠨ ᠴᠤᠭᠯᠠᠭᠤᠯᠬᠤ ᠰᠲ᠋ᠤᠺ ᠤᠨ ᠡᠷᠭᠡ ᠶᠢᠨ ᠪᠡᠯᠡ ᠤᠷᠤᠭᠤᠯᠤᠯᠳᠠ ᠶᠢᠨ ᠰᠠᠭᠤᠷᠢ ᠮᠦᠩᠭᠦᠨ ᠤ ᠵᠠᠬ᠎ᠠ ᠳᠡᠯᠭᠡᠭᠦᠷ ᠤᠨ ᠭᠤᠤᠯ ᠴᠤᠭᠴᠠ ᠶᠢ ᠬᠦᠮᠦᠵᠢᠭᠦᠯᠬᠦ ᠠᠵᠢᠯ᠂ ᠴᠢᠳᠠᠪᠤᠷᠢᠳᠠᠨ ᠤ ᠡᠩᠨᠡᠭᠡ ᠶᠢᠨ ᠪᠠᠶᠢᠭᠤᠯᠤᠯᠳᠠ᠂ ᠵᠤᠬᠢᠴᠠᠭᠤᠯᠭ᠎ᠠ ᠶᠢᠨ ᠪᠠᠶᠢᠭᠤᠯᠤᠮᠵᠢ ᠵᠡᠷᠭᠡ ᠵᠢᠷᠭᠤᠭᠠᠨ ᠳᠠᠯ᠎ᠠ ᠶᠢᠨ ᠪᠤᠳᠠᠳᠠᠢ ᠠᠷᠭ᠎ᠠ ᠬᠡᠮᠵᠢᠶ᠎ᠠ ᠠᠪᠴᠦ ᠦᠪᠡᠷ ᠵᠠᠭᠤᠷ᠎ᠠ ᠪᠠᠨ ᠴᠤᠭᠯᠠᠭᠤᠯᠬᠤ ᠰᠲ᠋ᠤᠺ ᠤᠨ ᠡᠷᠭᠡ ᠶᠢᠨ ᠰᠠᠭᠤᠷᠢ ᠮᠦᠩᠭᠦᠨ ᠤ ᠬᠦᠭᠵᠢᠯᠳᠡ ᠶᠢ ᠳᠡᠮᠵᠢᠵᠤ ᠪᠤᠢ᠃      ᠰᠤᠷᠪᠤᠯᠵᠢᠯᠠᠭᠴᠢ᠄ ᠪᠡᠯᠡ ᠬᠤᠷᠠᠮᠳᠤᠭᠤᠯᠭ᠎ᠠ ᠶᠢ ᠪᠠᠳᠤᠯᠠᠨ ᠲᠠᠭᠠᠭᠠᠬᠤ ᠠᠵᠢᠯ ᠲᠦᠷᠦᠯ ᠢ ᠬᠦᠭᠵᠢᠭᠦᠯᠬᠦ ᠨᠢ ᠠᠷᠠᠳ ᠤᠨ ᠳᠤᠮᠳᠠᠬᠢ ᠪᠡᠯᠡ ᠤᠷᠤᠭᠤᠯᠤᠯᠳᠠ ᠶᠢ ᠳᠡᠮᠵᠢᠭᠦ᠂ ᠪᠡᠯᠡ ᠮᠦᠩᠭᠦᠨ ᠤ ᠲᠦᠭᠰᠢᠭᠦᠷᠢ ᠶᠢ ᠪᠠᠭᠠᠰᠬᠠᠬᠤ ᠳᠤ ᠴᠢᠬᠤᠯᠠ ᠪᠦᠬᠦᠢ ᠦᠢᠯᠡᠳᠦᠯ ᠲᠠᠢ ᠪᠠᠶᠢᠳᠠᠭ᠂ ᠦᠪᠡᠷᠳᠡᠭᠡᠨ ᠵᠠᠰᠠᠬᠤ ᠤᠷᠤᠨ ᠠᠴᠠ ᠶᠠᠮᠠᠷ ᠶᠠᠮᠠᠷ ᠠᠷᠭ᠎ᠠ ᠬᠡᠮᠵᠢᠶ᠎ᠠ ᠳᠤᠭᠳᠠᠭᠠᠵᠤ ᠪᠡᠯᠡ ᠬᠤᠷᠠᠮᠳᠤᠭᠤᠯᠭ᠎ᠠ ᠶᠢ ᠪᠠᠳᠤᠯᠠᠨ ᠲᠠᠭᠠᠭᠠᠬᠤ ᠠᠵᠢᠯ ᠲᠦᠷᠦᠯ ᠢ ᠵᠢᠷᠤᠮᠵᠢᠭᠤᠯᠤᠨ ᠬᠥᠭᠵᠢᠭᠦᠯᠬᠦ ᠶᠢ ᠳᠡᠮᠵᠢᠵᠦ ᠪᠠᠶᠢᠬᠤ ᠪᠤᠢ︖      ᠵᠢᠶᠠᠩ ᠬᠤᠸᠠ ︵ᠦᠪᠡᠷᠳᠡᠭᠡᠨ ᠵᠠᠰᠠᠬᠤ ᠤᠷᠤᠨ ᠤ ᠮᠦᠩᠭᠦᠨ ᠬᠦᠢᠯᠭᠡᠭᠡᠨ ᠤ ᠠᠯᠪᠠᠨ ᠬᠡᠷ ᠤᠨ ᠡᠷᠬᠢᠯᠡᠭᠴᠢ ︶᠄ ᠮᠠᠨ ᠤ ᠤᠷᠤᠨ 2015 ᠣᠨ ᠤ 3 ᠳ᠋ᠤᠭᠠᠷ ᠰᠠᠷ᠎ᠠ ᠳᠤ ︽ᠪᠦᠬᠦ ᠤᠷᠤᠨ ᠤ ᠪᠡᠯᠡ ᠬᠤᠷᠠᠮᠳᠤᠭᠤᠯᠭ᠎ᠠ ᠶᠢ ᠪᠠᠳᠤᠯᠠᠨ ᠲᠠᠭᠠᠭᠠᠬᠤ ᠠᠵᠢᠯ ᠲᠦᠷᠦᠯ ᠢ ᠦᠷᠭᠦᠯᠵᠢᠯᠡᠨ ᠵᠢᠷᠤᠮᠵᠢᠭᠤᠯᠤᠨ ᠡᠷᠡᠭᠦᠯ ᠢᠶᠠᠷ ᠬᠦᠭᠵᠢᠬᠦ ᠶᠢ ᠠᠬᠢᠭᠤᠯᠬᠤ ᠳᠤᠬᠠᠢ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠵᠢᠯᠤᠭᠤᠳᠬᠤ ᠰᠠᠨᠠᠯ︾ ᠢ ᠳᠠᠷᠬᠠᠭᠠᠪᠠ᠃ ᠦᠪᠡᠷᠳᠡᠭᠡᠨ ᠵᠠᠰᠠᠬᠤ ᠤᠷᠤᠨ ᠠᠴᠠ ᠦᠪᠦᠷ ᠮᠤᠩᠭᠤᠯ ᠤᠨ ᠳᠠᠬᠢᠨᠳᠠ ᠪᠠᠳᠤᠯᠠᠨ ᠲᠠᠭᠠᠭᠠᠬᠤ ᠬᠤᠪᠢ ᠤᠷᠤᠭᠤᠯᠤᠭᠰᠠᠨ ᠬᠢᠵᠠᠭᠠᠷᠳᠤ ᠺᠤᠮᠫᠠᠨᠢ ᠶᠢ ᠪᠠᠶᠢᠭᠤᠯᠵᠤ᠂ ᠡᠯ᠎ᠠ ᠠᠶᠢᠮᠠᠭ ᠬᠤᠳᠠ ᠶᠢᠨ ᠬᠢᠨ ᠡᠳ᠋ ᠬᠦᠷᠦᠩᠭᠡ ᠶᠢᠨ ᠡᠭᠡ ᠮᠦᠩᠭᠦ ᠶᠢᠨ ᠪᠡᠯᠡ ᠤᠷᠤᠭᠤᠯᠤᠯᠳᠠ ᠶᠢ ᠨᠡᠮᠡᠭᠳᠡᠭᠦᠯᠭᠦ᠂ ᠳᠠᠬᠢᠨ ᠪᠠᠶᠢᠭᠤᠯᠬᠤ ᠵᠡᠷᠭᠡ ᠠᠷᠭ᠎ᠠ ᠵᠠᠮ ᠢᠶᠠᠷ ᠪᠡᠯᠡ ᠬᠤᠷᠠᠮᠳᠤᠭᠤᠯᠭ᠎ᠠ ᠶᠢ ᠪᠠᠳᠤᠯᠠᠨ ᠲᠠᠭᠠᠭᠠᠬᠤ ᠠᠵᠢᠯ ᠲᠦᠷᠦᠯ ᠤᠨ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠪᠠ᠃      ᠰᠤᠷᠪᠤᠯᠵᠢᠯᠠᠭᠴᠢ᠄ ᠠᠷᠠᠳ ᠠᠴᠠ ᠡᠷᠬᠢᠯᠡᠭᠰᠡᠨ ᠠᠵᠤ ᠠᠬᠤᠢᠢᠯᠠᠯ ᠤᠨ ᠬᠢᠨ ᠤ ᠰᠢᠨᠵᠢᠯᠡᠭᠦ ᠤᠬᠠᠭᠠᠨ ᠮᠡᠷᠭᠡᠵᠢᠯ ᠤᠨ ᠰᠤᠳᠤᠯᠭᠠᠨ ᠤ ᠳᠠᠪᠴᠠᠩ ᠢ ᠪᠠᠶᠢᠭᠤᠯᠬᠤ ᠶᠢ ᠬᠦᠳᠦᠯᠦᠨ ᠳᠠᠭᠠᠭᠤᠯᠬᠤ ᠳᠠᠯ᠎ᠠ ᠳᠤ ᠶᠠᠮᠠᠷ ᠶᠠᠮᠠᠷ ᠠᠷᠭ᠎ᠠ ᠬᠡᠮᠵᠢᠶ᠎ᠠ ᠠᠪᠴᠤ ᠪᠠᠶᠢᠬᠤ ᠪᠤᠢ︖      ᠯᠢ ᠪᠢᠩ ᠷᠦᠩ ︵ᠦᠪᠡᠷᠳᠡᠭᠡᠨ ᠵᠠᠰᠠᠬᠤ ᠤᠷᠤᠨ ᠤ ᠰᠢᠨᠵᠢᠯᠡᠭᠦ ᠤᠬᠠᠭᠠᠨ ᠮᠡᠷᠭᠡᠵᠢᠯ ᠤᠨ ᠳᠢᠩᠬᠢᠮ ᠤᠨ ᠳᠠᠷᠤᠭ᠎ᠠ︶᠄ 2013 ᠣᠨ ᠠᠴᠠ ᠨᠠᠰᠢ᠂ ᠦᠪᠡᠷᠳᠡᠭᠡᠨ ᠵᠠᠰᠠᠬᠤ ᠤᠷᠤᠨ ᠠᠴᠠ ᠵᠠᠰᠠᠭ ᠤᠨ ᠤᠷᠳᠤᠨ᠂ ᠠᠵᠤ ᠠᠬᠤᠢᠢᠯᠠᠯ᠂ ᠶᠡᠭᠡ ᠳᠡᠭᠡᠳᠦ ᠰᠤᠷᠭᠠᠭᠤᠯᠢ᠂ ᠰᠤᠳᠤᠯᠭᠠᠨ ᠤ ᠬᠦᠷᠢᠶᠡᠯᠡᠩ ᠭᠠᠵᠠᠷ᠂ ᠡᠬᠢ ᠪᠠᠶᠠᠯᠢᠭ ᠢᠶᠠᠨ ᠬᠠᠮᠳᠤᠳᠬᠠᠨ ᠰᠢᠨ᠎ᠠ ᠶᠢ ᠡᠭᠦᠳᠭᠦ ᠶᠢ ᠠᠬᠢᠭᠤᠯᠵᠤ᠂ ᠲᠦᠪᠯᠡᠷᠡᠭᠦᠯᠬᠦ᠂ ᠦᠢᠯᠡᠳᠪᠦᠷᠢᠯᠡᠭᠦ᠂ ᠰᠤᠷᠭᠠᠨ ᠬᠦᠮᠦᠵᠢᠯ᠂ ᠰᠤᠳᠤᠯᠭᠠᠨ ᠢ ᠨᠢᠭᠡ ᠴᠤᠭᠴᠠᠵᠢᠭᠤᠯᠵᠤ᠂ ᠭᠤᠤᠯᠳᠠᠭᠤ ᠠᠵᠤ ᠠᠬᠤᠢᠢᠯᠠᠯ ᠳᠤ ᠲᠦᠰᠢᠭᠯᠡᠨ ᠨᠢᠭᠡᠨ ᠪᠦᠯᠦᠭ ᠰᠢᠨ᠎ᠠ ᠬᠡᠯᠪᠡᠷᠢ ᠶᠢᠨ ᠰᠢᠨᠵᠢᠯᠡᠭᠦ ᠤᠬᠠᠭᠠᠨ ᠮᠡᠷᠭᠡᠵᠢᠯ ᠤᠨ ᠰᠤᠳᠤᠯᠭᠠᠨ ᠤ ᠨᠡᠭᠡᠭᠡᠨ ᠬᠦᠭᠵᠢᠭᠦᠯᠦᠯᠳᠡ ᠶᠢᠨ ᠪᠠᠶᠢᠭᠤᠯᠤᠮᠵᠢ ᠶᠢ ᠪᠠᠶᠢᠭᠤᠯᠪᠠ᠃ ᠡᠭᠦᠨ ᠢᠶᠠᠷ ᠳᠠᠮᠵᠢᠭᠤᠯᠤᠨ ᠠᠵᠤ ᠠᠬᠤᠢᠢᠯᠠᠯ ᠤᠨ ᠦᠪᠡᠷ ᠢᠶᠠᠨ ᠡᠵᠡᠨ ᠮᠡᠳᠡᠵᠤ ᠰᠢᠨ᠎ᠠ ᠶᠢ ᠡᠭᠦᠳᠭᠦ ᠴᠢᠳᠠᠪᠤᠷᠢ ᠶᠢ ᠳᠠᠰᠤᠷᠠᠯᠳᠠ ᠦᠭᠡᠢ ᠲᠡᠭᠡᠭᠰᠢᠯᠡᠭᠦᠯᠦᠭᠰᠡᠨ ᠤ ᠬᠠᠮᠳᠤ᠂ ᠠᠵᠢᠯ ᠲᠦᠷᠦᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠠᠢ᠃      ᠰᠤᠷᠪᠤᠯᠵᠢᠯᠠᠭᠴᠢᠢ᠄ ᠦᠢᠯᠡᠳᠪᠦᠷᠢ ᠬᠤᠳᠠᠯᠳᠤᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠠᠴᠠ ᠠᠷᠠᠳ  ᠤᠨ ᠳᠤᠮᠳᠠᠬᠢ ᠪᠡᠯᠡ ᠤᠷᠤᠭᠤᠯᠤᠯᠳᠠ ᠳᠤ ᠠᠭᠤᠵᠢᠭᠤ ᠲᠠᠯᠪᠢᠭᠤ ᠡᠷᠭᠡ ᠳᠡᠭᠰᠢ ᠤᠷᠴᠢᠨ ᠳᠤᠭᠤᠷᠢᠨ ᠢ ᠪᠤᠢ ᠪᠤᠯᠭᠠᠬᠤ ᠳᠠᠯ᠎ᠠ ᠳᠤ ᠶᠠᠮᠠᠷ ᠶᠠᠮᠠᠷ ᠠᠵᠢᠯ ᠬᠢᠭᠰᠡᠨ ᠪᠤᠢ︖      ᠴᠧᠨ ᠵᠢᠶᠧ ︵ᠦᠪᠡᠷᠳᠡᠭᠡᠨ ᠵᠠᠰᠠᠬᠤ ᠤᠷᠤᠨ ᠤ ᠦᠢᠯᠡᠳᠪᠦᠷᠢ ᠬᠤᠳᠠᠯᠳᠤᠭᠠᠨ ᠤ ᠬᠠᠮᠢᠶᠠᠷᠤᠯᠳᠠ ᠶᠢᠨ ᠳᠤᠪᠴᠢᠶ᠎ᠠ ᠶᠢᠨ ᠳᠠᠷᠤᠭ᠎ᠠ︶᠄ ᠭᠤᠤᠯᠳᠠᠭᠤ ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠦᠭᠡᠷᠡᠴᠢᠯᠡᠯᠳᠡ ᠶᠢ ᠬᠡᠷᠡᠭᠵᠢᠭᠦᠯᠪᠡ᠃ ᠳᠠᠩᠰᠠᠯᠠᠭᠤᠯᠬᠤ ᠡᠳ᠋ ᠬᠦᠷᠦᠩᠭᠡ ᠶᠢ ᠪᠤᠳᠠᠳᠠᠢ ᠳᠤᠰᠢᠶᠠᠵᠤ ᠪᠠᠶᠢᠭᠰᠠᠨ ᠠᠴᠠ ᠪᠠᠨ ᠬᠡᠷᠡᠴᠢᠯᠡᠭᠦᠯᠦᠨ ᠳᠤᠰᠢᠶᠠᠬᠤ ᠪᠤᠯᠤᠭᠰᠠᠨ᠂ ᠳᠠᠩᠰᠠᠯᠠᠭᠤᠯᠬᠤ ᠡᠳ᠋ ᠬᠦᠷᠦᠩᠭᠡ ᠶᠢᠨ ᠬᠠᠮᠤᠭ ᠪᠠᠭ᠎ᠠ ᠬᠢᠵᠠᠭᠠᠷᠯᠠᠯ ᠢ ᠬᠦᠴᠤᠨ ᠦᠭᠡᠢ ᠪᠤᠯᠭᠠᠭᠰᠠᠨ᠂ ᠠᠵᠤ ᠠᠬᠤᠢᠢᠯᠠᠯ ᠤᠨ ᠭᠠᠵᠠᠷ ᠤᠷᠤᠨ ᠢ ᠲᠦᠭᠦᠮᠴᠢᠯᠡᠨ ᠳᠠᠩᠰᠠᠯᠠᠭᠤᠯᠬᠤ᠂ ᠣᠨ ᠤ ᠪᠠᠶᠢᠴᠠᠭᠠᠯᠳᠠ ᠶᠢ ᠣᠨ ᠤ ᠮᠡᠳᠡᠭᠦᠯᠦᠯᠳᠡ ᠪᠤᠯᠭᠠᠭᠰᠠᠨ᠂ ︽ᠭᠤᠷᠪᠠᠨ ᠦᠨᠡᠮᠯᠡᠯ ᠢ ᠨᠢᠭᠡᠳᠭᠡᠵᠤ᠂ ᠨᠢᠭᠡ ᠦᠨᠡᠮᠯᠡᠯ ᠨᠢᠭᠡ ᠨᠤᠮᠧᠷ︾ ᠪᠤᠯᠭᠠᠭᠰᠠᠨ ᠵᠡᠷᠭᠡ ᠦᠭᠡᠷᠡᠴᠢᠯᠡᠯᠳᠡ ᠶᠢ ᠬᠢᠪᠡ᠃ ᠳᠤᠷᠰᠢᠯᠳᠠ ᠶᠢᠨ ᠴᠢᠬ ᠲᠤ ᠦᠢᠯᠡᠳᠪᠦᠷᠢ ᠬᠤᠳᠠᠯᠳᠤᠭᠠᠨ ᠤ ᠳᠠᠩᠰᠠᠯᠠᠭᠤᠬᠤ ᠪᠦᠬᠦ ᠶᠠᠪᠤᠴᠠ ᠶᠢ ᠡᠯᠧᠺᠲᠷᠤᠨ ᠢᠶᠠᠷ ᠰᠢᠢᠳᠪᠦᠷᠢᠯᠡᠵᠤ᠂ ᠡᠯᠧᠺᠲᠷᠤᠨ ᠡᠵᠡᠩᠨᠡᠯᠳᠡ ᠶᠢᠨ ᠬᠡᠷᠡᠴᠢ ᠶᠢ ᠬᠡᠷᠡᠭᠵᠢᠭᠦᠯᠵᠤ᠂ ᠵᠠᠬ᠎ᠠ ᠳᠡᠯᠭᠡᠭᠦᠷ ᠤᠨ ᠭᠤᠤᠯ ᠴᠤᠭᠴᠠ ᠶᠢ ᠳᠠᠩᠰᠠᠯᠠᠭᠤᠯᠬᠤ ᠶᠢ ︽ᠠᠳᠠᠯᠢ ᠬᠤᠳᠠ ᠳᠤ ᠨᠡᠶᠢᠳᠡᠮ ᠳᠤᠨᠢ ᠬᠦᠢᠴᠡᠳᠭᠡᠵᠤ ᠪᠤᠯᠬᠤ︾᠂ ᠠᠵᠤ ᠠᠬᠤᠢᠢᠯᠠᠯ ᠤᠨ ᠨᠡᠷᠡᠶᠢᠳᠦᠯ ᠢ ᠬᠢᠨᠠᠨ ᠵᠦᠪᠰᠢᠶᠡᠷᠡᠵᠤ ᠲᠡᠶᠢᠯᠬᠦ ᠵᠡᠷᠭᠡ ᠥᠭᠡᠷᠡᠴᠢᠯᠡᠯᠲᠡ ᠶᠢᠨ ᠠᠵᠢᠯᠯᠠᠭ᠎ᠠ ᠥᠷᠨᠢᠭᠦᠯᠵᠡᠢ᠃
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ