︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿13·5﹀᠎ ᠶᠢᠨ ᠬᠤᠭᠤᠴᠠᠭᠠᠨ ᠳᠠᠬᠢ ᠲᠤᠯᠭᠠᠭᠤᠷᠢᠯᠠᠬᠤ ᠠᠵᠤ ᠦᠢᠯᠡᠰ ᠤᠨ ᠪᠠᠷᠢᠮᠵᠢᠶᠠᠵᠢᠭᠤᠯᠤᠯᠲᠠ ᠶᠢᠨ ᠪᠦᠲᠥᠭᠡᠨ ᠪᠠᠶᠢᠭᠤᠯᠤᠯᠳ᠋ᠨ ᠶᠢᠨ ᠲᠥᠯᠥᠪᠵᠢᠭᠦᠯᠭᠡ︾᠎ ᠶᠢ ᠬᠢᠨᠠᠨ ᠲᠣᠭᠲᠠᠭᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2016/6/20
     6 ᠳ᠋ᠤᠭᠠᠷ ᠰᠠᠷ᠎ᠠ ᠶᠢᠨ 16᠎ ᠤ ᠡᠳᠦᠷ᠂ ᠥᠪᠥᠷ ᠮᠣᠩᠭᠤᠯ ᠤᠨ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠶᠢᠨ ᠲᠦᠷᠦ ᠶᠢᠨ ᠪᠤᠳᠤᠯᠭ᠎ᠠ ᠬᠠᠤᠯᠢ ᠲᠣᠭᠲᠠᠭᠠᠯ ᠤᠨ ᠭᠠᠵᠠᠷ᠂ ᠪᠠᠷᠢᠮᠵᠢᠶᠠᠵᠢᠭᠤᠯᠬᠤ ᠭᠠᠵᠠᠷ ᠠᠴᠠ ᠲᠦᠷᠦᠭᠦᠯᠦᠨ ᠵᠣᠬᠢᠶᠠᠨ ᠪᠠᠶᠢᠭᠤᠯᠤᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿13·5﹀᠎ ᠶᠢᠨ ᠬᠤᠭᠤᠴᠠᠭᠠᠨ ᠳᠠᠬᠢ ᠲᠤᠯᠭᠠᠭᠤᠷᠢᠯᠠᠬᠤ ᠠᠵᠤ ᠦᠢᠯᠡᠰ ᠤᠨ ᠪᠠᠷᠢᠮᠵᠢᠶᠠᠵᠢᠭᠤᠯᠤᠯᠲᠠ ᠶᠢᠨ ᠪᠦᠲᠥᠭᠡᠨ ᠪᠠᠶᠢᠭᠤᠯᠤᠯᠳ᠋ᠨ ᠶᠢᠨ ᠲᠥᠯᠥᠪᠵᠢᠭᠦᠯᠭᠡ︾᠎ ᠶᠢ ᠬᠢᠨᠠᠨ ᠲᠣᠭᠲᠠᠭᠠᠬᠤ ᠬᠤᠷᠠᠯ ᠢ ᠥᠪᠥᠷ ᠮᠣᠩᠭᠤᠯ ᠤᠨ ᠪᠠᠷᠢᠮᠵᠢᠶᠠᠵᠢᠭᠤᠯᠤᠯᠲᠠ ᠶᠢᠨ ᠬᠦᠷᠢᠶᠡᠯᠡᠩ ᠳᠤ ᠬᠢᠪᠡ᠃ ᠥᠪᠥᠷ ᠮᠣᠩᠭᠤᠯ ᠤᠨ ᠬᠦᠭᠵᠢᠬᠦᠯᠦᠯᠳᠡ ᠦᠭᠡᠷᠡᠴᠢᠯᠠᠯᠳᠡ ᠶᠢᠨ ᠵᠦᠪᠯᠡᠯ᠂ ᠥᠪᠥᠷ ᠮᠣᠩᠭᠤᠯ ᠤᠨ ᠠᠵᠤ ᠠᠬᠤᠶ ᠮᠡᠳᠡᠭᠡ ᠵᠠᠩᠬᠢᠵᠢᠯ ᠤᠨ ᠵᠥᠪᠯᠡᠯ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ᠂ ᠥᠪᠥᠷ ᠮᠣᠩᠭᠤᠯ ᠤᠨ ᠵᠢᠭᠤᠯᠴᠢᠯᠠᠯ ᠤᠨ ᠲᠣᠪᠴᠢᠶ᠎ᠠ᠂ ᠥᠪᠥᠷ ᠮᠣᠩᠭᠤᠯ ᠤᠨ ᠶᠡᠭᠡ ᠰᠤᠷᠭᠠᠭᠤᠯᠢ᠂ ᠨᠢᠭᠡᠳᠦᠭᠡᠷ ᠮᠧᠬᠠᠨᠢᠭ ᠤᠨ ᠠᠵᠤ ᠦᠢᠯᠡᠳᠪᠦᠷᠢ ᠶᠢᠨ ᠪᠦᠯᠦᠭᠯᠡᠯ᠂ ᠬᠤᠪᠣᠷ ᠰᠢᠷᠣᠶ ᠶᠢᠨ ᠰᠤᠳᠤᠯᠭᠠᠨ ᠤ ᠬᠦᠷᠢᠶᠡᠯᠡᠩ ᠵᠡᠷᠭᠡ ᠠᠵᠤ ᠠᠬᠤᠶᠢᠯᠠᠯ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ 11 ᠲᠤᠰᠬᠠᠶ ᠮᠡᠷᠭᠡᠵᠢᠯᠲᠡᠨ ᠢᠶᠠᠷ ᠲᠤᠰ ᠤᠳᠠᠭᠠᠨ ᠤ ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ ᠤ ᠳᠤᠭᠤᠶᠢᠯᠠᠩ ᠢ ᠪᠦᠷᠢᠯᠳᠦᠭᠦᠯᠪᠡ᠃ ᠥᠪᠥᠷ ᠮᠣᠩᠭᠤᠯ ᠤᠨ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠶᠢᠨ ᠬᠠᠤᠯᠢ ᠲᠣᠭᠲᠠᠭᠠᠯ ᠤᠨ ᠭᠠᠵᠠᠷ ᠤᠨ ᠳᠠᠷᠤᠭ᠎ᠠ ᠨᠢᠶᠧ ᡁᠢ ᠰᠢᠤᠸᠠᠨ᠂ ᠪᠠᠷᠢᠮᠵᠢᠶᠠᠵᠢᠭᠤᠯᠬᠤ ᠭᠠᠵᠠᠷ ᠤᠨ ᠳᠡᠳ᠋ ᠳᠠᠷᠤᠭ᠎ᠠ ᠯᠢᠦ ᠬᠤᠢ ᠶᠦᠨ᠂ ᠥᠪᠥᠷ ᠮᠣᠩᠭᠤᠯ ᠤᠨ ᠪᠠᠷᠢᠮᠵᠢᠶᠠᠵᠢᠭᠤᠯᠤᠯᠲᠠ ᠶᠢᠨ ᠬᠦᠷᠢᠶᠡᠯᠡᠩ ᠤᠨ ᠤᠳᠤᠷᠢᠳᠬᠤ ᠪᠠᠭ ᠤᠨ ᠪᠦᠷᠢᠯᠳᠦᠬᠦᠨ ᠵᠢᠴᠢ ᠬᠠᠮᠢᠶ᠎ᠠ ᠪᠦᠬᠦᠢ ᠠᠵᠢᠯᠲᠠᠳ ᠬᠤᠷᠠᠯ ᠳᠤ ᠣᠷᠤᠯᠴᠠᠪᠠ᠃      ᠡᠨᠡ ᠤᠳᠠᠭᠠᠨ ᠤ ᠬᠢᠨᠠᠨ ᠲᠣᠭᠲᠠᠭᠠᠬᠤ ᠬᠤᠷᠠᠯ ᠳᠡᠭᠡᠷ᠎ᠡ᠂ ᠬᠢᠨᠠᠨ ᠲᠣᠭᠲᠠᠭᠠᠬᠤ ᠳᠤᠭᠤᠶᠢᠯᠠᠩ ᠤᠨ ᠲᠤᠰᠬᠠᠶ ᠮᠡᠷᠭᠡᠵᠢᠯᠲᠡᠳ ︽13·5︾᠎ ᠶᠢᠨ ᠬᠤᠭᠤᠴᠠᠭᠠᠨ ᠬᠤᠭᠤᠴᠠᠭᠠᠨ ᠳᠠᠬᠢ ᠲᠤᠯᠭᠠᠭᠤᠷᠢᠯᠠᠬᠤ ᠠᠵᠤ ᠦᠢᠯᠡᠰ ᠤᠨ ᠪᠠᠷᠢᠮᠵᠢᠶᠠᠵᠢᠭᠤᠯᠤᠯᠲᠠ ᠶᠢᠨ ᠲᠥᠯᠥᠪᠵᠢᠭᠦᠯᠭᠡ ᠶᠢᠨ ᠲᠤᠬᠠᠶ ᠲᠣᠳᠣᠷᠬᠠᠶᠢᠯᠠᠯᠲᠠ ᠶᠢ ᠰᠣᠨᠤᠰᠴᠤ᠂ ︽ᠲᠥᠯᠥᠪᠵᠢᠭᠦᠯᠭᠡ︾ ᠳᠣᠲᠤᠷᠠᠬᠢ ᠥᠪᠥᠷ ᠮᠣᠩᠭᠤᠯ ᠤᠨ ᠲᠤᠯᠭᠠᠭᠤᠷᠢᠯᠠᠬᠤ ᠠᠵᠤ ᠦᠢᠯᠡᠰ ᠤᠨ ᠪᠠᠷᠢᠮᠵᠢᠶᠠᠵᠢᠭᠤᠯᠤᠯᠲᠠ ᠶᠢ ᠬᠦᠭᠵᠢᠭᠦᠯᠬᠦ ᠵᠢᠯᠣᠭᠤᠳᠬᠤ ᠦᠵᠡᠯ ᠰᠠᠨᠠᠭ᠎ᠠ᠂ ᠬᠠᠷᠠᠯᠲᠠ᠂ ᠭᠤᠣᠯ ᠡᠭᠦᠷᠭᠡ᠂ ᠴᠢᠬᠤᠯᠠ ᠶᠡᠭᠡ ᠲᠦᠷᠦᠯ ᠵᠦᠢᠯ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠭᠦᠢᠴᠡᠳ ᠶᠠᠷᠢᠯᠴᠠᠭᠠᠳ᠂ ︽ᠲᠥᠯᠥᠪᠵᠢᠭᠦᠯᠭᠡ︾᠎ ᠶᠢᠨ ᠲᠥᠰᠦᠪ ᠨᠢ ᠵᠦᠢ ᠵᠣᠬᠢᠰᠲᠠᠶ᠂ ᠡᠮᠬᠢ ᠵᠢᠷᠤᠮ ᠨᠢ ᠲᠣᠳᠣᠷᠬᠠᠶ᠂ ᠥᠰᠥᠭ ᠪᠢᠴᠢᠭ ᠨᠢ ᠨᠠᠷᠢᠨ ᠪᠣᠯᠪᠠᠰᠤᠷᠠᠩᠭᠤᠢ᠂ ᠡᠰᠢ ᠪᠠᠷᠢᠮᠲᠠ ᠨᠢ ᠪᠦᠷᠢᠨ ᠭᠦᠢᠴᠡᠳ᠂ ᠵᠠᠳᠠᠯᠤᠯᠲᠠ ᠨᠢ ᠪᠦᠬᠦ ᠲᠠᠯ᠎ᠠ ᠪᠠᠷ᠂ ᠨᠠᠶᠢᠷᠠᠭᠤᠯᠤᠨ ᠵᠣᠬᠢᠶᠠᠬᠤ ᠱᠠᠭᠠᠷᠳᠠᠯᠭ᠎ᠠ ᠳᠤ ᠨᠡᠶᠢᠴᠡᠨ᠎ᠡ ᠬᠡᠮᠡᠨ ᠰᠠᠨᠠᠯ ᠨᠢᠭᠡᠲᠡᠢ ᠦᠵᠡᠭᠡᠳ ᠬᠢᠨᠠᠨ ᠲᠣᠭᠲᠠᠭᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号