ᠵᠢᠶᠠᠨ ᠰᠢᠶᠣᠣ ᠸᠧᠨ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠳᠡᠳ᠋ ᠪᠠᠶᠢᠴᠠᠭᠠᠬᠤ ᠳᠠᠷᠤᠭ᠎ᠠ ᠪᠠᠷ ᠲᠣᠮᠢᠯᠠᠪᠠ
ᠨᠡᠶᠢᠲᠡᠯᠡᠭᠰᠡᠨ ᠴᠠᠭ᠄
2016/6/20

     ᠥᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ

     ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠷᠢᠨ ᠭᠤᠷᠪᠠᠳᠤᠭᠠᠷ ᠤᠳᠠᠭ᠎ᠠ ᠶᠢᠨ

     ᠬᠤᠷᠠᠯ ᠢ ᠬᠤᠷᠠᠯᠳᠤᠭᠤᠯᠵᠤ
     ᠵᠢᠶᠠᠨ ᠰᠢᠶᠣᠣ ᠸᠧᠨ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶᠠᠨ ᠤ

     ᠳᠡᠳ᠋ ᠪᠠᠶᠢᠴᠠᠭᠠᠬᠤ ᠳᠠᠷᠤᠭ᠎ᠠ ᠪᠠᠷ ᠲᠣᠮᠢᠯᠠᠪᠠ
     6 ᠳ᠋ᠤᠭᠠᠷ ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠷᠢᠨ ᠭᠤᠷᠪᠠᠳᠤᠭᠠᠷ ᠤᠳᠠᠭ᠎ᠠ ᠶᠢᠨ ᠬᠤᠷᠠᠯ ᠢ ᠬᠤᠷᠠᠯᠳᠤᠭᠤᠯᠪᠠ᠃
     ᠬᠤᠷᠠᠯ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠢ ᠬᠤᠷᠠᠯᠳᠤᠭᠤᠯᠬᠤ ᠴᠠᠭ ᠤᠨ ᠲᠤᠬᠠᠶ ᠲᠣᠭᠲᠠᠭᠠᠯ᠂ ᠬᠤᠷᠠᠯ ᠤᠨ ᠵᠥᠪᠯᠡᠬᠦ ᠵᠦᠢᠯ᠂ ᠬᠤᠷᠠᠯ ᠤᠨ ᠡᠳᠦᠷ ᠤᠨ ᠳᠠᠷᠠᠭᠠᠯᠠᠯ᠂ ᠲᠡᠷᠢᠭᠦᠯᠡᠭᠴᠢᠳ ᠤᠨ ᠪᠦᠯᠬᠦᠮ ᠪᠠ ᠨᠠᠷᠢᠨ ᠪᠢᠴᠢᠭ ᠤᠨ ᠳᠠᠷᠤᠭ᠎ᠠ ᠶᠢᠨ ᠨᠡᠷᠡᠰ ᠵᠡᠷᠭᠡ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠪᠠᠲᠤᠯᠠᠪᠠ᠂ ᠠᠵᠢᠯᠲᠠᠨ ᠢ ᠲᠤᠰᠢᠶᠠᠯ ᠳᠤ ᠲᠣᠮᠢᠯᠠᠬᠤ ᠲᠤᠰᠢᠶᠠᠯ ᠠᠴᠠ ᠨᠢ ᠪᠠᠭᠤᠯᠭᠠᠬᠤ ᠵᠦᠢᠯ ᠢ ᠪᠠᠲᠤᠯᠠᠭᠰᠠᠨ ᠤ ᠬᠠᠮᠲᠤ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠳᠡᠳ᠋ ᠪᠠᠶᠢᠴᠠᠭᠠᠬᠤ ᠳᠠᠷᠤᠭ᠎ᠠ ᠵᠢᠶᠠᠨ ᠰᠢᠶᠣᠣ ᠸᠧᠨ ᠳᠤ ᠲᠤᠰᠢᠶᠠᠯ ᠳᠤ ᠲᠣᠮᠢᠯᠠᠬᠤ ᠪᠢᠴᠢᠭ ᠢ ᠭᠠᠷᠳᠠᠭᠤᠯᠵᠠᠶ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ