ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠰᠲ᠋ᠧᠮ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ ᠳᠥᠯᠭᠢᠨ ᠠᠬᠢᠭᠤᠯᠬᠤ ᠬᠤᠷᠠᠯ ᠲᠦᠩᠯᠢᠶᠣᠤ ᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2016/6/21
     6 ᠳ᠋ᠤᠭᠠᠷ ᠰᠠᠷ᠎ᠠ ᠶᠢᠨ16᠎ ᠤ ᠡᠳᠦᠷ -17᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠰᠲ᠋ᠧᠮ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ ᠳᠥᠯᠭᠢᠨ ᠠᠬᠢᠭᠤᠯᠬᠤ ᠬᠤᠷᠠᠯ ᠲᠦᠩᠯᠢᠶᠣᠤ ᠬᠤᠲᠠ ᠳᠤ ᠬᠤᠷᠠᠯᠳᠤᠵᠤ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠶᠢᠰᠦᠳᠦᠭᠡᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠪᠠ ᠪᠦᠬᠦ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠰᠲ᠋ᠧᠮ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠬᠠᠷᠠᠭᠠᠨ ᠲᠠᠪᠲᠠᠮᠵᠢᠲᠤ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠲᠠᠢ ᠭᠤᠤᠯᠳᠠᠯᠭ᠎ᠠ ᠲᠠᠢ ᠤᠶᠠᠯᠳᠤᠭᠤᠯᠤᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷᠴᠤᠳ ᠤᠨ ᠡᠩᠨᠡᠭᠡᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠶ ᠴᠢᠩᠭᠠᠳᠬᠠᠵᠤ᠂ ᠪᠦᠬᠦ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠢ ᠤᠯᠠᠮ ᠨᠢᠭᠡ ᠠᠯᠬᠤᠮ ᠲᠦᠯᠬᠢᠨ ᠠᠬᠢᠭᠤᠯᠪᠠ᠃      ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠯᠢᠦᠶ ᡁᠢ ᠳ᠋ᠦᠩ ᠬᠤᠷᠠᠯ ᠳᠡᠭᠡᠷ᠎ᠡ ᠴᠢᠬᠤᠯᠠᠴᠢᠯᠠᠭᠰᠠᠨ ᠨᠢ᠂ ᠪᠦᠬᠦ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠰᠲ᠋ᠧᠮ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠡᠷᠬᠡᠪᠰᠢ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠡᠭᠦᠷᠭᠡ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠨᠡᠩ ᠲᠤᠪᠤᠶᠢᠮ᠎ᠠ ᠪᠠᠶᠢᠷᠢᠨ ᠳᠤ ᠲᠠᠯᠪᠢᠵᠤ᠂ ᠤᠳᠤᠷᠢᠳᠬᠤ ᠺᠠᠳ᠋ᠷᠴᠤᠳ ᠤᠨ ᠤᠯᠤᠰ ᠲᠦᠷᠦ ᠶᠢᠨ ᠰᠣᠨᠣᠷ ᠰᠡᠷᠡᠮᠵᠢ ᠪᠠ ᠤᠯᠤᠰ ᠲᠦᠷᠦ ᠶᠢᠨ ᠢᠯᠭᠠᠨ ᠲᠠᠨᠢᠬᠤ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠢ ᠭᠡᠪᠡ᠃      ᠯᠢᠦᠶ ᡁᠢ ᠳ᠋ᠦᠩ ᠱᠠᠭᠠᠷᠳᠠᠭᠰᠠᠨ ᠨᠢ᠂ ᠡᠯ᠎ᠡ ᠱᠠᠲᠤᠨ ᠤ ᠨᠠᠮ ᠤᠨ ᠤᠳᠤᠷᠢᠳᠬᠤ ᠳᠤᠭᠤᠶᠢᠯᠠᠩ ︵ᠨᠠᠮ ᠤᠨ ᠬᠤᠷᠢᠶ᠎ᠠ︶᠎ ᠶᠢᠨ ᠱᠦᠵᠢ ᠨᠠᠷ ᠨᠢᠭᠡᠳᠦᠭᠡᠷ ᠬᠠᠷᠢᠭᠤᠴᠠᠭᠠᠯᠲᠠᠨ ᠤ ᠡᠭᠦᠷᠭᠡ ᠪᠠᠨ ᠰᠠᠶᠢᠲᠤᠷ ᠡᠭᠦᠷᠭᠡᠯᠡᠵᠦ᠂ ᠨᠠᠮ ᠳᠤ ᠬᠠᠷᠢᠭᠤᠴᠠᠵᠤ᠂ ᠨᠠᠮ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠠᠳᠬᠤᠬᠤ ᠶᠢ ᠦᠪᠡᠷ ᠤᠨ ᠢᠶᠠᠨ ᠡᠷᠬᠡᠪᠰᠢ ᠡᠭᠦᠷᠭᠡᠯᠡᠬᠦ ᠶᠤᠰᠤᠲᠠᠢ ᠡᠭᠦᠷᠭᠡ ᠬᠠᠷᠢᠭᠤᠴᠠᠯᠭ᠎ᠠ ᠪᠠᠨ ᠪᠣᠯᠭᠠᠵᠤ᠂ ᠨᠠᠮ ᠢ ᠬᠠᠮᠢᠶᠠᠷᠴᠤ ᠨᠠᠮ ᠢ ᠵᠠᠰᠠᠬᠤ ᠦᠭᠡᠢ ᠪᠤᠯ ᠬᠠᠷᠢᠭᠤᠴᠠᠯᠭ᠎ᠠ ᠪᠠᠨ ᠬᠦᠨᠳᠦ ᠨᠣᠴᠢᠲᠠᠶ ᠠᠯᠳᠠᠭᠰᠠᠨ ᠭᠡᠬᠦ ᠦᠵᠡᠯᠲᠡ ᠶᠢ ᠪᠠᠲᠤ ᠪᠠᠬᠢ ᠪᠤᠢ ᠪᠣᠯᠭᠠᠬᠤ ᠬᠡᠷᠡᠭᠲᠡᠶ︔ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠨᠤᠭᠤᠳ ᠬᠢᠨᠠᠯᠲᠠ ᠲᠠᠯᠪᠢᠬᠤ ᠬᠠᠷᠢᠭᠤᠴᠠᠯᠭ᠎ᠠ ᠪᠠᠨ ᠡᠭᠦᠷᠭᠡᠯᠡᠵᠦ᠂ ᠵᠣᠷᠢᠭᠲᠠᠶ ᠪᠠᠷ ᠵᠢᠬᠡᠭᠦᠨ ᠴᠢᠷᠠᠶᠢᠯᠠᠵᠤ᠂ ᠵᠣᠷᠢᠭᠲᠠᠶ ᠪᠠᠷ ᠰᠠᠬᠢᠯᠭ᠎ᠠ ᠪᠠᠲᠤ ᠶᠢ ᠬᠡᠷᠡᠭᠵᠢᠭᠦᠯᠦᠨ ᠬᠠᠷᠢᠭᠤᠴᠠᠯᠭ᠎ᠠ ᠨᠡᠬᠡᠮᠵᠢᠯᠡᠵᠦ᠂ ᠨᠠᠮ ᠢ ᠬᠠᠮᠢᠶᠠᠷᠴᠤ ᠨᠠᠮ ᠢ ᠵᠠᠰᠠᠬᠤ ᠠᠵᠢᠯ ᠰᠤᠯᠠ ᠪᠠᠭᠤᠷᠠᠢ ᠪᠠᠶᠢᠭᠰᠠᠨ ᠢ ᠴᠢᠩᠭ᠎ᠠ ᠬᠠᠲᠠᠭᠤ ᠪᠤᠯᠭᠠᠵᠤ᠂ ᠤᠯᠤᠰ ᠲᠦᠷᠦ ᠶᠢᠨ ᠰᠠᠬᠢᠯᠭ᠎ᠠ ᠪᠠᠲᠤ ᠠᠴᠠ ᠵᠥᠷᠢᠴᠡᠭᠰᠡᠨ ᠠᠰᠠᠭᠤᠳᠠᠯ ᠢ ᠰᠠᠬᠢᠯᠭ᠎ᠠ ᠪᠠᠲᠤ ᠬᠢᠨᠠᠨ ᠪᠠᠶᠢᠴᠠᠭᠠᠬᠤ ᠠᠵᠢᠯ ᠤᠨ ᠴᠢᠬᠤᠯᠠ ᠠᠭᠤᠯᠭ᠎ᠠ ᠪᠣᠯᠭᠠᠵᠤ᠂ ᠪᠤᠰᠤᠳ ᠰᠠᠬᠢᠯᠭ᠎ᠠ ᠪᠠᠲᠤ ᠶᠢ ᠬᠠᠮᠲᠤ ᠳᠤᠨᠢ ᠳᠠᠶᠢᠴᠢᠯᠠᠨ ᠴᠢᠩᠭᠠᠳᠬᠠᠵᠤ᠂ ᠠᠵᠢᠯ ᠪᠠ ᠠᠮᠢᠳᠤᠷᠠᠯ ᠤᠨ ᠡᠯ᠎ᠡ ᠲᠠᠯ᠎ᠠ ᠳᠤ ᠨᠠᠶᠢᠳᠠᠪᠤᠷᠢᠵᠢᠭᠤᠯᠬᠤ ᠬᠡᠷᠡᠭᠲᠡᠢ ᠭᠡᠪᠡ᠃      ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠬᠢᠮ ᠵᠢᠴᠢ ᠪᠦᠬᠦ ᠣᠷᠣᠨ ᠤ 12 ᠠᠶᠢᠮᠠᠭ ᠬᠤᠲᠠ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠠᠵᠢᠯ ᠤᠨ ᠬᠠᠷᠢᠭᠤᠴᠠᠯᠭᠠᠲᠠᠨ ᠨᠠᠷ ᠬᠤᠷᠠᠯ ᠳᠤ ᠤᠷᠤᠯᠴᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号