ᠰᠡᠳᠭᠢᠮᠵᠢ ᠪᠠᠨ ᠰᠢᠨᠡᠴᠢᠯᠡᠨ  ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠬᠦ ᠡᠷᠬᠡ ᠶᠢᠨ ᠠᠵᠢᠯ ᠢ ᠰᠢᠨ᠎ᠡ ᠳᠡᠭᠲᠡᠷ ᠲᠤ ᠭᠠᠷᠭᠠᠬᠤ ᠶᠢ ᠯᠠᠪᠳᠠᠭᠤᠨ ᠪᠠᠲᠤᠲᠠᠶ ᠲᠦᠯᠬᠢᠨ ᠠᠬᠢᠭᠤᠯᠤᠶ᠎ᠠ
ᠨᠡᠶᠢᠲᠡᠯᠡᠭᠰᠡᠨ ᠴᠠᠭ᠄
2016/6/21
     6 ᠳ᠋ᠤᠭᠠᠷ ᠰᠠᠷ᠎ᠠ ᠶᠢᠨ 17᠎ ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠬᠦ ᠡᠷᠬᠡ ᠶᠢᠨ ᠠᠵᠢᠯ ᠤᠨ ᠶᠠᠷᠢᠯᠴᠠᠬᠤ ᠬᠤᠷᠠᠯ ᠬᠥᠬᠡᠬᠤᠲᠠ ᠳᠤ ᠬᠤᠷᠠᠯᠳᠤᠪᠠ᠃ ᠪᠦᠬᠦ ᠣᠷᠣᠨ ᠤ ᠡᠯ᠎ᠡ ᠠᠶᠢᠮᠠᠭ ᠬᠤᠲᠠ ᠠᠴᠠ ᠢᠷᠡᠭᠰᠡᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶᠠᠨ ︵ᠮᠡᠳᠡᠯᠭᠡ ᠶᠢᠨ ᠪᠦᠲᠦᠬᠡᠭᠳᠡᠬᠦᠨ ᠤ ᠦᠮᠴᠢᠯᠡᠬᠦ ᠡᠷᠬᠡ ᠶᠢᠨ ᠲᠣᠪᠴᠢᠶ᠎ᠠ︶᠎ ᠤ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠠᠯᠠᠭᠠᠨ ᠳᠠᠷᠤᠭ᠎ᠠ ᠨᠠᠷ ᠰᠢᠨ᠎ᠡ ᠬᠡᠪ ᠪᠠᠶᠢᠳᠠᠯ᠂ ᠰᠢᠨ᠎ᠡ ᠣᠨᠤᠯᠵᠢᠬᠤᠨ ᠳᠣᠣᠷ᠎ᠠ ᠮᠠᠨ ᠤ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠰ ᠤᠨ ᠬᠦᠭᠵᠢᠯᠲᠡ ᠶᠢ ᠬᠡᠷᠬᠢᠨ ᠤᠯᠠᠮ ᠨᠢᠭᠡ ᠠᠯᠬᠤᠮ ᠲᠦᠯᠬᠢᠨ ᠠᠬᠢᠭᠤᠯᠬᠤ ᠲᠤᠬᠠᠢ ᠬᠠᠮᠲᠤᠪᠠᠷ ᠰᠢᠨᠵᠢᠯᠡᠨ ᠰᠣᠳᠤᠯᠪᠠ᠃      ︽12·5︾᠎ ᠶᠢᠨ ᠬᠤᠭᠤᠴᠠᠭᠠᠨ ᠳᠤ᠂ ᠮᠠᠨ ᠤ ᠤᠷᠤᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠰ ᠶᠡᠬᠡᠪᠡᠷ ᠳᠠᠪᠰᠢᠪᠠ᠄ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠡᠭᠦᠳᠦᠨ ᠪᠦᠲᠦᠭᠡᠬᠦ ᠴᠢᠳᠠᠪᠤᠷᠢ ᠯᠠᠪᠳᠠᠭᠤᠨ ᠢᠶᠠᠷ ᠳᠡᠭᠡᠭᠰᠢᠯᠡᠵᠦ᠂ ᠲᠤᠰᠬᠠᠶ ᠠᠰᠢᠭ ᠭᠤᠶᠤᠴᠢᠯᠠᠬᠤ ᠬᠡᠮᠵᠢᠶ᠎ᠡ ᠪᠠ ᠡᠷᠬᠡ ᠣᠯᠭᠤᠬᠤ ᠬᠡᠮᠵᠢᠶ᠎ᠡ ᠮᠠᠰᠢ ᠲᠥᠷᠭᠡᠨ ᠨᠡᠮᠡᠭᠳᠡᠪᠡ︔ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠡᠷᠡᠭᠯᠡᠯᠲᠡ ᠶᠢᠨ ᠴᠢᠳᠠᠪᠤᠷᠢ ᠠᠯᠬᠤᠮ ᠠᠯᠬᠤᠮ ᠢᠶᠠᠷ ᠳᠡᠭᠡᠭᠰᠢᠯᠡᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠡᠷᠴᠢᠮ ᠲᠠᠰᠤᠷᠠᠯᠳᠠ ᠦᠭᠡᠢ ᠴᠢᠩᠭᠠᠷᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠴᠢᠳᠠᠪᠤᠷᠢ ᠲᠠᠰᠤᠷᠠᠯᠳᠠ ᠦᠭᠡᠢ ᠨᠡᠮᠡᠭᠳᠡᠪᠡ᠃ ᠭᠡᠪᠡᠴᠦ ᠬᠥᠭᠵᠢᠯᠲᠡ ᠶᠢᠨ ᠳᠤᠮᠳᠠ ᠲᠡᠩᠴᠡᠭᠦᠷᠢ ᠦᠭᠡᠢ᠂ ᠵᠣᠬᠢᠴᠠᠩᠭᠤᠶ ᠪᠣᠰᠤ ᠪᠠᠶᠢᠬᠤ ᠵᠠᠷᠢᠮ ᠠᠰᠠᠭᠤᠳᠠᠯ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠥᠷᠥ ᠶᠢᠨ ᠪᠣᠳᠣᠯᠭ᠎ᠠ ᠶᠢᠨ ᠣᠷᠴᠢᠨ ᠨᠥᠬᠦᠴᠡᠯ ᠲᠡᠭᠦᠯᠳᠡᠷᠵᠢᠭᠡᠳᠦᠶ ᠪᠠᠶᠢᠬᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠪᠠ ᠨᠡᠶᠢᠭᠡᠮ ᠨᠡᠶᠢᠲᠡ ᠶᠢᠨ ᠦᠵᠡᠯ ᠤᠬᠠᠮᠰᠠᠷ ᠨᠡᠯᠢᠶᠡᠳ ᠪᠠᠭᠤᠷᠠᠶ ᠪᠠᠶᠢᠬᠤ᠂ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠬᠦ ᠡᠷᠬᠡ ᠶᠢᠨ ᠭᠤᠣᠯᠯᠠᠬᠤ ᠮᠡᠷᠭᠡᠵᠢᠯ ᠳᠤᠲᠠᠮᠠᠭ ᠪᠠᠶᠢᠬᠤ᠂ ᠥᠮᠴᠢᠯᠡᠬᠦ ᠡᠷᠬᠡ ᠶᠢᠨ ᠦᠢᠯᠡᠴᠢᠯᠡᠭᠡᠨ ᠤ ᠪᠠᠶᠢᠭᠤᠯᠤᠮᠵᠢ ᠪᠠ ᠴᠢᠳᠠᠪᠤᠷᠢᠲᠠᠨ ᠳᠤᠲᠠᠮᠠᠭ ᠪᠠᠶᠢᠬᠤ ᠵᠡᠷᠭᠡ ᠠᠰᠠᠭᠤᠳᠠᠯ ᠮᠦᠨ ᠯᠠ ᠣᠷᠣᠰᠢᠭᠰᠠᠭᠠᠷ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠰ ᠤᠨ ᠬᠥᠭᠵᠢᠯᠲᠡ ᠶᠢ ᠤᠯᠠᠮ ᠨᠢᠭᠡ ᠠᠯᠬᠤᠮ ᠲᠦᠯᠬᠢᠨ ᠠᠬᠢᠭᠤᠯᠬᠤ ᠶᠢᠨ ᠲᠤᠰᠠᠳᠠ᠂ ᠬᠤᠷᠠᠯ ᠳᠤ ᠣᠷᠣᠯᠴᠠᠭᠰᠠᠳ ︽12·5︾᠎ ᠶᠢᠨ ᠬᠤᠭᠤᠴᠠᠭᠠᠨ ᠎ ᠳᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯ ᠤᠨ ᠣᠯᠤᠭᠰᠠᠨ ᠠᠮᠵᠢᠯᠲᠠ ᠪᠠ ᠣᠷᠣᠰᠢᠵᠤ ᠪᠠᠶᠢᠭ᠎ᠠ ᠬᠦᠷᠦᠯᠴᠡᠬᠦ ᠦᠭᠡᠢ ᠲᠠᠯ᠎ᠠ ᠶᠢᠨ ᠲᠤᠬᠠᠢ ᠰᠢᠨᠵᠢᠯᠡᠨ ᠰᠣᠳᠤᠯᠤᠭᠰᠠᠨ ᠪᠦᠭᠡᠳ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠠᠷᠠᠭ᠎ᠠ ᠠᠯᠬᠤᠮ ᠤᠨ ᠠᠵᠢᠯ ᠳᠤ ᠰᠠᠨᠠᠭᠤᠯᠭ᠎ᠠ ᠳᠤᠷᠠᠳᠪᠠ᠃      ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ︵ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶᠎ ᠤᠨ ᠳᠡᠳ᠋ ᠲᠣᠭᠤᠷᠢᠨ ᠪᠠᠶᠢᠴᠠᠭᠠᠭᠴᠢ ᠪᠠᠭᠠᠨ᠎ᠠ ᠬᠡᠯᠡᠭᠰᠡᠨ ᠨᠢ᠂ 5 ᠳ᠋ᠤᠭᠠᠷ ᠰᠠᠷ᠎ᠠ ᠶᠢᠨ 30᠎ ᠤ ᠡᠳᠦᠷ ᠬᠤᠷᠠᠯᠳᠤᠭᠤᠯᠤᠭᠰᠠᠨ ᠪᠦᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠶᠡᠭᠡ ᠬᠤᠷᠠᠯ ᠳᠡᠭᠡᠷ᠎ᠡ᠂ ᠳᠡᠯᠡᠬᠡᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠷᠬᠡᠭ ᠤᠯᠤᠰ ᠢ ᠪᠠᠶᠢᠭᠤᠯᠬᠤ ᠪᠠᠶᠢᠯᠳᠤᠬᠤ ᠪᠤᠲᠤᠯᠭ᠎ᠠ ᠶᠢᠨ ᠬᠠᠷᠠᠯᠲᠠ ᠶᠢ ᠲᠣᠳᠣᠷᠬᠠᠶ ᠳᠤᠷᠠᠳᠤᠭᠰᠠᠨ ᠪᠥᠭᠡᠳ ︽ᠭᠤᠷᠪᠠᠨ ᠠᠯᠬᠤᠮ ᠢᠶᠠᠷ ᠶᠠᠪᠤᠬᠤ︾ ᠪᠠᠶᠢᠯᠳᠤᠬᠤ ᠪᠤᠳᠤᠯᠭ᠎ᠠ ᠶᠢ ᠪᠠᠶᠢᠷᠢᠯᠠᠭᠤᠯᠪᠠ᠂ ᠡᠨᠡ ᠎ ᠨᠢ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠬᠦᠰᠡᠯ ᠵᠡᠭᠦᠳᠦ ᠶᠢ ᠲᠡᠷᠭᠡᠯᠰᠢᠭᠦᠯᠬᠦ ᠳᠤ ᠴᠢᠬᠤᠯᠠ ᠶᠡᠭᠡ ᠠᠯᠤᠰ ᠬᠡᠳᠦ ᠶᠢᠨ ᠲᠡᠤᠬᠡᠨ ᠠᠴᠢ ᠬᠤᠯᠪᠣᠭᠳᠠᠯ ᠲᠠᠢ ᠶᠤᠮ᠃ ᠶᠡᠭᠡ ᠬᠤᠷᠠᠯ ᠠᠴᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯ ᠢ ᠳᠡᠭᠡᠳᠦ ᠬᠡᠮᠵᠢᠶ᠎ᠡ ᠪᠠᠷ ᠬᠦᠨᠳᠦᠳᠬᠡᠨ ᠦᠵᠡᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠡᠷᠡᠭᠵᠢᠭᠦᠯᠦᠯᠲᠡ ᠶᠢᠨ ᠪᠠᠶᠢᠯᠳᠤᠬᠤ ᠪᠤᠳᠤᠯᠭ᠎ᠠ ᠶᠢ ᠳᠤᠷᠠᠳᠴᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠢᠨ᠎ᠡ ᠶᠢ ᠡᠭᠦᠳᠬᠦ ᠳᠤ ᠦᠵᠡᠭᠦᠯᠬᠦ ᠦᠨᠳᠦᠰᠦᠨ ᠪᠠᠲᠤᠯᠠᠭ᠎ᠠ ᠶᠢᠨ ᠦᠢᠯᠡᠳᠦᠯ ᠢ ᠨᠢ ᠴᠢᠩᠭᠠᠷᠠᠭᠤᠯᠤᠭᠰᠠᠨ ᠪᠠᠶᠢᠨ᠎ᠠ᠃ ︽ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠠᠶᠢᠯᠳᠤᠬᠤ ᠪᠣᠳᠣᠯᠭ᠎ᠠ ᠶᠢᠨ ᠠᠵᠢᠯᠯᠠᠭᠠᠨ ᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠬᠦ 2014 — 2020︾᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ︽ᠰᠢᠨ᠎ᠡ ᠬᠡᠪ ᠪᠠᠶᠢᠳᠠᠯ ᠤᠨ ᠳᠣᠣᠷ᠎ᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠤᠯᠤᠰ ᠪᠣᠯᠬᠤ ᠠᠯᠬᠤᠮ ᠢ ᠲᠦᠷᠭᠡᠳᠬᠡᠬᠦ ᠲᠤᠬᠠᠶ ᠰᠠᠨᠠᠯ ᠤᠳ︾᠎ ᠲᠤ ᠴᠤ ᠴᠥᠮ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯ ᠳᠤ ᠲᠣᠳᠣᠷᠬᠠᠶ ᠱᠠᠭᠠᠷᠳᠠᠯᠭ᠎ᠠ ᠳᠤᠷᠠᠳᠤᠭᠰᠠᠨ ᠶᠤᠮ ᠭᠡᠵᠡᠢ᠃      ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠨᠢ ᠰᠠᠯᠤᠰᠢ ᠦᠭᠡᠢ ᠨᠢᠭᠲᠠ ᠬᠤᠯᠪᠣᠭ᠎ᠠ ᠲᠠᠢ ᠪᠠᠶᠢᠳᠠᠭ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠨᠢ ᠪᠦᠬᠦ᠋ᠢᠯᠡ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠠᠪᠤᠴᠠ ᠳᠤ ᠨᠡᠪᠴᠢᠵᠦ ᠪᠠᠶᠢᠳᠠᠭ᠃ ᠮᠠᠨ ᠤ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯ ᠤᠨ ᠰᠠᠭᠤᠷᠢ ᠨᠢᠮᠭᠡᠨ᠂ ᠰᠡᠯᠭᠦᠬᠦ ᠬᠦᠴᠦᠨ ᠨᠢ ᠭᠦᠢᠴᠡᠳ ᠪᠠᠶᠢᠵᠤ᠂ ᠡᠯ᠎ᠡ ᠭᠠᠵᠠᠷ ᠣᠷᠣᠨ ᠤ ᠠᠳᠠᠯᠢ ᠪᠤᠰᠤ ᠨᠥᠬᠦᠴᠡᠯ ᠳᠣᠣᠷᠠᠬᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯ ᠨᠢ ᠲᠤᠰ ᠲᠤᠰ ᠤᠨ ᠦᠪᠡᠷᠮᠢᠴᠡ ᠣᠨᠴᠠᠯᠢᠭ ᠲᠠᠢ ᠪᠠᠶᠢᠳᠠᠭ᠂ ᠰᠢᠨ᠎ᠡ ᠬᠡᠪ ᠪᠠᠶᠢᠳᠠᠯ ᠤᠨ ᠳᠣᠣᠷ᠎ᠠ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠬᠦ ᠪᠠᠷ ᠭᠤᠣᠯᠳᠠᠯᠭ᠎ᠠ ᠪᠣᠯᠭᠠᠬᠤ ᠲᠣᠭᠤᠷᠢᠨ ᠳᠤ᠂ ᠠᠵᠢᠯ ᠤᠨ ᠰᠡᠳᠬᠢᠮᠵᠢ ᠪᠠᠨ ᠰᠢᠨᠡᠴᠢᠯᠡᠵᠦ᠂ ᠢᠳᠡᠪᠬᠢᠲᠡᠶ ᠠᠵᠢᠯᠯᠠᠨ᠂ ᠬᠠᠷᠠᠯᠲᠠ ᠪᠠᠨ ᠲᠣᠳᠤᠷᠬᠠᠶᠢᠯᠠᠵᠤ᠂ ᠳᠤᠲᠠᠭᠤᠳᠠᠯ ᠢᠶᠠᠨ ᠨᠦᠬᠦᠪᠦᠷᠢᠯᠡᠨ᠂ ᠮᠠᠨ ᠤ ᠤᠷᠤᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯ ᠢ ᠰᠢᠨ᠎ᠡ ᠨᠢᠭᠡᠨ ᠳᠡᠭᠲᠡᠷ ᠲᠤ ᠭᠠᠷᠭᠠᠬᠤ ᠬᠡᠷᠡᠭᠲᠡᠶ᠃      ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ︵ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶᠎ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠭᠠᠵᠠᠷ᠂ ᠲᠤᠰᠬᠠᠶ ᠠᠰᠢᠭ ᠤᠨ ᠭᠠᠵᠠᠷ᠂ ᠲᠤᠰᠬᠠᠶ ᠠᠰᠢᠭ ᠤᠨ ᠠᠵᠢᠯ ᠢ ᠣᠷᠣᠯᠠᠨ ᠭᠦᠢᠴᠡᠳᠬᠡᠬᠦ ᠭᠠᠵᠠᠷ᠂ ᠢᠯᠡᠴᠢᠯᠡᠨ ᠮᠡᠳᠡᠭᠦᠯᠬᠦ ᠵᠠᠭᠠᠯᠳᠣᠬᠤ ᠦᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ ᠨᠠᠷ ᠬᠤᠷᠠᠯ ᠳᠤ ᠣᠷᠤᠯᠴᠠᠭᠰᠠᠨ ᠪᠦᠭᠡᠳ ᠶᠠᠷᠢᠯᠴᠠᠭᠠᠨ ᠳᠤ ᠣᠷᠤᠯᠴᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号