ᠪᠦᠬᠦ ᠤᠷᠤᠨ ᠤ ᠠᠭᠠᠷ ᠪᠤᠯᠤᠨ ᠤᠰᠤᠨ ᠤ ᠪᠤᠬᠢᠷᠳᠤᠯ ᠢ ᠰᠡᠷᠬᠡᠶᠢᠯᠡᠨ ᠵᠠᠰᠠᠬᠤ ᠠᠵᠢᠯ ᠤᠨ ᠬᠤᠷᠡᠯ ᠬᠤᠷᠡᠯᠳᠤᠪᠡ  ᠹᠦ᠋ ᠲᠠᠢ ᠽᠧᠩ ᠶᠠᠷᠢᠶ᠎ᠡ ᠲᠠᠯᠪᠢᠵᠤ ᠴᠠᠩ ᠵᠢᠶᠦ᠋ᠨ ᠵᠧᠩ ᠬᠤᠷᠠᠯ ᠡᠷᠬᠢᠯᠡᠵᠡᠢ
ᠨᠡᠶᠢᠲᠡᠯᠡᠭᠰᠡᠨ ᠴᠠᠭ᠄
2016/6/23
     6 ᠳ᠋ᠤᠭᠠᠷ ᠰᠠᠷ᠎ᠠ ᠶᠢᠨ 21᠎ ᠤ ᠡᠳᠦᠷ ᠤᠨ ᠦᠳᠡ ᠶᠢᠨ ᠬᠤᠶᠢᠨ᠎ᠠ᠂ ᠦᠪᠡᠷᠳᠡᠬᠡᠨ ᠵᠠᠰᠠᠬᠤ ᠤᠷᠤᠨ ᠪᠦᠬᠦ ᠤᠷᠤᠨ ᠤ ᠠᠭᠠᠷ ᠪᠤᠯᠤᠨ ᠤᠰᠤᠨ ᠤ ᠪᠤᠬᠢᠷᠳᠤᠯ ᠢ ᠰᠡᠷᠬᠡᠶᠢᠯᠡᠨ ᠵᠠᠰᠠᠬᠤ ᠠᠵᠢᠯ ᠤᠨ ᠲᠧᠯᠸᠢᠰ ᠤᠳᠠᠰᠤ ᠬᠤᠷᠠᠯ ᠬᠤᠷᠠᠯᠳᠤᠭᠤᠯᠵᠤ᠂ ᠦᠪᠡᠷᠳᠡᠬᠡᠨ ᠵᠠᠰᠠᠬᠤ ᠤᠷᠤᠨ ᠠᠴᠠ ᠡᠯ᠎ᠡ ᠠᠶᠢᠮᠠᠬ ᠬᠤᠳᠡ ᠶᠢᠨ 2015 ᠤᠨ ᠤ ᠠᠭᠠᠷ᠂ ᠭᠤᠤᠯᠳᠠᠯᠭ᠎ᠠ ᠲᠠᠢ ᠰᠠᠪᠡ ᠭᠠᠵᠡᠷ᠂ ᠬᠦᠨᠳᠤ ᠲᠡᠮᠦᠷᠯᠢᠭ ᠤᠨ ᠪᠤᠬᠢᠷᠳᠤᠯ ᠢ ᠰᠡᠷᠭᠡᠶᠢᠯᠡᠨ ᠵᠠᠰᠠᠬᠤ ᠠᠵᠢᠯ ᠢ ᠬᠢᠨᠠᠨ ᠰᠢᠯᠭᠠᠬᠰᠠᠨ ᠦᠷ᠎ᠡ ᠳ᠋ᠦᠩ ᠢ ᠨᠡᠶᠢᠳᠡᠯᠡᠵᠤ᠂ ︽12·5︾᠎ ᠶᠢᠨ ᠲᠦᠯᠦᠪᠵᠢᠬᠦᠯᠬᠡ ᠶᠢᠨ ᠬᠤᠭᠤᠴᠠᠭ᠎ᠠ ᠪᠤᠯᠤᠨ 2015 ᠤᠨ ᠤ ᠠᠭᠠᠷ᠂ ᠭᠤᠤᠯᠳᠠᠯᠭ᠎ᠠ ᠲᠠᠢ ᠰᠠᠪᠡ ᠭᠠᠵᠡᠷ᠂ ᠬᠦᠨᠳᠤ ᠲᠡᠮᠦᠷᠯᠢᠭ ᠤᠨ ᠪᠤᠬᠢᠷᠳᠤᠯ ᠢ ᠰᠡᠷᠬᠡᠶᠢᠯᠡᠨ ᠵᠠᠰᠠᠬᠰᠠᠨ ᠠᠵᠢᠯ ᠢ ᠳ᠋ᠦᠩᠨᠠᠠ᠂ ᠬᠤᠶᠢᠰᠢᠳᠡ ᠶᠢᠨ ᠨᠢᠬᠡ ᠬᠡᠰᠡᠭ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠡᠬᠦᠷᠬᠡ ᠳᠤ ᠪᠠᠶᠢᠷᠢᠯᠠᠭᠤᠯᠤᠯᠳᠡ ᠬᠢᠵᠡᠢ᠃      ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠬᠦᠨ᠂ ᠦᠪᠡᠷᠳᠡᠬᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠹᠦ᠋ ᠲᠠᠢ ᠽᠧᠩ ᠶᠠᠷᠢᠶ᠎ᠠ ᠲᠠᠯᠪᠢᠵᠤ᠂ ᠦᠪᠡᠷᠳᠡᠬᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠴᠠᠩ ᠵᠢᠶᠦ᠋ᠨ ᠵᠧᠩ ᠬᠤᠷᠠᠯ ᠡᠷᠬᠢᠯᠡᠪᠡ᠃      ᠬᠤᠷᠠᠯ ᠠᠴᠠ᠂ ︽12·5︾᠎ ᠶᠢᠨ ᠲᠦᠯᠦᠪᠵᠢᠬᠦᠯᠬᠡ ᠶᠢᠨ ᠬᠤᠭᠤᠴᠠᠭᠠᠨ ᠳᠤ᠂ ᠪᠦᠬᠦ ᠤᠷᠤᠨ ᠤ ᠡᠯ᠎ᠡ ᠱᠠᠳᠤᠨ ᠤ ᠵᠠᠰᠠᠭ ᠤᠨ ᠤᠷᠳᠤᠨ ᠤ ᠬᠠᠮᠳᠤ ᠶᠢᠨ ᠴᠢᠷᠮᠠᠶᠢᠯᠭ᠎ᠠ ᠪᠠᠷ᠂ ᠠᠭᠠᠷ ᠪᠤᠯᠤᠨ ᠤᠰᠤᠨ ᠤ ᠪᠤᠬᠢᠷᠳᠤᠯ ᠢ ᠰᠡᠷᠬᠡᠶᠢᠯᠡᠨ ᠵᠠᠰᠠᠬᠤ ᠡᠬᠦᠷᠬᠡ ᠪᠠᠨ ᠠᠮᠵᠢᠯᠳᠡ ᠲᠠᠢ ᠪᠡᠶᠡᠯᠡᠬᠦᠯᠵᠤ᠂ ᠪᠦᠬᠦ ᠤᠷᠤᠨ ᠤ ᠤᠷᠴᠢᠨ ᠲᠤᠭᠤᠷᠢᠨ ᠤ ᠶᠠᠰᠤ ᠴᠢᠨᠡᠷ ᠦᠷᠬᠦᠯᠵᠢᠯᠡᠨ ᠰᠠᠶᠢᠵᠢᠷᠠᠪᠡ᠃ ᠬᠡᠪᠡᠴᠤ ᠤᠳᠤᠬᠠᠨ ᠳᠤ᠂ ᠤᠷᠴᠢᠨ ᠲᠤᠭᠤᠷᠢᠨ ᠤ ᠠᠰᠠᠭᠤᠳᠠᠯ ᠮᠦᠨᠬᠦ ᠤᠷᠤᠰᠢᠬᠰᠠᠭᠠᠷ᠂ ︽ᠵᠦᠪᠰᠢᠶᠡᠷᠡᠯ ᠦᠬᠡᠢ ᠪᠠᠷ ᠤᠷᠢᠳᠠᠪᠡᠷ ᠪᠠᠶᠢᠭᠤᠯᠤᠬᠰᠠᠨ︾ ᠲᠦᠷᠦᠯ ᠵᠦᠢᠯ ᠢ ᠵᠠᠰᠠᠨ ᠴᠡᠭᠴᠡᠯᠡᠬᠦ ᠵᠡᠷᠬᠡ ᠠᠵᠢᠯ ᠤᠨ ᠡᠬᠦᠷᠬᠡ ᠮᠦᠨ ᠪᠠᠴᠢᠮ ᠱᠠᠭᠠᠷᠳᠠᠬᠳᠠᠵᠤ ᠪᠠᠶᠢᠨ᠎ᠡ᠃ ᠡᠯ᠎ᠡ ᠭᠠᠵᠡᠷ ᠤᠷᠤᠨ ᠡᠯ᠎ᠡ ᠰᠠᠯᠠᠭ᠎ᠠ ᠮᠦᠴᠢᠷ ᠤᠨ ᠬᠢᠨ ᠤᠳᠤᠬᠢ ᠪᠠᠶᠢᠳᠠᠯ ᠢ ᠤᠯᠠᠮ ᠨᠢᠬᠡ ᠠᠯᠬᠤᠮ ᠲᠤᠳᠤᠷᠬᠠᠢ ᠲᠠᠨᠢᠵᠤ᠂ ᠠᠵᠢᠯ ᠤᠨ ᠬᠠᠷᠢᠭᠤᠴᠠᠯᠭᠠᠳᠤ ᠰᠡᠳᠬᠢᠯᠬᠡ ᠪᠤᠯᠤᠨ ᠪᠠᠴᠢᠮ ᠲᠤᠯᠭᠠᠮ᠎ᠡ ᠰᠡᠳᠬᠢᠯᠬᠡ ᠪᠠᠨ ᠲᠡᠬᠡᠭᠰᠢᠯᠡᠬᠦᠯᠤᠨ᠂ ᠠᠭᠠᠷ ᠪᠤᠯᠤᠨ ᠤᠰᠤᠨ ᠤ ᠪᠤᠬᠢᠷᠳᠤᠯ ᠢ ᠰᠡᠷᠬᠡᠶᠢᠯᠡᠨ ᠵᠠᠰᠠᠬᠤ ᠠᠵᠢᠯ ᠢ ᠦᠨᠡᠨᠬᠦ ᠰᠠᠶᠢᠳᠤᠷ ᠬᠢᠵᠤ᠂ ᠡᠯ᠎ᠡ ᠲᠦᠷᠦᠯ ᠤᠨ ᠬᠠᠷᠠᠯᠳᠡ ᠡᠬᠦᠷᠬᠡ ᠪᠠᠨ ᠪᠡᠶᠡᠯᠡᠬᠦᠯᠬᠦ ᠶᠢ ᠪᠠᠳᠤᠯᠠᠬᠤ ᠬᠡᠷᠡᠭᠳᠡᠢ ᠬᠡᠵᠡᠢ᠃      ᠬᠤᠷᠠᠯ ᠳᠡᠭᠡᠷ᠎ᠠ᠂ ᠪᠦᠬᠦ ᠤᠷᠤᠨ ᠤ ᠠᠭᠠᠷ ᠪᠤᠯᠤᠨ ᠤᠰᠤᠨ ᠤ ᠪᠤᠬᠢᠷᠳᠤᠯ ᠢ ᠰᠡᠷᠬᠡᠶᠢᠯᠡᠨ ᠵᠠᠰᠠᠬᠤ ᠠᠵᠢᠯ ᠢ ᠭᠤᠶᠢᠪᠢᠰᠢ ᠦᠬᠡᠢ ᠲᠦᠯᠬᠢᠨ ᠠᠬᠢᠭᠤᠯᠵᠤ᠂ ᠤᠷᠴᠢᠨ ᠲᠤᠭᠤᠷᠢᠨ ᠤ ᠪᠠᠶᠢᠭᠤᠯᠤᠮᠵᠢ ᠶᠢᠨ ᠦᠬᠡᠷᠡᠴᠢᠯᠡᠯᠳᠡ ᠶᠢ ᠪᠦᠬᠦ ᠬᠦᠴᠦᠨ ᠢᠶᠠᠷ ᠢᠶᠠᠨ ᠬᠦᠨᠵᠡᠬᠡᠶᠢᠷᠡᠬᠦᠯᠤᠨ᠂ ᠲᠦᠷᠦᠯ ᠵᠦᠢᠯ ᠤᠨ ᠪᠠᠶᠢᠭᠤᠯᠤᠯᠳᠡ ᠶᠢ ᠵᠠᠰᠠᠬᠤ ᠠᠵᠢᠯ ᠢ ᠠᠬᠢᠭᠤᠯᠵᠤ᠂ ᠤᠷᠴᠢᠨ ᠲᠤᠭᠤᠷᠢᠨ ᠤ ᠪᠡᠯᠡ ᠤᠷᠤᠭᠤᠯᠤᠯᠳᠡ ᠶᠢ ᠲᠠᠰᠤᠷᠠᠯᠳᠡ ᠦᠬᠡᠢ ᠨᠡᠮᠡᠭᠳᠡᠬᠦᠯᠦᠨ᠂ ᠤᠷᠴᠢᠨ ᠲᠤᠭᠤᠷᠢᠨ ᠤ ᠬᠠᠤᠯᠢ ᠬᠡᠷᠡᠭᠵᠢᠬᠦᠯᠬᠦ᠂ ᠬᠢᠨᠠᠨ ᠬᠠᠮᠢᠶᠠᠷᠬᠤ ᠵᠡᠷᠬᠡ 4 ᠲᠦᠷᠦᠯ ᠤᠨ ᠭᠤᠤᠯᠳᠠᠯᠭ᠎ᠠ ᠲᠠᠢ ᠠᠵᠢᠯ ᠢ ᠤᠯᠠᠮ ᠴᠢᠨᠠᠬᠰᠢᠳᠠ ᠴᠢᠩᠭᠠᠣᠨᠬᠠᠬᠤ ᠬᠡᠷᠡᠭᠳᠡᠢ ᠬᠡᠵᠦ ᠴᠢᠬᠤᠯᠠᠴᠢᠯᠠᠪᠠ᠃      ᠬᠤᠷᠠᠯ ᠳᠡᠭᠡᠷ᠎ᠠ᠂ ᠡᠯ᠎ᠡ ᠭᠠᠵᠡᠷ ᠤᠷᠤᠨ ᠡᠯ᠎ᠡ ᠰᠠᠯᠠᠭ᠎ᠠ ᠮᠦᠴᠢᠷ ᠤᠨ ᠬᠢᠨ ᠤᠳᠤᠷᠢᠳᠤᠯᠭ᠎ᠠ ᠪᠠᠨ ᠴᠢᠩᠭᠠᠳᠬᠠᠨ᠂ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠨᠠᠮ ᠵᠠᠰᠠᠬ ᠠᠳᠠᠯᠢᠬᠠᠨ ᠬᠠᠷᠢᠭᠤᠴᠠᠯᠭ᠎ᠠ ᠡᠬᠦᠷᠬᠡᠯᠡᠬᠦ ᠪᠤᠯᠤᠨ ᠨᠢᠬᠡ ᠠᠵᠢᠯ ᠤᠨ ᠪᠠᠶᠢᠷᠢ ᠶᠢᠨ ᠬᠤᠶᠡᠷ ᠬᠠᠷᠢᠭᠤᠴᠠᠯᠭ᠎ᠠ ᠶᠢᠨ ᠲᠦᠷᠢᠮ ᠢ ᠨᠠᠷᠢᠨ ᠬᠢᠨᠠᠮᠠᠭᠠᠢ ᠬᠡᠷᠡᠭᠵᠢᠬᠦᠯᠦᠨ᠂ ᠠᠵᠤ ᠠᠬᠤᠢᠢᠯᠠᠯ ᠤᠨ ᠭᠤᠤᠯ ᠴᠤᠬᠴᠡ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠪᠠᠶᠢᠴᠠᠭᠠᠯᠳᠡ ᠶᠢ ᠴᠢᠩᠭ᠎ᠠ ᠱᠠᠭᠠᠷᠳᠠᠨ᠂ ᠬᠢᠨᠠᠨ ᠰᠢᠯᠭᠠᠵᠤ ᠬᠠᠷᠢᠭᠤᠴᠠᠯᠭ᠎ᠠ ᠨᠡᠬᠡᠮᠵᠢᠯᠡᠨ᠂ ᠪᠦᠬᠦ ᠤᠷᠤᠨ ᠤ ᠠᠮᠢ ᠠᠬᠤᠢ ᠤᠷᠴᠢᠨ ᠲᠤᠭᠤᠷᠢᠨ ᠤ ᠶᠠᠰᠤ ᠴᠢᠨᠡᠷ ᠢ ᠪᠦᠬᠦ ᠲᠠᠯ᠎ᠡ ᠪᠠᠷ ᠰᠠᠶᠢᠵᠢᠷᠠᠭᠤᠯᠵᠤ᠂ ᠦᠪᠡᠷᠳᠡᠬᠡᠨ ᠵᠠᠰᠠᠬᠤ ᠤᠷᠤᠨ ᠤ ᠠᠵᠤ ᠠᠬᠤᠢ ᠨᠡᠶᠢᠬᠡᠮ ᠤᠨ ᠲᠤᠬᠳᠠᠭᠤᠨ ᠪᠦᠭᠡᠤᠨ ᠡᠷᠡᠬᠦᠯ ᠢᠶᠠᠷ ᠬᠦᠭᠵᠢᠬᠦ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠳᠡᠢ ᠬᠡᠵᠦ ᠱᠠᠭᠠᠷᠳᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号