ᠥᠪᠥᠷ ᠮᠣᠩᠭᠤᠯ ᠤᠨ ᠪᠠᠶᠢᠭᠤᠯᠵᠤ ᠪᠠᠶᠢᠭ᠎ᠠ ᠴᠢᠭᠤᠯᠤᠯᠲᠤ ᠬᠠᠭᠠᠯᠭ᠎ᠠ ᠠᠴᠠ ᠬᠦᠬᠡᠬᠤᠲᠠ ᠬᠦᠷᠬᠦ ᠠᠶᠠᠨᠴᠢᠳ ᠤᠨ ᠲᠡᠭᠡᠭᠡᠪᠦᠷᠢ ᠶᠢᠨ ᠠᠩᠬᠠᠳᠠᠭᠴᠢ ᠳᠡᠭᠡᠳᠦ ᠬᠤᠷᠳᠤᠴᠠᠲᠤ ᠲᠤᠰᠬᠠᠶ ᠲᠡᠮᠦᠷ ᠵᠠᠮ ᠤᠨ ᠵᠠᠮ ᠲᠡᠮᠦᠷ ᠢ ᠵᠢᠩᠬᠢᠨᠢ ᠪᠠᠷ ᠳᠡᠪᠢᠰᠪᠡ
ᠨᠡᠶᠢᠲᠡᠯᠡᠭᠰᠡᠨ ᠴᠠᠭ᠄
2016/6/23
     6 ᠳ᠋ᠤᠭᠠᠷ ᠰᠠᠷ᠎ᠠ ᠶᠢᠨ 22᠎ ᠤᠨ ᠦᠳᠡ ᠶᠢᠨ ᠡᠮᠦᠨᠡᠬᠢ 10 ᠴᠠᠭ ᠲᠤ᠂ ᠲᠡᠮᠦᠷ ᠵᠠᠮ ᠳᠡᠪᠰᠢᠬᠦ ᠲᠤᠮᠤ ᠬᠡᠯᠪᠡᠷᠢ ᠶᠢᠨ ᠮᠠᠰᠢᠨ ᠨᠤᠭᠤᠳ ᠤᠨ ᠨᠦᠰᠡᠷ ᠶᠡᠭᠡ ᠳᠠᠭᠤ ᠶᠢ ᠳᠠᠭᠠᠯᠳᠤᠨ᠂ 500 ᠮᠧᠲᠷ ᠤᠷᠲᠤ ᠬᠤᠶᠠᠷ ᠪᠤᠯᠤᠳ ᠵᠠᠮ ᠲᠡᠮᠦᠷ ᠢ ᠴᠢᠭᠤᠯᠤᠯᠲᠤ ᠬᠠᠭᠠᠯᠭ᠎ᠠ ᠠᠴᠠ ᠬᠥᠬᠡᠬᠤᠲᠠ ᠬᠦᠷᠬᠦ ᠠᠶᠠᠨᠴᠢᠳ ᠤᠨ ᠲᠡᠭᠡᠭᠡᠪᠦᠷᠢ ᠶᠢᠨ ᠲᠤᠰᠬᠠᠶ ᠱᠤᠭᠤᠮ ᠤᠨ ᠤᠯᠠᠭᠠᠨᠴᠠᠪ ᠪᠤᠯᠤᠨ ᠬᠥᠬᠡᠬᠤᠲᠠ ᠶᠢᠨ ᠬᠤᠭᠤᠷᠤᠨᠳᠤᠬᠢ ᠲᠡᠮᠦᠷ ᠵᠠᠮ ᠤᠨ ᠳᠡᠷ᠎ᠡ ᠳᠡᠭᠡᠷ᠎ᠡ ᠳᠡᠪᠢᠰᠴᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠤᠯᠵᠤ ᠪᠠᠶᠢᠭ᠎ᠠ ᠠᠩᠬᠠᠳᠠᠭᠴᠢ ᠳᠡᠭᠡᠳᠦ ᠬᠤᠷᠳᠤᠴᠠᠲᠤ ᠲᠡᠮᠦᠷ ᠵᠠᠮ ᠤᠨ ᠵᠠᠮ ᠲᠡᠮᠦᠷ ᠢ ᠵᠢᠩᠬᠢᠨᠢ ᠳᠡᠪᠢᠰᠴᠦ ᠡᠬᠢᠯᠡᠭᠰᠡᠨ ᠢ ᠬᠠᠷᠠᠭᠤᠯᠤᠭᠰᠠᠨ ᠪᠠᠶᠢᠨ᠎ᠠ᠃       ᠴᠢᠭᠤᠯᠤᠯᠲᠤ ᠬᠠᠭᠠᠯᠭ᠎ᠠ ᠠᠴᠠ ᠬᠦᠬᠡᠬᠤᠲᠠ ᠬᠦᠷᠬᠦ ᠠᠶᠠᠨᠴᠢᠳ ᠤᠨ ᠲᠡᠭᠡᠭᠡᠪᠦᠷᠢ ᠶᠢᠨ ᠲᠤᠰᠬᠠᠶ ᠱᠤᠭᠤᠮ ᠪᠣᠯ ᠣᠳᠣᠬᠠᠨ ᠤ ᠤᠯᠤᠰ ᠤᠨ ᠳᠣᠲᠣᠭᠠᠳᠤ ᠶᠢᠨ ᠬᠠᠮᠤᠭ ᠤᠨ ᠲᠦᠷᠭᠡᠨ ᠬᠤᠷᠳᠤᠴᠠ ᠲᠠᠢ ᠪᠠᠷ ᠵᠢᠷᠤᠵᠤ ᠲᠦᠯᠦᠪᠯᠡᠭᠰᠡᠨ ᠲᠡᠮᠦᠷ ᠵᠠᠮ ᠤᠨ ᠨᠢᠭᠡ ᠨᠢ ᠪᠤᠯᠤᠨ᠎ᠠ᠂ ᠪᠠᠷᠢᠯᠭ᠎ᠠ ᠪᠠᠷᠢᠬᠤ ᠲᠤᠬᠢᠷᠠᠭᠤᠯᠤᠯᠳᠡ ᠶᠢ ᠦᠨᠳᠦᠰᠦᠯᠡᠪᠡᠯ᠂ ᠡᠨᠡ ᠡᠪᠦᠯ ᠠᠴᠠ ᠡᠮᠦᠨ᠎ᠡ 296.6 ᠺᠢᠯᠣᠮᠧᠲᠷ ︵ᠳᠠᠩ ᠱᠤᠭᠤᠮ︶᠎ ᠤᠨ ᠲᠡᠮᠦᠷ ᠵᠠᠮ ᠳᠡᠪᠢᠰᠬᠦ ᠡᠭᠦᠷᠭᠡ ᠶᠢ ᠪᠡᠶᠡᠯᠡᠭᠦᠯᠵᠦ᠂ ᠡᠭᠦᠨ ᠳᠤ ᠭᠤᠣᠯ ᠱᠤᠭᠤᠮ ᠤᠨ ᠬᠡᠮᠬᠡᠳᠡᠭ ᠲᠠᠢ ᠬᠡᠰᠡᠭ ᠤᠨ 234.046 ᠺᠢᠯᠣᠮᠧᠲᠷ ᠲᠡᠮᠦᠷ ᠵᠠᠮ ᠂ ᠥᠷᠲᠡᠭᠡᠨ ᠤ ᠳᠤᠲᠤᠷᠠᠬᠢ 11.1 ᠺᠢᠯᠣᠮᠧᠲᠷ ᠲᠡᠮᠦᠷ ᠵᠠᠮ᠂ ᠬᠡᠮᠬᠡᠳᠡᠭ ᠦᠭᠡᠢ ᠬᠡᠰᠡᠭ ᠤᠨ 51.5 ᠺᠢᠯᠣᠮᠧᠲᠷ ᠲᠡᠮᠦᠷ ᠵᠠᠮ᠂ ᠠᠭᠤᠯᠵᠠᠷ ᠤᠨ 48 ᠰᠠᠯᠠᠭ᠎ᠠ ᠵᠠᠮ ᠢ ᠳᠡᠪᠢᠰᠬᠦ ᠪᠤᠯᠤᠨ᠎ᠠ᠃      ᠣᠶᠢᠯᠠᠭᠠᠭᠰᠠᠨ ᠢᠶᠠᠷ᠂ ᠴᠢᠭᠤᠯᠤᠯᠲᠤ ᠬᠠᠭᠠᠯᠭ᠎ᠠ ᠠᠴᠠ ᠬᠦᠬᠡᠬᠤᠲᠠ ᠬᠦᠷᠬᠦ ᠠᠶᠠᠨᠴᠢᠨ ᠤ ᠲᠡᠭᠡᠭᠡᠪᠦᠷᠢ ᠶᠢᠨ ᠲᠤᠰᠬᠠᠶ ᠲᠡᠮᠦᠷ ᠵᠠᠮ ᠪᠣᠯ ᠥᠪᠥᠷ ᠮᠣᠩᠭᠤᠯ ᠤᠨ ᠰᠢᠨ᠎ᠡ ᠪᠠᠷ ᠪᠠᠶᠢᠭᠤᠯᠤᠭᠰᠠᠨ ᠳᠡᠭᠡᠳᠦ ᠬᠤᠷᠳᠤᠴᠠᠲᠤ ᠠᠩᠬᠠᠳᠠᠭᠴᠢ ᠲᠠᠮᠣᠷ ᠵᠠᠮ ᠮᠦᠨ᠂ ᠥᠪᠥᠷ ᠮᠣᠩᠭᠤᠯ ᠤᠨ ᠬᠥᠬᠡᠬᠤᠲᠠ᠂ ᠤᠯᠠᠭᠠᠨᠴᠠᠪ ᠪᠣᠯᠤᠨ ᠾᠧᠪᠸᠢ ᠮᠤᠵᠢ ᠶᠢᠨ ᠴᠢᠭᠤᠯᠤᠯᠲᠤ ᠬᠠᠭᠠᠯᠭ᠎ᠠ ᠬᠤᠲᠠ ᠪᠠᠷ ᠦᠩᠭᠡᠷᠡᠵᠦ᠂ ᠪᠦᠬᠦ ᠣᠷᠳᠣ ᠨᠢ 286.8 ᠺᠢᠯᠣᠮᠧᠲᠷ᠂ ᠵᠢᠷᠤᠵᠤ ᠲᠥᠯᠥᠪᠯᠡᠭᠰᠡᠨ ᠴᠠᠭ ᠤᠨ ᠬᠤᠷᠳᠤᠴᠠ ᠨᠢ 250 ᠺᠢᠯᠣᠮᠧᠲᠷ ᠪᠠᠶᠢᠵᠤ᠂ 2014 ᠣᠨ ᠤ 7 ᠳ᠋ᠤᠭᠠᠷ ᠰᠠᠷ᠎ᠠ ᠳᠤ ᠰᠠᠷ᠎ᠠ ᠳᠤ ᠠᠵᠢᠯ ᠡᠬᠢᠯᠡᠭᠦᠯᠦᠨ ᠪᠥᠳᠥᠭᠡᠨ ᠪᠠᠶᠢᠭᠤᠯᠵᠤ᠂ ᠵᠢᠷᠤᠵᠤ ᠲᠦᠯᠦᠪᠯᠡᠭᠰᠡᠨ ᠠᠵᠢᠯ ᠤᠨ ᠬᠤᠭᠤᠴᠠᠭ᠎ᠠ ᠨᠢ 4 ᠵᠢᠯ ᠪᠤᠯᠤᠨ᠎ᠠ᠂ ᠪᠠᠶᠢᠭᠤᠯᠤᠭᠳᠠᠭᠰᠠᠨ ᠤ ᠳᠠᠷᠠᠭ᠎ᠠ ᠪᠠᠶᠢᠭᠤᠯᠵᠤ ᠪᠠᠶᠢᠭ᠎ᠠ ᠪᠡᠭᠡᠵᠢᠩ ᠠᠴᠠ ᠴᠢᠭᠤᠯᠤᠯᠲᠤ ᠬᠠᠭᠠᠯᠭ᠎ᠠ ᠬᠦᠷᠬᠦ ᠳᠡᠭᠡᠳᠦ ᠬᠤᠷᠳᠤᠴᠠᠲᠤ ᠲᠡᠮᠦᠷ ᠵᠡᠮ ᠲᠠᠢ ᠵᠠᠯᠭᠠᠵᠤ᠂ ᠥᠪᠥᠷ ᠮᠣᠩᠭᠤᠯ ᠤᠨ ᠳᠤᠮᠳᠠ ᠪᠡᠶ᠎ᠡ ᠪᠠ ᠪᠠᠷᠠᠭᠤᠨ ᠪᠡᠶ᠎ᠡ ᠶᠢᠨ ᠭᠠᠵᠠᠷ ᠣᠷᠣᠨ ᠤ ᠪᠡᠭᠡᠵᠢᠩ ᠳᠤ ᠤᠴᠢᠬᠤ ᠲᠦᠷᠭᠡᠨ ᠵᠠᠮ ᠪᠤᠯᠤᠨ᠎ᠠ᠃ ᠲᠡᠷᠡ ᠦᠶ᠎ᠡ ᠳᠤ᠂ ᠬᠥᠬᠡᠬᠤᠲᠠ ᠠᠴᠠ ᠪᠡᠭᠡᠵᠢᠩ ᠬᠦᠷᠬᠦ ᠴᠠᠭ ᠢ 3 ᠴᠠᠭ ᠪᠤᠯᠭᠠᠨ ᠪᠤᠭᠤᠨᠢᠰᠬᠠᠵᠤ᠂ ᠴᠢᠭᠤᠯᠤᠯᠲᠤ ᠬᠠᠭᠠᠯᠭ᠎ᠠ ᠪᠤᠯᠤᠨ ᠵᠢᠨᠢᠩ ᠤᠨ ᠬᠤᠭᠤᠷᠤᠨᠳᠤᠬᠢ ᠲᠡᠮᠦᠷ ᠵᠠᠮ ᠤᠨ ᠲᠡᠭᠡᠭᠡᠪᠦᠷᠢ ᠶᠢᠨ ᠴᠢᠳᠠᠪᠤᠷᠢ ᠶᠢ ᠤᠯᠠᠮ ᠨᠢᠭᠡ ᠠᠯᠬᠤᠮ ᠨᠡᠭᠡᠭᠡᠬᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠭᠡᠵᠢᠩ ᠲᠢᠶᠠᠨᠵᠢᠨ ᠾᠧᠪᠸᠢ ᠶᠢᠨ ᠠᠵᠤ ᠠᠬᠤᠶ ᠶᠢᠨ ᠪᠦᠰᠡ ᠳᠤ ᠠᠭᠤᠰᠤᠨ ᠤᠷᠤᠬᠤ᠂ ᠣᠷᠣᠨ ᠪᠦᠰᠡ ᠶᠢᠨ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ᠂ ᠠᠷᠠᠳ ᠤᠯᠠᠨ ᠤ ᠶᠠᠪᠤᠵᠤ ᠰᠠᠭᠤᠬᠤ ᠨᠦᠭᠦᠴᠡᠯ ᠢ ᠰᠠᠶᠢᠵᠢᠷᠠᠭᠤᠯᠬᠤ ᠳᠤ ᠮᠠᠰᠢ ᠴᠢᠬᠤᠯᠠ ᠦᠢᠯᠡᠳᠦᠯ ᠲᠠᠢ ᠶᠤᠮ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号