ᠬᠦᠬᠡᠬᠤᠲᠠ ᠪᠣᠭᠤᠲᠣ ᠢᠷᠭᠠᠢ ᠢᠦᠢ ᠯᠢᠨ ᠤ ᠠᠵᠤ ᠠᠬᠤᠶ ᠶᠢᠨ ᠣᠷᠣᠨ ᠤ ᠬᠤᠯᠪᠣᠭᠠᠲᠤ ᠬᠤᠷᠠᠯ ᠪᠤᠭᠤᠲᠤ ᠳᠤ ᠶᠠᠪᠤᠭᠳᠠᠬᠤ ᠪᠠᠷ ᠪᠤᠢ
ᠨᠡᠶᠢᠲᠡᠯᠡᠭᠰᠡᠨ ᠴᠠᠭ᠄
2016/6/23
     6 ᠳ᠋ᠤᠭᠠᠷ ᠰᠠᠷ᠎ᠠ ᠶᠢᠨ 28᠎ ᠤ ᠡᠳᠦᠷ᠂ ᠬᠦᠬᠡᠬᠤᠲᠠ ᠪᠣᠭᠤᠲᠣ ᠢᠷᠭᠠᠢ ᠢᠦᠢ ᠯᠢᠨ ᠤ ᠠᠵᠤ ᠠᠬᠤᠶ ᠶᠢᠨ ᠣᠷᠣᠨ ᠤ ᠳᠥᠷᠪᠡᠳᠦᠭᠡᠷ ᠬᠤᠭᠤᠴᠠᠭᠠᠨ ᠤ ᠬᠤᠯᠪᠤᠭᠠᠲᠤ ᠬᠤᠷᠠᠯ ᠪᠤᠭᠤᠲᠤ ᠬᠤᠲᠠ ᠳᠤ ᠶᠠᠪᠤᠭᠳᠠᠬᠤ ᠪᠠᠷ ᠪᠠᠶᠢᠨ᠎ᠠ᠃ ᠲᠤᠬᠠᠶ ᠶᠢᠨ ᠦᠶ᠎ᠡ ᠳᠤ ᠬᠦᠬᠡᠬᠤᠲᠠ ᠪᠣᠭᠤᠲᠣ ᠢᠷᠭᠠᠢ ᠢᠦᠢ ᠯᠢᠨ ᠤ 13 ᠠᠵᠤ ᠠᠬᠤᠶ ᠶᠢᠨ ᠣᠷᠣᠨ ᠤ ᠪᠦᠷᠢᠯᠳᠦᠬᠦᠨ ᠬᠤᠳᠠ ᠶᠢᠨ ᠭᠤᠣᠯ ᠤᠳᠤᠷᠢᠳᠤᠯᠭ᠎ᠠ ᠨᠠᠷ ᠪᠤᠭᠤᠲᠤ ᠳᠤ ᠴᠤᠭᠯᠠᠷᠠᠵᠤ᠂ ᠬᠥᠭᠵᠢᠯᠲᠡ ᠶᠢᠨ ᠶᠡᠭᠡ ᠪᠤᠳᠤᠯᠭ᠎ᠠ ᠶᠢ ᠬᠠᠮᠲᠤ ᠪᠠᠷ ᠵᠥᠪᠳᠡᠯᠴᠡᠨ᠎ᠡ᠃      ᠬᠤᠷᠠᠯ ᠤᠨ ᠠᠭᠤᠯᠭ᠎ᠠ — —      13 ᠪᠦᠷᠢᠯᠳᠦᠬᠦᠨ ᠬᠤᠳᠠ 7 ᠵᠥᠪᠯᠡᠯᠴᠡᠭᠡᠷ ᠲᠤ ᠭᠠᠷ ᠤᠨ ᠦᠰᠦᠭ ᠵᠢᠷᠤᠨ᠎ᠠ      ᠲᠤᠰ ᠬᠤᠭᠤᠴᠠᠭᠠᠨ ᠤ ᠬᠤᠯᠪᠤᠭᠠᠲᠤ ᠬᠤᠷᠠᠯ ᠨᠢᠭᠡ ᠡᠳᠦᠷ ᠶᠠᠪᠤᠭᠳᠠᠵᠤ᠂ ︽ᠬᠠᠮᠲᠤᠷᠠᠯᠴᠠᠭ᠎ᠠ ᠶᠢᠨ ᠰᠢᠨ᠎ᠡ ᠣᠷᠣᠨ ᠵᠠᠶ ᠶᠢ ᠥᠷᠭᠡᠳᠬᠡᠵᠦ᠂ ᠬᠦᠭᠵᠢᠯᠲᠡ ᠶᠢᠨ ᠰᠢᠨ᠎ᠡ ᠬᠥᠳᠡᠯᠭᠡᠬᠦ ᠬᠦᠴᠦ ᠶᠢ  ᠪᠣᠶᠢᠵᠢᠭᠤᠯᠤᠶ᠎ᠠ︾ ᠭᠡᠰᠡᠨ ᠢᠶᠠᠷ ᠭᠤᠣᠯ ᠰᠡᠳᠦᠪ ᠪᠣᠯᠭᠠᠨ᠂ ᠠᠵᠤ ᠠᠬᠤᠶ ᠶᠢᠨ ᠣᠷᠣᠨ ᠪᠦᠰᠡ ᠶᠢᠨ ᠶᠡᠷᠦᠩᠬᠡᠶᠢᠯᠡᠭᠰᠡᠨ ᠪᠣᠳᠠᠲᠤ ᠬᠦᠴᠦᠨ ᠢ ᠴᠢᠩᠭᠠᠳᠬᠠᠬᠤ᠂ ᠰᠢᠨ᠎ᠡ ᠶᠢ ᠡᠭᠦᠳᠬᠦ ᠪᠣᠳᠠᠲᠤ ᠬᠦᠴᠦᠨ ᠪᠠ ᠦᠷᠭᠦᠯᠵᠢᠯᠡᠨ ᠬᠥᠭᠵᠢᠬᠦ ᠴᠢᠳᠠᠪᠤᠷᠢ ᠶᠢ ᠴᠢᠩᠭᠠᠳᠬᠠᠬᠤ ᠪᠠᠷ ᠬᠠᠷᠠᠯᠲᠠ ᠪᠣᠯᠭᠠᠨ᠎ᠠ᠃ ᠨᠢᠭᠡ ᠭᠤᠣᠯ ᠬᠤᠷᠠᠯ ᠤᠨ ᠲᠠᠯᠠᠪᠠᠢ ᠪᠣᠯᠤᠨ ᠭᠤᠷᠪᠠᠨ ᠬᠤᠪᠢᠶᠠᠷᠢ ᠲᠠᠯᠠᠪᠠᠢ ᠭᠠᠷᠭᠠᠵᠤ᠂ ᠬᠤᠷᠠᠯ ᠤᠨ ᠭᠤᠣᠯ ᠲᠠᠯᠠᠪᠠᠢ ᠶᠢ ᠪᠤᠭᠤᠲᠤ ᠬᠤᠳᠠ ᠶᠢᠨ ᠰᠢᠶᠠᠩ ᠭᠧ ᠯᠢ ᠯᠠ ᠪᠠᠭᠤᠳᠠᠯ ᠳᠤ ᠲᠣᠬᠢᠷᠠᠭᠤᠯᠵᠤ᠂ ᠲᠤᠬᠠᠶ ᠶᠢᠨ ᠦᠶ᠎ᠡ ᠳᠤ ᠭᠤᠣᠯ ᠬᠤᠷᠠᠯ ᠤᠨ ᠲᠠᠯᠠᠪᠠᠢ ᠳᠤ ᠪᠦᠷᠢᠯᠳᠦᠬᠦᠨ ᠬᠤᠲᠠ ᠶᠢᠨ ᠳᠠᠷᠤᠭ᠎ᠠ ᠨᠠᠷ ᠭᠤᠣᠯ ᠰᠡᠳᠦᠪᠲᠦ ᠶᠠᠷᠢᠶ᠎ᠠ ᠲᠠᠯᠪᠢᠬᠤ ᠵᠢᠴᠢ ᠭᠡᠷ᠎ᠡ ᠲᠣᠭᠲᠠᠬᠤ ᠵᠡᠷᠭᠡ ᠠᠵᠢᠯᠯᠠᠭ᠎ᠠ ᠶᠢ ᠦᠷᠨᠢᠭᠦᠯᠦᠨ᠎ᠡ᠃ ᠡᠭᠦᠨ ᠤ ᠬᠠᠮᠲᠤ ᠡᠯ᠎ᠡ ᠬᠤᠪᠢᠶᠠᠷᠢ ᠬᠤᠷᠠᠯ ᠤᠨ ᠲᠠᠯᠠᠪᠠᠢ ᠳᠤ ᠬᠦᠬᠡᠬᠤᠲᠠ ᠪᠣᠭᠤᠲᠣ ᠢᠷᠭᠠᠢ ᠢᠦᠢ ᠯᠢᠨ ᠤ ᠠᠵᠤ ᠠᠬᠤᠶ ᠶᠢᠨ ᠣᠷᠣᠨ ᠤ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠬᠤᠯᠪᠣᠭᠠᠨ ᠤ ᠰᠤᠷᠭᠠᠭᠤᠯᠢ ᠶᠢᠨ ᠵᠠᠬᠢᠷᠤᠯ ᠤᠨ ᠶᠠᠷᠢᠶᠠᠨ ᠤ ᠲᠠᠪᠴᠠᠩ᠂ ᠵᠠᠯᠠᠭᠤᠴᠤᠳ ᠤᠨ ᠠᠵᠤ ᠠᠬᠤᠶ ᠶᠢᠨ ᠶᠠᠷᠢᠶᠠᠨ ᠤ ᠲᠠᠪᠴᠠᠩ ᠵᠢᠴᠢ ᠴᠢᠳᠠᠪᠤᠷᠢᠲᠠᠨ ᠤ ᠰᠣᠯᠢᠯᠴᠠᠭ᠎ᠠ ᠬᠤᠷᠰᠢᠯᠴᠠᠭ᠎ᠠ ᠶᠢᠨ ᠬᠤᠷᠠᠯ ᠵᠡᠷᠭᠡ ᠠᠵᠢᠯᠯᠠᠭ᠎ᠠ ᠶᠢ ᠦᠷᠨᠢᠭᠦᠯᠦᠨ᠎ᠡ᠃      ᠬᠤᠷᠠᠯ ᠤᠨ ᠬᠤᠭᠤᠴᠠᠭᠠᠨ ᠳᠤ᠂ ᠬᠦᠬᠡᠬᠤᠲᠠ ᠪᠣᠭᠤᠲᠣ ᠢᠷᠭᠠᠢ ᠢᠦᠢ ᠯᠢᠨ ᠤ ᠠᠵᠤ ᠠᠬᠤᠶ ᠶᠢᠨ ᠣᠷᠣᠨ ᠤ 13 ᠪᠦᠷᠢᠯᠳᠦᠬᠦᠨ ᠬᠤᠲᠠ ᠶᠢᠨ ᠳᠠᠷᠤᠭ᠎ᠠ ᠨᠠᠷ ᠬᠦᠬᠡᠬᠤᠲᠠ ᠪᠣᠭᠤᠲᠣ ᠢᠷᠭᠠᠢ ᠢᠦᠢ ᠯᠢᠨ ᠤ ᠠᠵᠤ ᠠᠬᠤᠶ ᠶᠢᠨ ᠣᠷᠣᠨ ᠤ ᠳᠡᠭᠡᠳᠦ ᠲᠡᠰ ᠳᠠᠪᠬᠤᠷᠭ᠎ᠠ ᠶᠢᠨ ᠴᠢᠳᠠᠪᠤᠷᠢᠲᠠᠨ ᠤ ᠮᠡᠳᠡᠭᠡ ᠵᠠᠩᠭᠢ ᠶᠢ ᠬᠠᠮᠲᠤᠪᠠᠷ ᠬᠦᠷᠲᠡᠬᠦ᠂ ᠵᠢᠭᠤᠯᠴᠢᠯᠠᠯ ᠤᠨ ᠬᠠᠮᠲᠤᠷᠠᠯᠴᠠᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠠᠵᠤ ᠦᠢᠯᠡᠰ ᠤᠨ ᠬᠤᠷᠰᠢᠯᠴᠠᠭ᠎ᠠ ᠶᠢ ᠢᠵᠢ ᠪᠦᠷᠢᠳᠦᠭᠦᠯᠬᠦ᠂ ᠣᠷᠣᠨ ᠪᠦᠰᠡ ᠶᠢᠨ ᠵᠠᠮ ᠬᠠᠷᠢᠯᠴᠠᠭᠠᠨ ᠤ ᠬᠤᠷᠰᠢᠯᠴᠠᠭ᠎ᠠ᠂ ᠲᠣᠣᠷ ᠰᠦᠯᠵᠢᠶ᠎ᠡ ᠶᠢ ᠬᠠᠮᠵᠢᠯᠴᠠᠨ ᠦᠢᠯᠡᠳᠬᠦ᠂ ᠠᠶᠠᠨᠴᠢᠳ ᠤᠨ ᠲᠡᠭᠡᠭᠡᠪᠦᠷᠢ ᠶᠢᠨ ᠲᠤᠰᠬᠠᠶ ᠱᠤᠭᠤᠮ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠵᠡᠷᠭᠡ 7 ᠵᠦᠢᠯ ᠤᠨ ᠵᠥᠪᠯᠡᠯᠴᠡᠭᠡᠷ ᠲᠤ ᠭᠠᠷ ᠤᠨ ᠦᠰᠦᠭ ᠵᠢᠷᠤᠨ᠎ᠠ᠃      ᠣᠳᠣᠬᠠᠨ ᠳᠤ᠂ ᠬᠤᠷᠠᠯ ᠤᠨ ᠡᠯ᠎ᠡ ᠵᠦᠢᠯ ᠤᠨ ᠪᠡᠯᠡᠳᠬᠡᠯ ᠠᠵᠢᠯ ᠡᠮᠬᠢ ᠳᠠᠷᠠᠭ᠎ᠠ ᠲᠠᠢ ᠶᠠᠪᠤᠭᠳᠠᠵᠤ᠂ ᠬᠤᠷᠠᠯ ᠤᠨ ᠣᠷᠣᠭᠰᠢᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠪᠠᠷ ᠪᠠᠶᠢᠨ᠎ᠠ᠃      ᠠᠩᠬᠠᠳᠤᠭᠠᠷ ᠬᠤᠭᠤᠴᠠᠭᠠᠨ ᠤ ᠬᠤᠯᠪᠤᠭᠠᠲᠤ ᠬᠤᠷᠠᠯ᠄      ᠬᠤᠷᠠᠯ ᠤᠨ ᠴᠠᠭ᠄ 2013 ᠤᠨ ᠤ 4 ᠳ᠋ᠦ᠋ᠭᠡᠷ ᠰᠠᠷ᠎ᠠ ᠶᠢᠨ17᠎ ᠤ ᠡᠳᠦᠷ      ᠬᠤᠷᠠᠯ ᠤᠨ ᠭᠠᠵᠠᠷ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ       ᠬᠤᠷᠠᠯ ᠤᠨ ᠦᠷ᠎ᠡ ᠪᠦᠲᠦᠮᠵᠢ᠄      1. ᠬᠤᠷᠠᠯ ᠠᠴᠠ ︽ᠬᠦᠬᠡᠬᠤᠲᠠ ᠪᠤᠭᠤᠲᠤ ᠢᠷᠭᠠᠢ ᠢᠦᠢ ᠯᠢᠨ ᠤ ᠠᠵᠤ ᠠᠬᠤᠶ ᠶᠢᠨ ᠣᠷᠣᠨ ᠤ ᠬᠤᠳᠠ ᠶᠢᠨ ᠳᠠᠷᠤᠭ᠎ᠠ ᠶᠢᠨ ᠬᠤᠯᠪᠤᠭᠠᠲᠤ ᠬᠤᠷᠠᠯ ᠤᠨ ᠲᠦᠷᠢᠮ︾᠎ ᠢ ᠶᠠᠷᠢᠯᠴᠠᠨ ᠪᠠᠲᠤᠯᠠᠪᠠ᠃      2.ᠳᠠᠷᠠᠭ᠎ᠠ ᠨᠢᠭᠡ ᠬᠤᠭᠤᠴᠠᠭᠠᠨ ᠤ ᠬᠤᠷᠠᠯ ᠢ 2014 ᠣᠨ ᠳᠤ ᠨᠢᠩᠱᠢᠶᠠ ᠶᠢᠨ ᠬᠤᠲᠣᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠢᠷᠭᠠᠢ ᠬᠤᠲᠠ ᠳᠤ ᠬᠤᠷᠠᠯᠳᠤᠬᠤ ᠪᠠᠷ ᠲᠤᠭᠲᠠᠪᠠ᠃      ᠬᠤᠶᠠᠳᠤᠭᠠᠷ ᠬᠤᠭᠤᠴᠠᠭᠠᠨ ᠤ ᠬᠤᠯᠪᠤᠭᠠᠲᠤ ᠬᠤᠷᠠᠯ᠄      ᠬᠤᠷᠠᠯ ᠤᠨ ᠴᠠᠭ᠄ 2014 ᠤᠨ ᠤ 6 ᠳ᠋ᠤᠭᠠᠷ ᠰᠠᠷ᠎ᠠ ᠶᠢᠨ 23᠎ ᠤ ᠡᠳᠦᠷ      ᠬᠤᠷᠠᠯ ᠤᠨ ᠭᠠᠵᠠᠷ᠄ ᠨᠢᠩᠱᠢᠶᠠ ᠶᠢᠨ ᠬᠤᠲᠣᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠢᠷᠭᠠᠢ ᠬᠤᠲᠠ      ᠬᠤᠷᠠᠯ ᠤᠨ ᠭᠤᠣᠯ ᠰᠡᠳᠦᠪ᠄ ᠡᠭᠡ ᠬᠠᠭᠤᠷᠠᠶ ᠶᠢᠨ ᠨᠡᠭᠡᠭᠡᠯᠳᠡ ᠪᠠ ᠣᠷᠣᠨ ᠪᠦᠰᠡ ᠶᠢᠨ ᠠᠵᠤ ᠠᠬᠤᠶ ᠶᠢᠨ ᠨᠢᠭᠡ ᠴᠤᠭᠴᠠᠵᠢᠯᠳᠡ ᠶᠢ ᠲᠦᠷᠭᠡᠳᠬᠡᠵᠦ᠂ ᠲᠣᠷᠭᠠᠨ ᠵᠠᠮ ᠤᠨ ᠠᠵᠤ ᠠᠬᠤᠶ ᠶᠢᠨ ᠪᠦᠰᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠶ᠎ᠠ᠃      ᠬᠤᠷᠠᠯ ᠤᠨ ᠦᠷ᠎ᠡ ᠪᠦᠲᠦᠮᠵᠢ᠄      1. ᠬᠤᠷᠠᠯ ᠳᠤ ᠤᠷᠤᠯᠴᠠᠭᠰᠠᠨ ᠬᠤᠲᠠ ᠶᠢᠨ ᠳᠠᠷᠤᠭ᠎ᠠ ᠨᠠᠷ ︽ᠠᠵᠤ ᠠᠬᠤᠶ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ︾᠎ ᠲᠤ ᠬᠠᠮᠲᠤ ᠪᠠᠷ ᠭᠠᠷ ᠤᠨ ᠦᠰᠦᠭ ᠵᠢᠷᠤᠪᠠ᠃      2. ᠢᠷᠭᠠᠢ ᠬᠤᠳᠠ ᠶᠢᠨ ᠵᠠᠰᠠᠭ ᠤᠨ ᠣᠷᠳᠣᠨ ᠨᠢ ᠢᠦᠶ ᠯᠢᠨ ᠬᠤᠲᠠ ᠶᠢᠨ ᠵᠠᠰᠠᠭ ᠤᠨ ᠣᠷᠳᠣᠨ᠂ ᠦᠬᠠᠶ ᠬᠤᠳᠠ ᠵᠠᠰᠠᠭ ᠤᠨ ᠣᠷᠳᠣᠨ ᠯᠤᠭ᠎ᠠ ᠳᠤᠰ ᠳᠤᠰ ︽ᠵᠢᠭᠤᠯᠴᠢᠯᠠᠯ ᠤᠨ ᠬᠤᠷᠰᠢᠯᠴᠠᠬᠤ  ᠵᠥᠪᠯᠡᠯᠴᠡᠭᠡᠷ︾᠎ ᠲᠤ ᠭᠠᠷ ᠤᠨ ᠦᠰᠦᠭ ᠵᠢᠷᠤᠪᠠ᠃      3. ᠢᠷᠭᠠᠢ ᠬᠤᠳᠠ ᠶᠢᠨ ᠵᠠᠰᠠᠭ ᠤᠨ ᠣᠷᠳᠣᠨ ᠪᠣᠯᠤᠨ ᠣᠷᠳᠣᠰ ᠬᠤᠲᠠ ᠶᠢᠨ ᠵᠠᠰᠠᠭ ᠤᠨ ᠣᠷᠳᠣᠨ ᠯᠤᠭ᠎ᠠ ︽ᠣᠷᠣᠨ ᠪᠦᠰᠡ ᠶᠢᠨ ᠠᠵᠤ ᠠᠬᠤᠶ ᠶᠢᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ ᠲᠥᠯᠥᠪᠵᠢᠭᠦᠯᠭᠡ ᠨᠠᠶᠢᠷᠠᠭᠤᠯᠤᠨ ᠵᠤᠬᠢᠶᠠᠬᠤ ᠬᠠᠮᠲᠤᠷᠠᠯᠴᠠᠭᠠᠨ ᠤ ᠵᠥᠪᠯᠡᠯᠴᠡᠭᠡᠷ︾᠎ ᠲᠤ ᠭᠠᠷ ᠤᠨ ᠦᠰᠦᠭ ᠵᠢᠷᠤᠪᠠ᠃      4. ᠳᠠᠷᠠᠭ᠎ᠠ ᠨᠢᠭᠡ ᠬᠤᠭᠤᠴᠠᠭᠠᠨ ᠤ ᠬᠤᠷᠠᠯ ᠢ 2015 ᠣᠨ ᠳᠤ ᠱᠠᠨᠰᠢ ᠮᠤᠵᠢ ᠶᠢᠨ ᠢᠦᠶ ᠯᠢᠨ ᠬᠤᠲᠠ ᠎ ᠳᠤ ᠬᠤᠷᠠᠯᠳᠤᠬᠤ ᠪᠠᠷ ᠲᠤᠭᠲᠠᠪᠠ᠃      ᠭᠤᠷᠪᠠᠳᠤᠭᠠᠷ ᠬᠤᠭᠤᠴᠠᠭᠠᠨ ᠤ ᠬᠤᠯᠪᠤᠭᠠᠲᠤ ᠬᠤᠷᠠᠯ᠄      ᠬᠤᠷᠠᠯ ᠤᠨ ᠴᠠᠭ᠄ 2015 ᠤᠨ ᠤ 8 ᠳ᠋ᠤᠭᠠᠷ ᠰᠠᠷ᠎ᠠ ᠶᠢᠨ 3᠎ ᠤ ᠡᠳᠦᠷ ᠠᠴᠠ 4᠎ ᠤ ᠡᠳᠦᠷ      ᠬᠤᠷᠠᠯ ᠤᠨ ᠭᠠᠵᠠᠷ᠄ ᠱᠠᠨᠰᠢ ᠮᠤᠵᠢ ᠶᠢᠨ ᠢᠦᠶ ᠯᠢᠨ ᠬᠤᠲᠠ      ᠬᠤᠷᠠᠯ ᠤᠨ ᠭᠤᠣᠯ ᠰᠡᠳᠦᠪ᠄ ᠰᠢᠨ᠎ᠡ ᠶᠢ ᠡᠭᠦᠳᠦᠨ ᠬᠥᠭᠵᠢᠭᠦᠯᠵᠦ᠂ ᠰᠢᠨ᠎ᠡ ᠬᠡᠪ ᠪᠠᠶᠢᠳᠠᠯ ᠳᠤ ᠰᠠᠨᠠᠭᠠᠴᠢᠯᠠᠭ᠎ᠠ ᠠᠴᠠ ᠵᠤᠬᠢᠴᠠᠶ᠎ᠠ︔ ᠦᠡᠨᠡ ᠪᠤᠲᠠᠲᠠᠢ ᠬᠠᠮᠲᠤᠷᠠᠯᠴᠠᠵᠤ᠂ ᠰᠢᠨ᠎ᠡ ᠲᠣᠷᠭᠠᠨ ᠵᠠᠮ ᠳᠤ ᠢᠳᠡᠪᠬᠢᠲᠡᠶ ᠪᠠᠷ ᠠᠭᠤᠰᠤᠯᠴᠠᠶ᠎ᠠ᠃      ᠬᠤᠷᠠᠯ ᠤᠨ ᠦᠷ᠎ᠡ ᠪᠦᠲᠦᠮᠵᠢ᠄      1. ᠬᠤᠷᠠᠯ ᠳᠤ ᠤᠷᠤᠯᠴᠠᠭᠰᠠᠨ ᠬᠤᠳᠠ ︽︿ᠨᠢᠭᠡ ᠪᠦᠰᠡ ᠨᠢᠭᠡ ᠵᠠᠮ﹀᠎ ᠢ ᠬᠠᠮᠲᠤᠪᠠᠷ ᠪᠠᠶᠢᠭᠤᠯᠬᠤ ᠪᠠᠶᠢᠯᠳᠤᠬᠤ ᠪᠤᠳᠤᠯᠭ᠎ᠠ ᠶᠢᠨ ᠲᠤᠯᠤᠭᠴᠢ ᠴᠢᠭ᠋ ᠤᠨ ᠠᠵᠢᠯᠯᠠᠭᠠᠨ ᠤ ᠬᠥᠲᠥᠯᠪᠦᠷᠢ︾᠂ ︽ᠣᠷᠣᠨ ᠪᠦᠰᠡ ᠶᠢᠨ ᠵᠠᠮ ᠬᠠᠷᠢᠯᠴᠠᠭᠠᠨ ᠤ ᠬᠠᠮᠲᠤᠷᠠᠨ ᠠᠵᠢᠯᠯᠠᠬᠤ ᠵᠥᠪᠯᠡᠯᠴᠡᠭᠡᠷ︾᠂ ︽ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠬᠠᠮᠲᠤᠷᠠᠯᠴᠠᠭ᠎ᠠ ᠶᠢᠨ ᠪᠦᠳᠦᠭᠦᠪᠴᠢ ᠵᠥᠪᠯᠡᠯᠴᠡᠭᠡᠷ︾ ᠵᠡᠷᠭᠡ ᠣᠯᠠᠨ ᠵᠥᠪᠯᠡᠯᠴᠡᠭᠡᠷ ᠢ ᠲᠤᠭᠲᠠᠪᠠ᠃      2. ᠢᠷᠭᠠᠢ ᠬᠤᠳᠠ ᠨᠢ ᠢᠦᠶ ᠯᠢᠨ ᠬᠤᠲᠠ ᠯᠤᠭ᠎ᠠ ︽ᠦᠵᠦᠮ ᠤᠨ ᠠᠷᠢᠬᠢ ᠨᠡᠷᠡᠬᠦ ᠠᠵᠤ ᠦᠢᠯᠡᠰ ᠤᠨ ᠬᠥᠭᠵᠢᠯᠲᠡ ᠶᠢᠨ ᠬᠠᠮᠲᠤᠷᠠᠯᠴᠠᠭᠠᠨ ᠤ ᠵᠥᠪᠯᠡᠯᠴᠡᠭᠡᠷ︾᠎ ᠲᠤ ᠭᠠᠷ ᠤᠨ ᠦᠰᠦᠭ ᠵᠢᠷᠤᠪᠠ᠃      3. ᠳᠠᠷᠠᠭ᠎ᠠ ᠨᠢᠭᠡ ᠬᠤᠭᠤᠴᠠᠭᠠᠨ ᠤ ᠬᠤᠷᠠᠯ ᠢ 2016 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠤᠭᠤᠲᠤ ᠬᠤᠲᠠ ᠳᠤ ᠬᠤᠷᠠᠯᠳᠤᠬᠤ ᠪᠠᠷ ᠲᠤᠭᠲᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号