ᠥᠪᠥᠷ ᠮᠣᠩᠭᠤᠯ ᠤᠨ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢ ᠲᠥᠯᠥᠪᠯᠡᠭᠡᠨ ᠤ ᠬᠤᠶᠠᠷ ᠲᠥᠷᠥᠯ ᠵᠦᠢᠯ ᠰᠢᠯᠭᠠᠨ ᠠᠪᠤᠯᠲᠠ ᠳᠤ ᠪᠠᠲᠤᠯᠠᠭᠳᠠᠪᠠ
ᠨᠡᠶᠢᠲᠡᠯᠡᠭᠰᠡᠨ ᠴᠠᠭ᠄
2016/6/23
      ᠣᠶᠢᠷ᠎ᠠ ᠳᠤ᠂ ᠥᠪᠥᠷ ᠮᠣᠩᠭᠤᠯ ᠠᠴᠠ ᠡᠭᠦᠷᠭᠡᠯᠡᠭᠰᠡᠨ ︽ᠵᠡᠭᠦᠨ ᠬᠤᠶᠢᠲᠤ ᠣᠷᠣᠨ ᠤ ᠲᠠᠯ᠎ᠠ ᠭᠠᠵᠠᠷ ᠤᠨ ᠪᠠᠷᠠᠭᠤᠨ ᠪᠡᠶ᠎ᠡ ᠶᠢᠨ ︵ᠥᠪᠥᠷ ᠮᠣᠩᠭᠤᠯ︶ ᠬᠠᠪᠤᠷ ᠤᠨ ᠡᠷᠳᠡᠨᠢ ᠰᠢᠰᠢ ᠪᠤᠭᠤᠳᠠᠢ ᠶᠢ ᠦᠷᠭᠦᠯᠵᠢᠯᠡᠨ ᠡᠯᠪᠡᠭ ᠬᠤᠷᠢᠶᠠᠯᠲᠠ ᠥᠨᠳᠥᠷ ᠦᠷ᠎ᠡ ᠠᠰᠢᠭ ᠲᠠᠢ ᠪᠠᠶᠢᠯᠭᠠᠬᠤ ᠮᠡᠷᠭᠡᠵᠢᠯ ᠢ ᠬᠤᠷᠠᠮᠳᠤᠭᠤᠯᠤᠨ ᠰᠢᠨ᠎ᠡ ᠶᠢ ᠡᠭᠦᠳᠬᠦ ᠪᠠ ᠵᠢᠱᠢᠶ᠎ᠡ ᠦᠵᠡᠭᠦᠯᠬᠦ︾ ᠪᠣᠯᠣᠨ ︽ᠥᠪᠥᠷ ᠮᠣᠩᠭᠤᠯ ᠤᠨ ᠬᠠᠪᠤᠷ ᠤᠨ ᠡᠷᠳᠡᠨᠢ ᠰᠢᠰᠢ ᠶᠢᠨ ᠤᠨᠠᠯᠲᠠ ᠶᠢ ᠶᠡᠭᠡ ᠬᠡᠪᠴᠢᠶ᠎ᠡ ᠪᠠᠷ ᠲᠡᠩᠴᠡᠭᠦᠯᠦᠨ ᠨᠡᠮᠡᠭᠳᠡᠭᠦᠯᠬᠦ ᠮᠡᠷᠭᠡᠵᠢᠯ ᠢ ᠬᠤᠷᠠᠮᠳᠤᠭᠤᠯᠤᠨ ᠰᠤᠳᠤᠯᠬᠤ ᠪᠠ ᠵᠢᠱᠢᠶ᠎ᠡ ᠦᠵᠡᠭᠦᠯᠬᠦ︾ ᠭᠡᠬᠦ ᠬᠤᠶᠠᠷ ᠰᠡᠳᠦᠪ ᠨᠢ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠤ ᠰᠢᠯᠭᠠᠨ ᠠᠪᠤᠯᠲᠠ ᠳᠤ ᠪᠠᠲᠤᠯᠠᠭᠳᠠᠪᠠ᠃      ︽ᠵᠡᠭᠦᠨ ᠬᠤᠶᠢᠲᠤ ᠣᠷᠣᠨ ᠤ ᠲᠠᠯ᠎ᠠ ᠭᠠᠵᠠᠷ ᠤᠨ ᠪᠠᠷᠠᠭᠤᠨ ᠪᠡᠶ᠎ᠡ ᠶᠢᠨ ︵ᠥᠪᠥᠷ ᠮᠣᠩᠭᠤᠯ︶ ᠬᠠᠪᠤᠷ ᠤᠨ ᠡᠷᠳᠡᠨᠢ ᠰᠢᠰᠢ ᠪᠤᠭᠤᠳᠠᠢ ᠶᠢ ᠦᠷᠭᠦᠯᠵᠢᠯᠡᠨ ᠡᠯᠪᠡᠭ ᠬᠤᠷᠢᠶᠠᠯᠲᠠ ᠥᠨᠳᠥᠷ ᠦᠷ᠎ᠡ ᠠᠰᠢᠭ ᠲᠠᠢ ᠪᠠᠶᠢᠯᠭᠠᠬᠤ ᠮᠡᠷᠭᠡᠵᠢᠯ ᠢ ᠬᠤᠷᠠᠮᠳᠤᠭᠤᠯᠤᠨ ᠰᠢᠨ᠎ᠡ ᠶᠢ ᠡᠭᠦᠳᠬᠦ ᠪᠠ ᠵᠢᠱᠢᠶ᠎ᠡ ᠦᠵᠡᠭᠦᠯᠬᠦ︾ ᠰᠡᠳᠦᠪ ᠢ 2011 ᠣᠨ ᠳᠤ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠠᠴᠠ ᠵᠥᠪᠰᠢᠶᠡᠷᠡᠨ ᠲᠣᠭᠲᠠᠭᠠᠵᠤ᠂ 753 ᠲᠦᠮᠡᠨ ᠲᠥᠭᠦᠷᠢᠭ ᠤᠨ ᠲᠤᠰᠬᠠᠶ ᠵᠠᠷᠤᠳᠠᠯ ᠥᠭᠴᠡᠢ︔ ︽ᠥᠪᠥᠷ ᠮᠣᠩᠭᠤᠯ ᠤᠨ ᠬᠠᠪᠤᠷ ᠤᠨ ᠡᠷᠳᠡᠨᠢ ᠰᠢᠰᠢ ᠶᠢᠨ ᠤᠨᠠᠯᠲᠠ ᠶᠢ ᠶᠡᠭᠡ ᠬᠡᠪᠴᠢᠶ᠎ᠡ ᠪᠠᠷ ᠲᠡᠩᠴᠡᠭᠦᠯᠦᠨ ᠨᠡᠮᠡᠭᠳᠡᠭᠦᠯᠬᠦ ᠮᠡᠷᠭᠡᠵᠢᠯ ᠢ ᠬᠤᠷᠠᠮᠳᠤᠭᠤᠯᠤᠨ ᠰᠤᠳᠤᠯᠬᠤ ᠪᠠ ᠵᠢᠱᠢᠶ᠎ᠡ ᠦᠵᠡᠭᠦᠯᠬᠦ︾ ᠰᠡᠳᠦᠪ ᠢ 2012 ᠣᠨ ᠳᠤ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠠᠴᠠ ᠵᠥᠪᠰᠢᠶᠡᠷᠡᠨ ᠲᠣᠭᠲᠠᠭᠠᠵᠤ᠂ 950 ᠲᠦᠮᠡᠨ ᠲᠥᠭᠦᠷᠢᠭ ᠤᠨ ᠲᠤᠰᠬᠠᠶ ᠵᠠᠷᠤᠳᠠᠯ ᠥᠭᠴᠡᠢ᠃ ᠬᠤᠶᠠᠷ ᠰᠡᠳᠦᠪ ᠢ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠭᠤᠣ ᠵᠢᠦᠢ ᠯᠢᠨ ᠫᠷᠣᠹᠧᠰᠰᠣᠷ ᠤᠨ ᠪᠦᠯᠬᠦᠮ ᠡᠷᠬᠢᠯᠡᠨ ᠳᠠᠭᠠᠭᠠᠵᠤ᠂ ︽ᠬᠤᠶᠠᠷ ᠰᠡᠳᠦᠪ ᠨᠢ ᠭᠤᠣᠯᠳᠠᠭᠤ ᠥᠪᠥᠷ ᠮᠣᠩᠭᠤᠯ ᠤᠨ ᠬᠠᠪᠤᠷ ᠤᠨ ᠡᠷᠳᠡᠨᠢ ᠶᠢᠨ ᠰᠢᠰᠢ᠂ ᠪᠤᠭᠤᠳᠠᠢ ᠶᠢᠨ ᠦᠷᠭᠦᠯᠵᠢᠯᠡᠨ ᠡᠯᠪᠡᠭ ᠬᠤᠷᠢᠶᠠᠯᠲᠠ ᠣᠯᠵᠤ ᠦᠷ᠎ᠡ ᠠᠰᠢᠭ ᠢ ᠨᠡᠮᠡᠭᠳᠡᠭᠦᠯᠬᠦ ᠪᠠ ᠡᠷᠳᠡᠨᠢ ᠰᠢᠰᠢ ᠶᠢᠨ ᠤᠨᠠᠯᠲᠠ ᠶᠢ ᠶᠡᠭᠡ ᠬᠡᠪᠴᠢᠶ᠎ᠡ ᠪᠠᠷ ᠲᠡᠩᠴᠡᠭᠦᠯᠦᠨ ᠨᠡᠮᠡᠭᠳᠡᠭᠦᠯᠬᠦ ᠶᠢ ᠬᠢᠵᠠᠭᠠᠷᠯᠠᠵᠤ ᠪᠠᠶᠢᠭ᠎ᠠ ᠡᠯᠧᠮᠧᠨ᠋ᠲ ᠤᠨ ᠲᠣᠭᠤᠷᠢᠨ ᠳᠤ᠂ ︿ᠤᠨᠠᠯᠲᠠ ᠥᠨᠳᠦᠷ ᠦᠷ᠎ᠡ ᠪᠦᠲᠦᠭᠡᠯ ᠰᠠᠶᠢᠨ﹀ ᠪᠠ ︿ᠬᠤᠶᠠᠷ ᠥᠭᠡᠷᠡᠴᠢᠯᠡᠯᠲᠡ ᠨᠢᠭᠡ ᠨᠡᠮᠡᠭᠳᠡᠭᠦᠯᠬᠦ ᠬᠤᠶᠠᠷ ᠪᠠᠲᠤᠯᠠᠬᠤ﹀᠎ ᠪᠠᠷ ᠮᠡᠷᠭᠡᠵᠢᠯ ᠤᠨ ᠭᠤᠣᠯ ᠰᠡᠳᠬᠢᠮᠵᠢ ᠪᠣᠯᠭᠠᠵᠤ᠂ ᠴᠢᠨᠠᠭᠰᠢᠳᠠ ᠲᠦᠷᠦᠯ ᠵᠦᠢᠯ ᠢ ᠰᠢᠯᠢᠳᠡᠭᠵᠢᠭᠦᠯᠬᠦ᠂ ᠲᠠᠷᠢᠶᠠᠯᠠᠭ᠎ᠠ ᠶᠢ ᠰᠠᠶᠢᠵᠢᠷᠠᠭᠤᠯᠬᠤ᠂ ᠠᠶᠤᠯ ᠦᠭᠡᠢ ᠪᠠᠷ ᠨᠢᠭᠲᠠᠴᠠ ᠶᠢ ᠨᠡᠮᠡᠭᠳᠡᠭᠦᠯᠬᠦ᠂ ᠤᠰᠤ ᠬᠠᠳᠠᠭᠠᠯᠠᠬᠤ ᠰᠥᠷᠬᠦ ᠶᠢ ᠰᠡᠷᠭᠡᠶᠢᠯᠡᠬᠦ᠂ ᠠᠽᠣᠲ ᠢ ᠪᠠᠭᠠᠰᠬᠠᠨ ᠦᠷ᠎ᠡ ᠠᠰᠢᠭ ᠢ ᠨᠡᠮᠡᠭᠳᠡᠭᠦᠯᠬᠦ ᠪᠠ ᠮᠠᠰᠢᠨᠴᠢᠯᠠᠯᠲᠠ ᠶᠢᠨ ᠬᠠᠮᠢᠶᠠᠷᠤᠯᠲᠠ ᠵᠡᠷᠭᠡ ᠨᠡᠶᠢᠲᠡᠯᠢᠭ ᠴᠢᠨᠠᠷᠲᠠᠶ ᠵᠠᠩᠭᠢᠯᠠᠭ᠎ᠠ ᠶᠢᠨ ᠮᠡᠷᠭᠡᠵᠢᠯ ᠤᠨ ᠰᠤᠳᠤᠯᠤᠨ ᠨᠡᠭᠡᠭᠡᠯᠲᠡ ᠶᠢ ᠥᠷᠨᠢᠭᠦᠯᠪᠡ ︾ ᠭᠡᠵᠦ ᠭᠤᠣ ᠵᠢᠦᠢ ᠯᠢᠨ ᠬᠡᠯᠡᠵᠦ ᠪᠠᠶᠢᠯ᠎ᠠ᠃      ᠰᠡᠳᠦᠪ ᠢ ᠬᠡᠷᠡᠭᠵᠢᠭᠦᠯᠬᠦ ᠶᠠᠪᠤᠴᠠ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠠᠵᠢᠯᠯᠠᠬᠤ ᠥᠷᠲᠡᠭᠡᠨ ᠤ ᠪᠠᠶᠢᠭᠤᠯᠤᠯᠲᠠ ᠵᠡᠷᠭᠡ ᠢᠶᠠᠷ ᠳᠠᠮᠵᠢᠭᠤᠯᠤᠨ᠂ ᠡᠯ᠎ᠡ ᠲᠠᠯ᠎ᠠ ᠶᠢᠨ ᠬᠢᠨ ᠤᠯᠠᠨ ᠱᠠᠲᠤ ᠶᠢᠨ ᠪᠣᠯᠪᠠᠰᠤᠷᠠᠭᠤᠯᠤᠯ ᠪᠠ ᠮᠡᠷᠭᠡᠵᠢᠯ ᠤᠨ ᠦᠢᠯᠡᠴᠢᠯᠡᠭᠡ ᠥᠷᠨᠢᠭᠦᠯᠵᠦ᠂ ᠵᠢᠱᠢᠶ᠎ᠡ ᠦᠵᠡᠭᠦᠯᠬᠦ ᠭᠤᠣᠯ ᠰᠠᠭᠤᠷᠢᠨ ᠭᠠᠵᠠᠷ ᠢ 5 ᠪᠠᠶᠢᠭᠤᠯᠵᠤ᠂ ᠤᠨᠠᠯᠲᠠ ᠨᠢ 1200 ᠺᠢᠯᠣᠭ᠍ᠷᠠᠮ/ ᠮᠦ ᠠᠴᠠ ᠳᠡᠭᠡᠭᠰᠢ ᠥᠨᠳᠦᠷ ᠬᠤᠷᠢᠶᠠᠯᠲᠠ ᠲᠠᠢ ᠡᠷᠳᠡᠨᠢ ᠰᠢᠰᠢ ᠶᠢᠨ ᠨᠡᠶᠢᠲᠡᠯᠢᠭ ᠵᠢᠱᠢᠶ᠎ᠠ ᠶᠢ ᠪᠠᠶᠢᠭᠤᠯᠵᠤ᠂ ᠭᠤᠣᠯ ᠣᠷᠣᠨ ᠳᠤ 1.8 ᠲᠦᠮᠡᠨ ᠮᠦ᠂ ᠵᠢᠱᠢᠶ᠎ᠡ ᠦᠵᠡᠭᠦᠯᠬᠦ ᠣᠷᠣᠨ ᠳᠤ 380 ᠲᠦᠮᠡᠨ ᠮᠥ ᠲᠠᠷᠢᠬᠤ ᠶᠢ ᠨᠠᠶᠢᠳᠠᠪᠤᠷᠢᠵᠢᠭᠤᠯᠵᠤ᠂ ᠵᠢᠯ ᠳᠤ 1200 ᠲᠦᠮᠡᠨ ᠮᠦ ᠎ ᠠᠴᠠ ᠳᠡᠭᠡᠭᠰᠢ ᠳᠡᠯᠭᠡᠷᠡᠭᠦᠯᠵᠦ᠂ ᠲᠦᠷᠦᠯ ᠵᠦᠢᠯ ᠤᠨ ᠲᠣᠭᠤᠷᠢᠭ ᠲᠠᠬᠢ ᠡᠷᠳᠡᠨᠢ ᠰᠢᠰᠢ ᠶᠢᠨ ᠳᠤᠮᠳᠠᠴᠢ ᠤᠨᠠᠯᠲᠠ ᠶᠢ 13.5%᠎ ᠠᠴᠠ ᠳᠡᠭᠡᠭᠰᠢ ᠨᠡᠮᠡᠭᠳᠡᠭᠦᠯᠵᠦ᠂ ᠪᠤᠭᠤᠳᠠᠢ ᠶᠢᠨ ᠳᠤᠮᠳᠠᠴᠢ ᠤᠨᠠᠯᠲᠠ ᠶᠢ 8%᠎ ᠠᠴᠠ ᠳᠡᠭᠡᠭᠰᠢ ᠨᠡᠮᠡᠭᠳᠡᠭᠦᠯᠵᠦ᠂ ᠨᠡᠶᠢᠭᠡᠮ ᠤᠨ ᠠᠵᠤ ᠠᠬᠤᠶ ᠶᠢᠨ ᠮᠡᠳᠡᠭᠳᠡᠮ᠎ᠡ ᠦᠷ᠎ᠡ ᠠᠰᠢᠭ ᠣᠯᠵᠤ᠂ ᠮᠠᠨ ᠤ ᠣᠷᠣᠨ ᠤ ᠠᠮᠤ ᠪᠤᠳᠠᠭᠠᠨ ᠤ ᠭᠠᠷᠤᠯᠲᠠ ᠶᠢ ᠨᠡᠮᠡᠭᠳᠡᠭᠦᠯᠵᠦ ᠦᠷ᠎ᠡ ᠠᠰᠢᠭ ᠢ ᠳᠡᠭᠡᠭᠰᠢᠯᠡᠭᠦᠯᠬᠦ ᠳᠤ ᠴᠢᠬᠤᠯᠠ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠬᠠᠩᠭᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号