ᠰᠢᠨ᠎ᠠ ᠪᠠᠷ ᠰᠤᠩᠭᠤᠬᠳᠠᠬᠰᠠᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠦᠨᠳᠤᠰᠦᠨ ᠬᠠᠤᠯᠢ ᠳᠤ ᠲᠠᠩᠭᠠᠷᠢᠬᠯᠠᠵᠠᠢ
ᠨᠡᠶᠢᠲᠡᠯᠡᠭᠰᠡᠨ ᠴᠠᠭ᠄
2016/6/24
              ᠸᠠᠩ ᠵᠢᠶᠦ᠋ᠨ ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ               ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠤᠨ               ᠦᠨᠳᠦᠰᠦᠨ ᠬᠠᠤᠯᠢ ᠳᠤ ᠲᠠᠩᠭᠠᠷᠢᠬᠯᠠᠬᠤ ᠶᠤᠰᠤᠯᠠᠯ ᠢ ᠡᠷᠬᠢᠯᠡᠪᠡ               ᠰᠢᠨ᠎ᠠ ᠪᠠᠷ ᠰᠤᠩᠭᠤᠬᠳᠠᠬᠰᠠᠨ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ               ᠪᠦ᠋ ᠰᠢᠶᠤᠤ ᠯᠢᠨ ᠦᠨᠳᠤᠰᠦᠨ ᠬᠠᠤᠯᠢ ᠳᠤ ᠲᠠᠩᠭᠠᠷᠢᠬᠯᠠᠵᠠᠢ
     6 ᠳ᠋ᠤᠭᠠᠷ ᠰᠠᠷ᠎ᠠ ᠶᠢᠨ 23᠎ ᠤ ᠡᠳᠦᠷ᠂ ᠰᠢᠨ᠎ᠠ ᠪᠠᠷ ᠰᠤᠩᠭᠤᠬᠳᠠᠭᠰᠠᠨ ᠦᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠲᠡᠭᠡᠷ᠎ᠡ ᠶᠠᠷᠢᠶ᠎ᠠ ᠲᠠᠯᠪᠢᠪᠠ᠃      6 ᠳ᠋ᠤᠭᠠᠷ ᠰᠠᠷ᠎ᠠ ᠶᠢᠨ 23᠎ ᠤ ᠡᠳᠦᠷ ᠤᠨ ᠦᠳᠡ ᠶᠢᠨ ᠬᠤᠶᠢᠨ᠎ᠠ᠂ ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠤᠨ ᠦᠨᠳᠦᠰᠦᠨ ᠬᠠᠤᠯᠢ ᠳᠤ ᠲᠠᠩᠭᠠᠷᠢᠬᠯᠠᠬᠤ ᠶᠤᠰᠤᠯᠠᠯ ᠶᠠᠪᠤᠭᠤᠯᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠡᠷᠭᠢᠯᠡᠭᠴᠢ᠂ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠪᠠᠶᠢᠡᠭᠭᠤ ᠶᠢᠨ ᠲᠡᠷᠢᠭᠦᠯᠡᠭᠴᠢ ᠸᠠᠩ ᠵᠢᠶᠦ᠋ᠨ ᠲᠠᠩᠭᠠᠷᠢᠬᠯᠠᠬᠤ ᠶᠤᠰᠤᠯᠠᠯ ᠢ ᠡᠷᠬᠢᠯᠡᠭᠰᠡᠨ ᠪᠦᠭᠡᠳ ᠬᠢᠨᠠᠯᠳᠠ ᠲᠠᠯᠪᠢᠵᠠᠢ      ᠦᠪᠡᠷᠳᠡᠭᠡᠨ ᠵᠠᠰᠬᠠᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠤᠨ ᠰᠤᠩᠭᠤᠭᠤᠯᠢ ᠪᠠᠷ ᠲᠠᠮᠵᠢᠭᠠᠳ᠂ ᠪᠦ᠋ ᠰᠢᠶᠤᠤ ᠯᠢᠨ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ᠂ ᠦᠪᠡᠷᠳᠡᠭᠡᠨ ᠵᠠᠰᠬᠠᠤ ᠤᠷᠤᠨ ᠠᠴᠠ ᠠᠷᠪᠠᠨ ᠬᠤᠶᠠᠳᠤᠭᠠᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠳᠤ ᠤᠷᠤᠯᠴᠠᠬᠤ ᠲᠦᠯᠦᠭᠡᠯᠡᠭᠴᠢ ᠪᠠᠷ ᠰᠤᠩᠭᠤᠬᠳᠠᠪᠠ᠃      ᠦᠨᠳᠤᠰᠤᠨ ᠬᠠᠤᠯᠢ ᠳᠤ ᠲᠠᠩᠭᠠᠷᠢᠬᠯᠠᠬᠤ ᠶᠤᠰᠤᠯᠠᠯ ᠲᠡᠭᠡᠷ᠎ᠡ᠂ ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠳᠤ ᠤᠷᠤᠯᠴᠠᠬᠰᠠᠨ ᠪᠦᠭᠦ ᠲᠦᠯᠦᠭᠡᠯᠡᠭᠴᠢ ᠶᠢᠨ ᠭᠡᠷᠡᠴᠢᠯᠡᠭᠡ ᠲᠤᠤᠷ᠎ᠠ᠂ ᠪᠦ᠋ ᠰᠢᠶᠤᠤ ᠯᠢᠨ ᠤᠯᠤᠰ ᠤᠨ ᠰᠦᠯᠳᠠ ᠵᠦᠭ ᠬᠠᠨᠳᠣᠵᠣ ᠤᠯᠠᠭᠠᠨ ᠦᠡᠭᠭᠡ ᠲᠠᠢ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠦᠨᠳᠤᠰᠦᠨ ᠬᠠᠤᠯᠢ︾᠎ ᠶᠢ ᠪᠠᠷᠢᠵᠦ᠂ ︽ᠪᠢ ᠲᠠᠩᠭᠠᠷᠢᠬᠯᠠᠵᠣ ᠪᠠᠶᠢᠨ᠎ᠠ᠄ ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠦᠨᠳᠦᠰᠦᠨ ᠬᠠᠤᠯᠢ ᠳᠤ ᠦᠨᠡᠨᠴᠢ ᠰᠢᠳᠣᠷᠭᠤ ᠪᠠᠶᠢᠵᠣ᠂ ᠦᠨᠳᠦᠰᠦᠨ ᠬᠠᠤᠯᠢ ᠶᠢᠨ ᠡᠷᠭᠡ ᠰᠦᠷ ᠢ ᠬᠠᠮᠠᠭᠠᠯᠠᠵᠦ᠂ ᠬᠠᠤᠯᠢ ᠳᠤ ᠲᠤᠬᠳᠠᠭᠠᠬᠰᠠᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠵᠦ᠂ ᠡᠭᠡ ᠤᠯᠤᠰ ᠲᠠᠭᠠᠨ ᠦᠨᠡᠨᠴᠢ ᠰᠢᠳᠣᠷᠭᠤ᠂ ᠠᠷᠠᠳ ᠲᠦᠮᠡᠨ ᠳᠡᠭᠡᠨ ᠦᠨᠡᠨᠴᠢ ᠰᠢᠳᠣᠷᠭᠤ ᠪᠠᠶᠢᠵᠣ᠂ ᠳᠣᠰᠢᠶᠠᠯ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠭᠡᠵᠦ᠂ ᠠᠷᠢᠭᠤᠨ ᠴᠢᠭᠡᠴᠢ ᠪᠠᠷ ᠠᠯᠪᠠᠨ ᠳᠤ ᠵᠢᠳᠭᠦᠵᠦ᠂ ᠠᠷᠠᠳ ᠲᠦᠮᠡᠨ ᠤ ᠬᠢᠨᠠᠯᠳᠠ ᠶᠢ ᠬᠦᠯᠢᠶᠠᠵᠦ᠂ ᠪᠠᠶᠠᠨ ᠬᠦᠴᠦᠷᠭᠡᠭ᠂ ᠠᠷᠠᠳᠴᠢᠯᠠᠯ ᠲᠠᠢ᠂ ᠪᠤᠯᠪᠠᠰᠤᠨ ᠰᠠᠶᠢᠬᠠᠨ᠂ ᠡᠶ᠎ᠡ ᠵᠤᠬᠢᠴᠠᠩᠭᠤᠢ ᠨᠡᠶᠢᠭᠡᠮ ᠵᠢᠷᠤᠮᠳᠤ ᠤᠯᠤᠰ ᠢ ᠪᠦᠲᠦᠭᠡᠨ ᠪᠠᠶᠢᠭᠤᠯᠬᠤ ᠶᠢᠨ ᠲᠦᠯᠦᠭᠡ ᠴᠢᠷᠮᠠᠶᠢᠨ ᠲᠡᠮᠡᠴᠡᠨ᠎ᠠ︕︾ ᠭᠡᠵᠦ ᠦᠨᠳᠤᠰᠤᠨ ᠬᠠᠤᠯᠢ ᠳᠤ ᠲᠦᠪ ᠴᠢᠩᠭ᠎ᠠ ᠪᠠᠷ ᠲᠠᠩᠭᠠᠷᠢᠬᠯᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号