ᠥᠪᠥᠷ ᠮᠣᠩᠭᠤᠯ ᠤᠨ ᠠᠩᠬᠠᠳᠠᠭᠴᠢ ᠳᠤᠮᠳᠠᠳᠤ ᠣᠷᠣᠰ ᠤᠨ ᠠᠷᠠᠯᠵᠢᠶᠠᠨ ᠤ ᠬᠠᠷᠢᠯᠴᠠᠨ ᠭᠠᠶᠢᠯᠢ ᠬᠡᠯᠲᠦᠷᠢᠭᠦᠯᠬᠦ ᠣᠷᠣᠨ ᠲᠤᠷᠰᠢᠨ ᠠᠵᠢᠯᠯᠠᠵᠤ ᠡᠬᠢᠯᠡᠪᠡ
ᠨᠡᠶᠢᠲᠡᠯᠡᠭᠰᠡᠨ ᠴᠠᠭ᠄
2016/6/24
    6 ᠳ᠋ᠤᠭᠠᠷ ᠰᠠᠷ᠎ᠠ ᠶᠢᠨ 23᠎ ᠤ ᠡᠳᠦᠷ᠂ ᠰᠠᠭᠤᠭᠠᠯᠢ ᠠᠷᠠᠳ ᠪᠣᠯᠤᠨ ᠵᠢᠭᠤᠯᠴᠢᠯᠠᠭᠴᠢᠳ ᠮᠠᠨᠵᠤᠤᠷ ᠤᠨ ᠳᠤᠮᠳᠠᠳᠤ ᠣᠷᠣᠰ ᠤᠨ ᠠᠷᠠᠯᠵᠢᠶ᠎ᠠ ᠵᠢᠭᠤᠯᠴᠢᠯᠠᠯ ᠤᠨ ᠬᠠᠷᠢᠯᠴᠠᠨ ᠭᠠᠶᠢᠯᠢ ᠬᠡᠯᠲᠦᠷᠢᠭᠦᠯᠬᠦ ᠣᠷᠣᠨ ᠤ ᠡᠭᠦᠳᠡ ᠪᠠᠷ ᠦᠩᠭᠡᠷᠡᠵᠦ ᠪᠠᠶᠢᠭ᠎ᠠ ᠨᠢ᠃ ᠮᠠᠨᠵᠤᠤᠷ ᠬᠤᠲᠠ ᠳᠤ ᠪᠠᠶᠢᠷᠢᠯᠠᠵᠤ ᠪᠠᠶᠢᠭ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠳᠤᠮᠳᠠᠳᠤ ᠣᠷᠣᠰ ᠤᠨ ᠠᠷᠠᠯᠵᠢᠶ᠎ᠠ ᠵᠢᠭᠤᠯᠴᠢᠯᠠᠯ ᠤᠨ ᠬᠠᠷᠢᠯᠴᠠᠨ ᠭᠠᠶᠢᠯᠢ ᠬᠡᠯᠲᠦᠷᠢᠭᠦᠯᠬᠦ ᠣᠷᠣᠨ ᠳᠣᠰ ᠭᠠᠷᠠᠭ ᠠᠴᠠ ᠡᠬᠢᠯᠡᠨ ᠠᠵᠢᠯᠯᠠᠵᠤ᠂ ᠳᠤᠮᠳᠠᠳᠤ ᠤᠯᠤᠰ ᠤᠨ ᠵᠢᠭᠤᠯᠴᠢᠯᠠᠭᠴᠢᠳ ᠪᠣᠯᠤᠨ ᠬᠢᠯᠢ ᠶᠢᠨ ᠠᠷᠠᠳ ᠤᠳ ᠤᠨ ᠬᠤᠳᠠᠯᠳᠤᠨ ᠠᠪᠤᠭᠰᠠᠨ ᠣᠷᠣᠰ ᠤᠨ ᠲᠠᠸᠠᠷ ᠤᠨ ᠵᠣᠭᠤᠰ ᠤᠨ ᠲᠤᠭ᠎ᠠ ᠨᠢ 8000 ᠲᠥᠭᠦᠷᠢᠭ ᠠᠴᠠ ᠳᠤᠷᠤᠭᠰᠢ ᠪᠠᠶᠢᠪᠠᠯ ᠪᠣᠭᠤᠮᠲᠠ ᠶᠢᠨ ᠭᠠᠶᠢᠯᠢ ᠠᠴᠠ ᠬᠡᠯᠲᠦᠷᠢᠭᠦᠯᠦᠨ᠎ᠡ᠃ ᠣᠳᠣᠬᠠᠨ ᠳᠤ᠂ ᠭᠠᠶᠢᠯᠢ ᠬᠡᠯᠲᠦᠷᠢᠭᠦᠯᠬᠦ ᠲᠠᠸᠠᠷ ᠨᠢ ᠢᠳᠡᠭᠡᠨ ᠤᠮᠳᠠᠭᠠᠨ ᠪᠠ ᠡᠳᠦᠷ ᠳᠤᠲᠤᠮ ᠤᠨ ᠬᠡᠷᠡᠭᠯᠡᠭᠡᠨ ᠤ ᠵᠦᠢᠯ ᠢᠶᠠᠷ ᠭᠤᠤᠯᠯᠠᠵᠤ ᠪᠠᠶᠢᠨ᠎ᠠ᠃
     6 ᠳ᠋ᠤᠭᠠᠷ ᠰᠠᠷ᠎ᠠ ᠶᠢᠨ 23᠎ ᠤ ᠡᠳᠦᠷ᠂ ᠬᠥᠮᠦᠰ ᠳᠤᠮᠳᠠᠳᠤ ᠣᠷᠣᠰ ᠤᠨ ᠠᠷᠠᠯᠵᠢᠶ᠎ᠠ ᠵᠢᠭᠤᠯᠴᠢᠯᠠᠯ ᠤᠨ ᠬᠠᠷᠢᠯᠴᠠᠨ ᠭᠠᠶᠢᠯᠢ ᠬᠡᠯᠲᠦᠷᠢᠭᠦᠯᠬᠦ ᠤᠷᠤᠨ ᠢ ᠲᠣᠭᠤᠷᠢᠨ ᠦᠵᠡᠵᠦ ᠪᠠᠶᠢᠭ᠎ᠠ ᠨᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号