6 ᠳ᠋ᠤᠭᠠᠷ ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ | ᠰᠤᠷᠤᠭᠴᠢ ᠡᠯᠰᠡᠬᠦ ᠰᠢᠯᠭᠠᠯᠲᠠ ᠶᠢᠨ ᠲᠥᠪ ᠠᠴᠠ ᠣᠶᠢᠯᠠᠭᠠᠭᠰᠠᠨ ᠢᠶᠠᠷ᠂ 2016 ᠣᠨ ᠤ ᠥᠪᠥᠷ ᠮᠣᠩᠭᠤᠯ ᠤᠨ | ᠡᠩ ᠤᠨ ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠬᠠᠮᠤᠭ ᠤᠨ ᠳᠣᠣᠷ᠎ᠠ ᠬᠢᠵᠠᠭᠠᠷᠯᠠᠬᠤ ᠬᠤᠪᠢ ᠶᠢ | ᠨᠢᠭᠡᠨᠲᠡ ᠲᠣᠭᠲᠠᠪᠠ᠃ | ᠡᠭᠦᠨ ᠳᠤ᠂ ᠡᠩ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠲᠥᠷᠥᠯ ᠤᠨ ᠵᠢᠩᠬᠢᠨᠢ ᠠᠩᠭᠢ ᠶᠢᠨ ᠨᠢᠭᠡᠳᠦᠭᠡᠷ | ᠪᠦᠯᠦᠭ ᠤᠨ ᠬᠢ ᠶᠢ 477 ᠬᠤᠪᠢ᠂ ᠵᠢᠩᠬᠢᠨᠢ ᠠᠩᠭᠢ ᠶᠢᠨ ᠬᠤᠶᠠᠳᠤᠭᠠᠷ ᠪᠦᠯᠦᠭ ᠤᠨ ᠬᠢ ᠶᠢ 375 ᠬᠤᠪᠢ᠂ | ᠳᠡᠭᠡᠳᠦ ᠮᠡᠷᠭᠡᠵᠢᠯ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠪᠦᠯᠦᠭ ᠤᠨ ᠬᠢ ᠶᠢ 160 ᠬᠤᠪᠢ ᠪᠠᠷ | ᠬᠢᠵᠠᠭᠠᠷᠯᠠᠪᠠ᠃ ᠡᠩ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠵᠢᠩᠬᠢᠨᠢ ᠠᠩᠭᠢ ᠶᠢᠨ ᠨᠢᠭᠡᠳᠦᠭᠡᠷ ᠪᠦᠯᠦᠭ ᠨᠢ | 484 ᠬᠤᠪᠢ᠂ ᠵᠢᠩᠬᠢᠨᠢ ᠠᠩᠭᠢ ᠶᠢᠨ ᠬᠤᠶᠠᠳᠤᠭᠠᠷ ᠪᠦᠯᠦᠭ ᠤᠨ ᠬᠢ ᠶᠢ 346 ᠬᠤᠪᠢ᠂ ᠳᠡᠭᠡᠳᠦ ᠮᠡᠷᠭᠡᠵᠢᠯ ᠤᠨ | ᠰᠤᠷᠭᠠᠭᠤᠯᠢ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠪᠦᠯᠦᠭ ᠤᠨ ᠬᠢ ᠶᠢ 160 ᠬᠤᠪᠢ ᠪᠠᠷ ᠬᠢᠵᠠᠭᠠᠷᠯᠠᠪᠠ᠃ | ᠮᠣᠩᠭᠤᠯ ᠢᠶᠠᠷ ᠬᠢᠴᠢᠶᠡᠯᠯᠡᠬᠦ ᠨᠡᠶᠢᠭᠡᠮ ᠤᠨ ᠰᠢᠨᠵᠢᠯᠡᠬᠦ ᠤᠬᠠᠭᠠᠨ ᠤ ᠲᠥᠷᠥᠯ ᠤᠨ ᠵᠢᠩᠬᠢᠨᠢ ᠠᠩᠭᠢ ᠶᠢᠨ ᠨᠢᠭᠡᠳᠦᠭᠡᠷ | ᠪᠦᠯᠦᠭ ᠤᠨ ᠬᠢ ᠶᠢ 366 ᠬᠤᠪᠢ᠂ ᠵᠢᠩᠬᠢᠨᠢ ᠠᠩᠭᠢ ᠶᠢᠨ ᠬᠤᠶᠠᠳᠤᠭᠠᠷ ᠪᠦᠯᠦᠭ ᠤᠨ ᠬᠢ ᠶᠢ 289 ᠬᠤᠪᠢ᠂ | ᠳᠡᠭᠡᠳᠦ ᠮᠡᠷᠭᠡᠵᠢᠯ ᠤᠨ ᠰᠤᠷᠭᠠᠭᠤᠯᠢ ᠶᠢᠨ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠪᠦᠯᠦᠭ ᠤᠨ ᠬᠢ ᠶᠢ 120 | ᠬᠤᠪᠢ ᠪᠠᠷ ᠬᠢᠵᠠᠭᠠᠷᠯᠠᠪᠠ᠃ ᠮᠣᠩᠭᠤᠯ ᠢᠶᠠᠷ ᠬᠢᠴᠢᠶᠡᠯᠯᠡᠬᠦ ᠪᠠᠶᠢᠭᠠᠯᠢ ᠶᠢᠨ ᠰᠢᠨᠵᠢᠯᠡᠬᠦ ᠤᠬᠠᠭᠠᠨ ᠤ ᠵᠢᠩᠬᠢᠨᠢ | ᠠᠩᠭᠢ ᠶᠢᠨ ᠨᠢᠭᠡᠳᠦᠭᠡᠷ ᠪᠦᠯᠦᠭ ᠤᠨ ᠬᠢ ᠶᠢ 358 ᠬᠤᠪᠢ᠂ ᠵᠢᠩᠬᠢᠨᠢ ᠠᠩᠭᠢ ᠶᠢᠨ ᠬᠤᠶᠠᠳᠤᠭᠠᠷ ᠪᠦᠯᠦᠭ ᠤᠨ | ᠬᠢ ᠶᠢ 277 ᠬᠤᠪᠢ᠂ ᠳᠡᠭᠡᠳᠦ ᠮᠡᠷᠭᠡᠵᠢᠯ ᠤᠨ ᠰᠤᠷᠭᠠᠭᠤᠯᠢ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ | ᠰᠤᠷᠭᠠᠭᠤᠯᠢ ᠶᠢᠨ ᠪᠦᠯᠦᠭ ᠤᠨ ᠬᠢ ᠶᠢ 120 ᠬᠤᠪᠢ ᠪᠠᠷ ᠬᠢᠵᠠᠭᠠᠷᠯᠠᠪᠠ᠃ | ᠣᠶᠢᠯᠠᠭᠠᠭᠰᠠᠨ ᠢᠶᠠᠷ᠂ ᠡᠨᠡ ᠵᠢᠯ ᠤᠨ ᠪᠦᠬᠦ ᠣᠷᠣᠨ ᠤ ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ | ᠰᠢᠯᠭᠠᠯᠲᠠ ᠶᠢᠨ ᠨᠡᠶᠢᠭᠡᠮ ᠤᠨ ᠰᠢᠨᠵᠢᠯᠡᠬᠦ ᠤᠬᠠᠭᠠᠨ ᠤ ᠬᠠᠮᠤᠭ ᠥᠨᠳᠥᠷ ᠶᠡᠷᠦᠩᠬᠡᠶ ᠬᠤᠪᠢ ᠨᠢ 646 ᠬᠤᠪᠢ᠂ | ᠪᠠᠶᠢᠭᠠᠯᠢ ᠶᠢᠨ ᠰᠢᠨᠵᠢᠯᠡᠬᠦ ᠤᠬᠠᠭᠠᠨ ᠤ ᠬᠠᠮᠤᠭ ᠥᠨᠳᠥᠷ ᠶᠡᠷᠦᠩᠬᠡᠶ ᠬᠤᠪᠢ ᠨᠢ 718 ᠬᠤᠪᠢ ᠪᠣᠯᠣᠨ᠎ᠠ᠃ | ᠰᠢᠯᠭᠠᠭᠤᠯᠤᠭᠰᠠᠳ ᠤᠨ ᠡᠷᠡᠮᠡᠯᠵᠡᠯ ᠲᠠᠭᠯᠠᠬᠤ ᠳᠤᠨᠢ ᠯᠠᠪᠯᠠᠯᠲᠠ ᠪᠣᠯᠭᠠᠵᠤ᠂ ᠪᠦᠬᠦ ᠣᠷᠣᠨ ᠤ | ᠰᠢᠯᠭᠠᠭᠤᠯᠤᠭᠰᠠᠳ ᠤᠨ ᠳᠤᠮᠳᠠᠬᠢ ᠨᠡᠷ᠎ᠡ ᠶᠢᠨ ᠵᠢᠭᠰᠠᠭᠠᠯ ᠤᠨ ᠪᠠᠶᠢᠳᠠᠯ ᠳᠤ ᠣᠷᠣᠨ ᠪᠠᠶᠢᠷᠢ ᠲᠣᠭᠲᠠᠭᠠᠬᠤ ᠶᠢᠨ | ᠲᠤᠰᠠᠳᠠ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ | ᠲᠥᠪ ᠠᠴᠠ ︽2016 ᠣᠨ ᠤ ᠥᠪᠥᠷ ᠮᠣᠩᠭᠤᠯ ᠤᠨ ᠡᠩ ᠤᠨ ᠶᠡᠭᠡ ᠳᠡᠭᠡᠳᠦ ᠰᠤᠷᠭᠠᠭᠤᠯᠢ ᠳᠤ ᠰᠤᠷᠤᠭᠴᠢ | ᠡᠯᠰᠡᠬᠦ ᠳᠤ ᠰᠢᠯᠭᠠᠭᠤᠯᠤᠭᠴᠢᠳ ᠤᠨ ᠡᠯ᠎ᠡ ᠬᠤᠪᠢ ᠶᠢᠨ ᠬᠡᠰᠡᠭ ᠤᠨ ᠬᠥᠮᠦᠨ ᠤ ᠲᠤᠭ᠎ᠠ ᠶᠢᠨ ᠬᠦᠰᠦᠨᠦᠭᠲᠦ ︵ | ᠬᠠᠷᠠᠭᠠᠯᠵᠠᠬᠤ ᠬᠤᠪᠢ ᠪᠠᠭᠲᠠᠨ᠎ᠠ︶︾ ᠶᠢ ᠨᠡᠶᠢᠲᠡᠯᠡᠪᠡ᠃ ᠪᠦᠷᠢᠳᠬᠡᠯ ᠤᠨ ᠬᠦᠰᠦᠨᠦᠭᠲᠦ ᠶᠢ ᠦᠨᠳᠦᠰᠦᠯᠡᠪᠡᠯ᠂ | ᠡᠨᠡ ᠵᠢᠯ ᠮᠠᠨ ᠤ ᠣᠷᠣᠨ ᠤ ᠶᠡᠭᠡ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠡᠩ ᠤᠨ ᠪᠠᠶᠢᠭᠠᠯᠢ ᠶᠢᠨ | ᠰᠢᠨᠵᠢᠯᠡᠬᠦ ᠤᠬᠠᠭᠠᠨ ᠳᠤ 600 ᠬᠤᠪᠢ ᠵᠢᠴᠢ ᠡᠭᠦᠨ ᠠᠴᠠ ᠳᠡᠭᠡᠭᠰᠢ ᠬᠤᠪᠢ ᠣᠯᠣᠭᠰᠠᠳ3557 ᠬᠥᠮᠥᠨ᠂ | 500 ᠬᠤᠪᠢ ᠵᠢᠴᠢ ᠡᠭᠦᠨ ᠠᠴᠠ ᠳᠡᠭᠡᠭᠰᠢ ᠬᠤᠪᠢ ᠣᠯᠣᠭᠰᠠᠳ 18224 ᠬᠥᠮᠦᠨ︔ ᠡᠩ ᠤᠨ ᠨᠡᠶᠢᠭᠡᠮ ᠤᠨ | ᠰᠢᠨᠵᠢᠯᠡᠬᠦ ᠤᠬᠠᠭᠠᠨ 600 ᠬᠤᠪᠢ ᠵᠢᠴᠢ ᠡᠭᠦᠨ ᠠᠴᠠ ᠳᠡᠭᠡᠭᠰᠢ ᠬᠤᠪᠢ ᠣᠯᠣᠭᠰᠠᠳ ᠳᠤ 88 ᠬᠥᠮᠦᠨ᠂ 500 | ᠬᠤᠪᠢ ᠵᠢᠴᠢ ᠡᠭᠦᠨ ᠠᠴᠠ ᠳᠡᠭᠡᠭᠰᠢ ᠬᠤᠪᠢ ᠣᠯᠣᠭᠰᠠᠳ 4208 ᠬᠥᠮᠦᠨ︔ ᠮᠣᠩᠭᠤᠯ ᠢᠶᠠᠷ ᠬᠢᠴᠢᠶᠡᠯᠯᠡᠬᠦ | ᠪᠠᠶᠢᠭᠠᠯᠢ ᠶᠢᠨ ᠰᠢᠨᠵᠢᠯᠡᠬᠦ ᠤᠬᠠᠭᠠᠨ ᠳᠤ 600 ᠬᠤᠪᠢ ᠵᠢᠴᠢ ᠡᠭᠦᠨ ᠠᠴᠠ ᠳᠡᠭᠡᠭᠰᠢ ᠬᠤᠪᠢ ᠣᠯᠣᠭᠰᠠᠳ 31 | ᠬᠥᠮᠦᠨ᠂ 500 ᠬᠤᠪᠢ ᠵᠢᠴᠢ ᠡᠭᠦᠨ ᠠᠴᠠ ᠳᠡᠭᠡᠭᠰᠢ ᠬᠤᠪᠢ ᠣᠯᠣᠭᠰᠠᠳ 344 ᠬᠥᠮᠦᠨ᠃︔ ᠮᠣᠩᠭᠤᠯ ᠢᠶᠠᠷ | ᠬᠢᠴᠢᠶᠡᠯᠯᠡᠬᠦ ᠨᠡᠶᠢᠭᠡᠮ ᠤᠨ ᠰᠢᠨᠵᠢᠯᠡᠬᠦ ᠤᠬᠠᠭᠠᠨ ᠳᠤ 500 ᠬᠤᠪᠢ ᠵᠢᠴᠢ ᠡᠭᠦᠨ ᠠᠴᠠ ᠳᠡᠭᠡᠭᠰᠢ ᠬᠤᠪᠢ | ᠣᠯᠣᠭᠰᠠᠳ 142 ᠬᠥᠮᠦᠨ ᠪᠠᠶᠢᠨ᠎ᠠ᠃ | | | | | ᠡᠨᠡ ᠵᠢᠯ ᠤᠨ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠳᠤ ᠰᠢᠯᠭᠠᠭᠰᠠᠨ ᠬᠢᠷᠢ | ᠪᠦᠲᠦᠮᠵᠢ ᠢ 23 ᠤ ᠡᠳᠦᠷ ᠨᠢᠭᠡᠨᠲᠡ ᠲᠣᠭᠲᠠᠭᠰᠠᠨ ᠬᠤᠭᠤᠴᠠᠭᠠᠨ ᠳᠠᠭᠠᠨ ᠨᠡᠶᠢᠲᠡᠯᠡᠪᠡ᠂ ᠰᠢᠯᠭᠠᠭᠤᠯᠤᠭᠰᠠᠳ | ᠬᠡᠷᠪᠡ ᠥᠪᠡᠷ ᠤᠨ ᠠᠯᠢ ᠨᠢᠭᠡᠨ ᠬᠢᠴᠢᠶᠡᠯ ᠤᠨ ᠬᠢᠷᠢ ᠪᠦᠲᠦᠮᠵᠢ ᠳᠤ ᠮᠠᠳᠠᠭ ᠲᠠᠢ ᠪᠠᠶᠢᠪᠠᠯ᠂ 6 ᠳ᠋ᠤᠭᠠᠷ ᠰᠠᠷ᠎ᠠ ᠶᠢᠨ | 23 ᠤ ᠡᠳᠦᠷ ᠠᠴᠠ 6 ᠳ᠋ᠤᠭᠠᠷ 26 ᠤ ᠡᠳᠦᠷ ᠪᠣᠯᠲᠠᠯᠠᠬᠢ ᠬᠤᠭᠤᠴᠠᠭᠠᠨ ᠳᠤ ︽ᠰᠢᠯᠭᠠᠭᠤᠯᠬᠤ ᠵᠥᠪᠰᠢᠶᠡᠷᠡᠯ ᠤᠨ | ᠦᠨᠡᠮᠯᠡᠯ︾ ᠢᠶᠠᠨ ᠠᠪᠴᠤ ᠬᠤᠰᠢᠭᠤ ᠰᠢᠶᠠᠨ ︵ᠬᠤᠲᠠ᠂ ᠲᠣᠭᠤᠷᠢᠭ︶ ᠤ ᠰᠤᠷᠤᠭᠴᠢ ᠡᠯᠰᠡᠬᠦ ᠠᠯᠪᠠᠨ ᠭᠡᠷ ᠲᠤ | ᠶᠡᠭᠡ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠰᠣᠶᠣᠯ ᠤᠨ ᠬᠢᠴᠢᠶᠡᠯ ᠤᠨ ᠡᠯ᠎ᠡ ᠲᠥᠷᠥᠯ ᠤᠨ | ᠰᠢᠯᠭᠠᠯᠲᠠ ᠶᠢᠨ ᠬᠢᠷᠢ ᠪᠦᠲᠦᠮᠵᠢ ᠪᠠᠨ ᠳᠠᠪᠲᠠᠨ ᠪᠠᠶᠢᠴᠠᠭᠠᠯᠭᠠᠬᠤ ᠪᠠᠷ ᠭᠤᠶᠤᠴᠢᠯᠠᠵᠤ ᠪᠣᠯᠤᠨ᠎ᠠ᠃ | |