ᠥᠪᠥᠷ ᠮᠣᠩᠭᠤᠯ ᠦᠨᠡᠮᠯᠡᠯ ᠬᠢᠵᠦ ᠦᠭᠬᠦ ᠴᠠᠭ ᠢ ᠪᠤᠭᠤᠨᠢᠰᠬᠠᠵᠠᠢ᠄ ᠠᠵᠤ ᠠᠬᠤᠶᠢᠯᠠᠯ ᠤᠨ ᠳᠠᠩᠰᠠᠯᠠᠯᠲᠠ ᠶᠢ 5 ᠡᠳᠦᠷ ᠤᠨ ᠳᠣᠲᠣᠷ᠎ᠠ ᠬᠢᠨᠠᠨ ᠵᠦᠪᠰᠢᠶᠡᠷᠡᠨ᠎ᠡ
ᠨᠡᠶᠢᠲᠡᠯᠡᠭᠰᠡᠨ ᠴᠠᠭ᠄
2016/6/24
     ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ︽ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠬᠥᠭᠵᠢᠯᠲᠡ ᠶᠢ ᠲᠦᠷᠭᠡᠳᠬᠡᠬᠦ ᠶᠢ ᠵᠤᠷᠢᠭᠵᠢᠭᠤᠯᠤᠨ ᠳᠡᠮᠵᠢᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶᠎ ᠢ ᠨᠡᠶᠢᠲᠡᠯᠡᠵᠦ᠂ ᠦᠨᠡᠮᠯᠡᠯ ᠬᠢᠵᠦ ᠦᠭᠬᠦ ᠴᠠᠭ ᠢ ᠪᠣᠭᠤᠨᠢᠰᠬᠠᠵᠤ᠂ ᠪᠠᠶᠢᠭᠤᠯᠬᠤ ᠪᠠᠷ ᠳᠠᠩᠰᠠᠯᠠᠭᠤᠯᠬᠤ᠂ ᠳᠠᠩᠰᠠᠯᠠᠯᠲᠠ ᠪᠠᠨ ᠬᠤᠪᠢᠷᠠᠭᠤᠯᠬᠤ ᠪᠠᠷ ᠭᠤᠶᠤᠴᠢᠯᠠᠭᠰᠠᠨ ᠠᠵᠤ ᠠᠬᠤᠶᠢᠯᠠᠯ ᠤᠨ ᠨᠦᠭᠦᠴᠡᠯ ᠳᠤ ᠨᠡᠶᠢᠴᠡᠵᠦ ᠪᠠᠶᠢᠪᠠᠯ᠂ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ ᠪᠤᠭᠤᠨᠢᠰᠬᠠᠭᠠᠳ 5 ᠠᠵᠢᠯᠯᠠᠬᠤ ᠡᠳᠦᠷ ᠳᠤᠲᠤᠷ᠎ᠠ ᠬᠢᠵᠦ ᠦᠭᠭᠦᠨ᠎ᠡ᠃      ︽ᠰᠠᠨᠠᠯ︾᠎ ᠳᠤ ᠳᠤᠷᠠᠳᠤᠭᠰᠠᠨ ᠨᠢ᠂ ᠡᠯ᠎ᠡ ᠭᠠᠵᠠᠷ ᠤᠨ ᠵᠠᠰᠠᠭ ᠤᠨ ᠣᠷᠳᠣᠨ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠬᠡᠷᠡᠭᠲᠡᠶ᠃ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠪᠤᠰᠤ ᠬᠢᠨᠠᠨ ᠵᠥᠪᠰᠢᠶᠡᠷᠡᠬᠦ ᠵᠦᠢᠯᠡᠰ ᠢ ᠤᠯᠠᠮ ᠨᠢᠭᠡ ᠠᠯᠬᠤᠮ ᠢᠯᠭᠠᠷᠠᠭᠤᠯᠬᠤ ᠪᠠ ᠪᠠᠭᠠᠰᠬᠠᠵᠤ᠂ ᠪᠡᠯᠡ ᠣᠷᠣᠭᠤᠯᠤᠯᠲᠠ ᠪᠠ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠶᠢᠨ ᠬᠢᠨᠠᠨ ᠵᠥᠪᠰᠢᠶᠡᠷᠡᠬᠦ ᠵᠦᠢᠯᠡᠰ ᠢ ᠭᠤᠣᠯᠳᠠᠯᠭ᠎ᠠ ᠲᠠᠢ ᠪᠠᠭᠠᠰᠬᠠᠬᠤ ᠬᠡᠷᠡᠭᠲᠡᠢ᠃ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠴᠢᠩᠭᠠᠳᠬᠠᠵᠤ᠂ ᠠᠵᠤ ᠠᠬᠤᠶᠢᠯᠠᠯ ᠤᠨ ᠬᠡᠷᠡᠭ ᠡᠷᠬᠢᠯᠡᠬᠦ ᠵᠢᠷᠤᠮ ᠪᠣᠯᠤᠨ ᠴᠠᠭ ᠤᠨ ᠬᠢᠵᠠᠭᠠᠷ ᠢ ᠬᠠᠤᠯᠢ ᠶᠣᠰᠣᠭᠠᠷ ᠢᠯᠠ ᠪᠣᠯᠭᠠᠨ᠂ ᠬᠥᠭᠵᠢᠯᠲᠡ ᠶᠢᠨ ᠲᠥᠯᠥᠪᠵᠢᠭᠦᠯᠭᠡ᠂ ᠠᠵᠤ ᠦᠢᠯᠡᠰ ᠤᠨ ᠲᠥᠷᠥ ᠶᠢᠨ ᠪᠤᠳᠤᠯᠭ᠎ᠠ᠂ ᠪᠡᠯᠡ ᠣᠷᠣᠭᠤᠯᠤᠯᠲᠠ ᠶᠢᠨ ᠲᠦᠷᠦ ᠶᠢᠨ ᠪᠤᠳᠤᠯᠭ᠎ᠠ᠂ ᠡᠳ᠋ ᠤᠨ ᠵᠠᠰᠠᠭ ᠭᠠᠶᠢᠯᠢ ᠶᠢᠨ ᠲᠦᠷᠦ ᠶᠢᠨ ᠪᠤᠳᠤᠯᠭ᠎ᠠ᠂ ᠮᠥᠩᠭᠦᠨ ᠭᠦᠢᠯᠭᠡᠭᠡᠨ ᠤ ᠲᠦᠷᠦ ᠶᠢᠨ ᠪᠤᠳᠤᠯᠭ᠎ᠠ᠂ ᠰᠦᠢᠳᠬᠡᠯ ᠬᠤᠷᠢᠶᠠᠬᠤ ᠲᠦᠷᠦᠯ ᠵᠦᠢᠯ ᠪᠣᠯᠤᠨ ᠪᠠᠷᠢᠮᠵᠢᠶ᠎ᠠ᠂ ᠪᠦᠷᠢᠳᠬᠡᠨ ᠳᠠᠩᠰᠠᠯᠠᠭᠤᠯᠬᠤ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠵᠡᠷᠭᠡ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠬᠦ ᠬᠡᠷᠡᠭᠲᠡᠢ ᠭᠡᠪᠡ᠃      ᠦᠨᠡᠮᠯᠡᠯ ᠬᠢᠵᠦ ᠦᠭᠬᠦ ᠴᠠᠭ ᠢ ᠪᠣᠭᠤᠨᠢᠰᠬᠠᠵᠤ᠂ ᠢᠳᠡᠭᠡᠨ ᠤ ᠭᠦᠢᠯᠭᠡᠭᠡ ᠶᠢᠨ ᠵᠥᠪᠰᠢᠶᠡᠷᠡᠯ ᠠᠴᠠ ᠪᠤᠰᠤᠳ ᠡᠯ᠎ᠡ ᠲᠥᠷᠥᠯ ᠤᠨ ᠠᠵᠤ ᠠᠬᠤᠶᠢᠯᠠᠯ ᠤᠨ ᠳᠠᠩᠰᠠᠯᠠᠭᠤᠯᠤᠨ ᠵᠥᠪᠰᠢᠶᠡᠷᠡᠭᠦᠯᠬᠦ ᠭᠤᠶᠤᠴᠢᠯᠠᠯ ᠢ 7 ᠠᠵᠢᠯᠯᠠᠬᠤ ᠡᠳᠦᠷ ᠤᠨ ᠳᠣᠲᠣᠷ᠎ᠠ ᠬᠢᠵᠦ ᠥᠭᠬᠦ ᠬᠡᠷᠡᠭᠲᠡᠶ᠃ ᠠᠵᠤ ᠠᠬᠤᠶᠢᠯᠠᠯ ᠤᠨ ᠪᠠᠶᠢᠭᠤᠯᠬᠤ ᠳᠠᠩᠰᠠᠯᠠᠯᠲᠠ᠂ ᠳᠠᠩᠰᠠᠯᠠᠯᠲᠠ ᠪᠠᠨ ᠬᠤᠪᠢᠷᠠᠭᠤᠯᠬᠤ ᠭᠤᠶᠤᠴᠢᠯᠠᠯ ᠨᠢ ᠨᠥᠬᠦᠴᠡᠯ ᠳᠤ ᠨᠡᠶᠢᠴᠡᠵᠦ ᠪᠠᠶᠢᠪᠠᠯ᠂ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ ᠪᠤᠭᠤᠨᠢᠰᠬᠠᠭᠠᠳ 5 ᠠᠵᠢᠯᠯᠠᠬᠤ ᠡᠳᠦᠷ ᠪᠤᠯᠭᠠᠨ᠎ᠠ︔ ᠨᠡᠷᠡᠶᠢᠳᠦᠯ ᠢᠶᠠᠨ ᠳᠠᠩᠰᠠᠯᠠᠭᠤᠯᠬᠤ ᠪᠠᠷ ᠭᠤᠶᠤᠴᠢᠯᠠᠭᠰᠠᠨ ᠪᠠᠶᠢᠪᠠᠯ ᠲᠤᠰ ᠡᠳᠦᠷ ᠲᠤᠨᠢ ᠬᠦᠯᠢᠶᠡᠠ ᠠᠪᠴᠤ᠂ ᠲᠤᠰ ᠡᠳᠦᠷ ᠲᠤᠨᠢ ᠬᠢᠨᠠᠨ ᠵᠦᠪᠰᠢᠶᠡᠷᠡᠭᠡᠳ ᠪᠠᠷᠢᠨ ᠬᠢᠵᠦ ᠦᠭᠬᠦ ᠶᠢ ᠬᠡᠷᠡᠭᠵᠢᠭᠦᠯᠦᠨ᠎ᠡ᠃ ᠲᠥᠷᠥᠯ ᠵᠦᠢᠯ ᠤᠨ ᠬᠢᠨᠠᠨ ᠵᠥᠪᠰᠢᠶᠡᠷᠡᠬᠦ ᠭᠠᠷᠳᠠᠮ ᠢ ᠳᠥᠭᠦᠮᠴᠢᠯᠡᠵᠦ᠂ ᠬᠢᠨᠠᠨ ᠵᠥᠪᠰᠢᠶᠡᠷᠡᠬᠦ ᠲᠦᠷᠦᠯ ᠵᠦᠢᠯ ᠤᠨ ᠴᠢᠬᠤᠯᠠ ᠨᠥᠬᠦᠴᠡᠯ ᠪᠠ ᠭᠠᠷᠳᠠᠮ ᠨᠢ ᠪᠦᠷᠢᠨ ᠭᠦᠢᠴᠡᠳ ᠪᠠᠶᠢᠪᠠᠯ ᠪᠠᠷᠢᠨ ᠬᠢᠨᠠᠨ ᠵᠦᠪᠰᠢᠶᠡᠷᠡᠵᠦ᠂ ᠬᠢᠨᠠᠨ ᠬᠠᠷᠭᠤᠭᠤᠯᠤᠭᠰᠠᠨ ᠲᠣᠭᠲᠠᠭᠠᠯ ᠭᠠᠷᠬᠤ ᠠᠴᠠ ᠪᠤᠰᠤᠳ ᠢ ᠨᠢ᠂ 20 ᠠᠵᠢᠯᠯᠠᠬᠤ ᠡᠳᠦᠷ ᠤᠨ ᠳᠣᠲᠣᠷ᠎ᠠ ᠬᠢᠨᠠᠨ ᠵᠦᠪᠰᠢᠶᠡᠷᠡᠵᠦ᠂ ᠬᠢᠨᠠᠨ ᠬᠠᠷᠭᠤᠭᠤᠯᠤᠵᠤ ᠦᠭᠬᠦ ᠬᠡᠷᠡᠭᠲᠡᠶ︔ ᠳᠠᠩᠰᠠᠯᠠᠭᠤᠯᠬᠤ ᠲᠦᠷᠦᠯ ᠵᠦᠢᠯ ᠪᠤᠯᠪᠠᠯ ᠶᠠᠮᠠᠷᠪᠠ ᠤᠷᠢᠳᠠᠴᠢ ᠨᠥᠬᠦᠴᠡᠯ ᠲᠣᠭᠲᠠᠭᠠᠵᠤ ᠪᠣᠯᠬᠤ ᠦᠭᠡᠢ᠂ 5 ᠠᠵᠢᠯᠯᠠᠬᠤ ᠡᠳᠦᠷ ᠤᠨ ᠳᠣᠲᠣᠷ᠎ᠠ ᠳᠠᠩᠰᠠᠯᠠᠵᠤ ᠦᠭᠬᠦ ᠬᠡᠷᠡᠭᠲᠡᠶ︔ ᠤᠯᠤᠰ ᠤᠨ ᠠᠵᠤ ᠦᠢᠯᠡᠰ ᠤᠨ ᠲᠥᠷᠥ ᠶᠢᠨ ᠪᠤᠳᠤᠯᠭ᠎ᠠ ᠳᠤ ᠨᠡᠶᠢᠴᠡᠵᠦ᠂ ᠪᠡᠯᠡ ᠣᠷᠣᠭᠤᠯᠤᠯᠲᠠ ᠨᠢ 500 ᠲᠦᠮᠡᠨ ᠲᠥᠭᠦᠷᠢᠭ ᠠᠴᠠ ᠳᠣᠷᠣᠭᠰᠢᠬᠢ ᠲᠦᠷᠦᠯ ᠵᠦᠢᠯ ᠪᠣᠯ ᠳᠠᠩᠰᠠᠯᠠᠭᠤᠯᠬᠤ ᠪᠠᠨ ᠮᠡᠳᠡᠭᠳᠡᠴᠡᠪᠡᠯ ᠪᠤᠯᠴᠢᠬᠠᠨ᠎ᠠ᠃      ᠠᠷᠠᠳ ᠤᠨ ᠰᠦᠯᠵᠢᠶ᠎ᠡ ᠶᠢᠨ ᠥᠪᠥᠷ ᠮᠣᠩᠭᠤᠯ ᠤᠨ ᠰᠤᠪᠠᠭ ᠠᠴᠠ ᠤᠶᠢᠯᠭᠠᠭᠰᠠᠨ ᠨᠢ᠂ ︽ᠰᠠᠨᠠᠯ︾᠎ ᠳᠤ ᠨᠡᠶᠢᠲᠡ 24 ᠵᠦᠢᠯ ᠤᠨ ᠠᠷᠭ᠎ᠠ ᠬᠡᠮᠵᠢᠶ᠎ᠡ ᠳᠤᠷᠠᠳᠴᠤ᠂ 6 ᠲᠠᠯ᠎ᠠ ᠳᠤ ᠬᠤᠯᠪᠤᠭᠳᠠᠵᠤ᠂ ᠲᠡᠭᠦᠨ ᠤ ᠵᠣᠷᠢᠯᠭ᠎ᠠ ᠨᠢ ᠲᠠᠷᠤᠢ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠬᠥᠭᠵᠢᠯᠲᠡ ᠶᠢᠨ ᠲᠤᠬᠠᠢ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ  ᠵᠣᠷᠢᠭᠵᠢᠭᠤᠯᠤᠨ ᠳᠡᠮᠵᠢᠵᠦ᠂ ᠬᠥᠲᠥᠯᠥᠨ ᠵᠢᠯᠤᠭᠤᠳᠬᠤ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠥᠪᠥᠷ ᠮᠣᠩᠭᠤᠯ ᠤᠨ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠡᠷᠡᠭᠦᠯ ᠢᠶᠠᠷ ᠬᠦᠭᠵᠢᠬᠦ ᠶᠢ  ᠬᠦᠴᠦ ᠲᠠᠯᠪᠢᠨ ᠠᠬᠢᠭᠤᠯᠤᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠪᠦᠲᠦᠴᠡ ᠶᠢ ᠲᠣᠬᠢᠷᠠᠭᠤᠯᠬᠤ᠂ ᠬᠡᠯᠪᠡᠷᠢ ᠪᠠᠨ ᠬᠤᠪᠢᠷᠠᠭᠤᠯᠤᠨ ᠬᠦᠭᠵᠢᠬᠦ ᠶᠢ ᠤᠯᠠᠮ ᠨᠢᠭᠡ ᠠᠯᠬᠤᠮ ᠠᠬᠢᠭᠤᠯᠵᠤ᠂ ᠪᠥᠬᠦ ᠣᠷᠣᠨ ᠤ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠤᠨ ᠠᠭᠤᠰᠤᠯᠴᠠᠯ᠂ ᠠᠳᠠᠯ ᠦᠢᠯᠡᠰ ᠴᠣᠭᠴᠠᠯᠠᠬᠤ ᠣᠷᠴᠢᠨ ᠲᠤᠭᠤᠷᠢᠨ ᠢ ᠰᠢᠯᠢᠳᠡᠭᠵᠢᠭᠦᠯᠬᠦ ᠳᠤ ᠤᠷᠤᠰᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号