︽ᠣᠷᠣᠨ ᠰᠠᠭᠤᠴᠠ ᠶᠢᠨ ᠳᠦᠷᠢᠶᠡᠰᠦᠯᠡᠯ ᠤᠨ ᠵᠠᠬ᠎ᠠ ᠳᠡᠯᠭᠡᠭᠦᠷ ᠢ ᠲᠦᠷᠭᠡᠨ ᠪᠣᠶᠢᠵᠢᠭᠤᠯᠤᠨ ᠬᠥᠭᠵᠢᠭᠦᠯᠬᠦ ᠰᠠᠨᠠᠯ ᠤᠳ︾ ᠤᠨ ᠲᠤᠬᠠᠢ ᠲᠤᠰᠬᠠᠶ ᠮᠡᠷᠭᠡᠵᠢᠯᠲᠡᠨ ᠤ ᠲᠠᠶᠢᠯᠤᠮᠵᠢ
ᠨᠡᠶᠢᠲᠡᠯᠡᠭᠰᠡᠨ ᠴᠠᠭ᠄
2016/6/24
     ᠲᠥᠷᠦ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠠᠴᠠ ᠳᠠᠷᠤᠮᠠᠯᠯᠠᠨ ᠲᠠᠷᠬᠠᠭᠠᠭᠰᠠᠨ ︽ᠣᠷᠣᠨ ᠰᠠᠭᠤᠴᠠ ᠶᠢᠨ ᠳᠦᠷᠢᠶᠡᠰᠦᠯᠡᠯ ᠤᠨ ᠵᠠᠬ᠎ᠠ ᠳᠡᠯᠭᠡᠭᠦᠷ ᠢ ᠲᠦᠷᠭᠡᠨ ᠪᠣᠶᠢᠵᠢᠭᠤᠯᠤᠨ ᠬᠥᠭᠵᠢᠭᠦᠯᠬᠦ ᠲᠤᠬᠠᠶ ᠰᠠᠨᠠᠯ ᠤᠳ︾ ᠢ 3 ᠤ ᠡᠳᠦᠷ ᠨᠡᠶᠢᠲᠡᠯᠡᠪᠡ᠃ ᠣᠷᠣᠨ ᠰᠠᠭᠤᠴᠠ ᠶᠢᠨ ᠳᠦᠷᠢᠶᠡᠰᠦᠯᠡᠯ ᠤᠨ ᠵᠠᠬ᠎ᠠ ᠳᠡᠯᠭᠡᠭᠦᠷ ᠢ ᠪᠣᠶᠢᠵᠢᠭᠤᠯᠤᠨ ᠬᠥᠭᠵᠢᠭᠦᠯᠵᠦ᠂ ᠬᠤᠳᠠᠯᠳᠤᠨ ᠠᠪᠬᠤ ᠪᠠ ᠳᠦᠷᠢᠶᠡᠰᠦᠯᠡᠬᠦ ᠶᠢ ᠵᠡᠷᠭᠡᠪᠡᠷ ᠶᠠᠪᠤᠭᠤᠯᠬᠤ ᠣᠷᠣᠨ ᠰᠠᠭᠤᠴᠠ ᠶᠢᠨ ᠲᠦᠷᠢᠮ ᠢ ᠪᠠᠶᠢᠭᠤᠯᠬᠤ ᠨᠢ᠂ ᠰᠠᠭᠤᠬᠤ ᠠᠴᠠ ᠣᠷᠣᠨ ᠰᠠᠭᠤᠴᠠ ᠲᠠᠢ ᠪᠣᠯᠭᠠᠬᠤ ᠬᠠᠷᠠᠯᠲᠠ ᠶᠢᠨ ᠪᠡᠶᠡᠯᠡᠭᠳᠡᠯ ᠢ ᠠᠬᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃      ︽ᠰᠠᠨᠠᠯ︾ ᠤᠨ ᠭᠢᠯᠠᠰ ᠴᠢᠭ᠋ ᠤᠨ ᠲᠤᠬᠠᠢ ᠴᠢᠩᠬᠤᠸᠠ ᠶᠡᠭᠡ ᠰᠤᠷᠭᠠᠭᠤᠯᠢ ᠶᠢᠨ ᠭᠡᠷ ᠭᠠᠵᠠᠷ ᠬᠦᠷᠦᠩᠭᠡ ᠶᠢᠨ ᠰᠣᠳᠤᠯᠤᠯ ᠤᠨ ᠭᠠᠵᠠᠷ ᠤᠨ ᠳᠠᠷᠤᠭ᠎ᠠ ᠯᠢᠦ ᠬᠤᠩ ᠢᠤᠢ ᠫᠷᠤᠹᠧᠰᠰᠤᠷ ᠪᠠ ᠳᠤᠮᠳᠠᠳᠤ ᠤᠯᠤᠰ ᠤᠨ ᠭᠡᠷ ᠭᠠᠵᠠᠷ ᠬᠥᠷᠥᠩᠭᠡ ᠶᠢᠨ ᠦᠨ᠎ᠡ ᠵᠢᠱᠢᠭᠴᠢ ᠬᠢᠭᠡᠳ ᠭᠡᠷ ᠭᠠᠵᠠᠷ ᠬᠦᠷᠦᠩᠭᠡ ᠶᠢᠨ ᠵᠠᠭᠤᠴᠢᠯᠠᠭᠴᠢ ᠶᠢᠨ ᠨᠡᠶᠢᠭᠡᠮᠯᠢᠭ ᠤᠨ ᠨᠠᠷᠢᠨ ᠪᠢᠴᠢᠭ ᠤᠨ ᠳᠠᠷᠤᠭ᠎ᠠ ᠴᠠᠢ ᠴᠢᠶᠠᠩ ᠳ᠋ᠣᠺᠲ᠋ᠣᠷ ᠵᠡᠷᠭᠡ ᠲᠤᠰᠬᠠᠶ ᠮᠡᠷᠭᠡᠵᠢᠯᠲᠡᠳ ᠢ ᠰᠤᠷᠪᠤᠯᠵᠢᠯᠠᠪᠠ᠃      ᠣᠷᠣᠨ ᠰᠠᠭᠤᠴᠠ ᠶᠢᠨ ᠳᠦᠷᠢᠶᠡᠰᠦᠯᠡᠯ ᠤᠨ ᠵᠠᠬ᠎ᠠ ᠳᠡᠯᠭᠡᠭᠦᠷ ᠢ ᠪᠤᠶᠢᠵᠢᠭᠤᠯᠤᠨ ᠬᠥᠭᠵᠢᠭᠦᠯᠵᠦ ᠬᠤᠳᠠᠯᠳᠤᠨ ᠠᠪᠬᠤ ᠪᠠ ᠳᠦᠷᠢᠶᠡᠰᠦᠯᠡᠬᠦ ᠶᠢ ᠵᠡᠷᠭᠡᠪᠡᠷ ᠶᠠᠪᠤᠭᠤᠯᠬᠤ ᠣᠷᠣᠨ ᠰᠠᠭᠤᠴᠠ ᠶᠢᠨ ᠲᠦᠷᠢᠮ ᠢ ᠪᠠᠶᠢᠭᠤᠯᠤᠨ᠎ᠠ      ︽ᠣᠷᠣᠨ ᠰᠠᠭᠤᠴᠠ ᠶᠢᠨ ᠳᠦᠷᠢᠶᠡᠰᠦᠯᠡᠯ ᠤᠨ ᠵᠠᠬ᠎ᠠ ᠳᠡᠯᠭᠡᠭᠦᠷ ᠢ ᠪᠤᠶᠢᠵᠢᠭᠤᠯᠤᠨ ᠬᠦᠭᠵᠢᠭᠦᠯᠬᠦ ᠪᠣᠯ᠂ ᠣᠷᠣᠨ ᠰᠠᠭᠤᠴᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠴᠢᠬᠤᠯᠠ ᠨᠢᠭᠡᠨ ᠠᠷᠭ᠎ᠠ ᠬᠡᠮᠵᠢᠶ᠎ᠡ ᠮᠥᠨ᠂ ᠬᠤᠳᠠᠯᠳᠤᠨ ᠠᠪᠬᠤ ᠪᠠ ᠳᠦᠷᠢᠶᠡᠰᠦᠯᠡᠬᠦ ᠶᠢ ᠵᠡᠷᠭᠡᠪᠡᠷ ᠶᠠᠪᠤᠭᠤᠯᠬᠤ ᠣᠷᠣᠨ ᠰᠠᠭᠤᠴᠠ ᠶᠢᠨ ᠲᠦᠷᠢᠮ ᠢ ᠪᠠᠶᠢᠭᠤᠯᠤᠨ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠠᠰᠠᠭᠤᠳᠠᠯ ᠢ ᠰᠢᠢᠳᠪᠦᠷᠢᠯᠡᠬᠦ  ᠳᠤ ᠲᠦᠢᠯ ᠤᠨ ᠴᠢᠬᠤᠯᠠ ᠪᠣᠳᠠᠲᠤ ᠠᠴᠢ ᠬᠤᠯᠪᠣᠭᠳᠠᠯ ᠲᠠᠢ ᠶᠤᠮ︾ ᠬᠡᠮᠡᠨ ᠯᠢᠦ ᠬᠤᠩ ᠢᠤᠢ ᠬᠡᠯᠡᠵᠦ ᠪᠠᠶᠢᠯ᠎ᠠ᠃      ᠣᠷᠣᠨ ᠰᠠᠭᠤᠴᠠ ᠶᠢᠨ ᠳᠦᠷᠢᠶᠡᠰᠦᠯᠡᠯ ᠤᠨ ᠵᠠᠬ᠎ᠠ ᠳᠡᠯᠭᠡᠭᠦᠷ ᠪᠣᠯ᠂ ᠭᠡᠷ ᠭᠠᠵᠠᠷ ᠬᠦᠷᠦᠩᠭᠡ ᠶᠢᠨ ᠵᠠᠬ᠎ᠠ ᠳᠡᠯᠭᠡᠭᠦᠷ ᠤᠨ ᠴᠢᠬᠤᠯᠠ ᠪᠦᠷᠢᠯᠳᠦᠬᠦᠨ ᠬᠡᠰᠡᠭ ᠮᠥᠨ᠂ ᠣᠷᠣᠨ ᠰᠠᠭᠤᠴᠠ ᠶᠢᠨ ᠠᠰᠠᠭᠤᠳᠠᠯ ᠢ ᠰᠢᠢᠳᠪᠦᠷᠢᠯᠡᠬᠦ ᠴᠢᠬᠤᠯᠠ ᠠᠷᠭ᠎ᠠ ᠵᠠᠮ ᠮᠥᠨ᠂ ᠧᠦ᠋ᠷᠣᠫᠠ ᠠᠮᠧᠷᠢᠺᠠ ᠲᠢᠪ ᠤᠨ ᠴᠥᠭᠡᠨ ᠪᠤᠰᠤ ᠤᠯᠤᠰ ᠤᠳ ᠤᠨ ᠰᠠᠭᠤᠭᠠᠯᠢ ᠠᠷᠠᠳ ᠪᠦᠷ ᠤᠷᠤᠨ ᠰᠠᠭᠤᠴᠠ ᠲᠦᠷᠢᠶᠡᠰᠦᠯᠡᠬᠦ ᠬᠠᠷᠢᠴᠠᠯ ᠨᠢ 30% ᠶᠢ ᠳᠠᠪᠠᠵᠤ᠂ ᠠᠮᠧᠷᠢᠺᠠ ᠳᠤ ᠪᠠᠷᠤᠭ 1 / 3 ᠶᠢᠨ ᠰᠠᠭᠤᠭᠠᠯᠢ ᠠᠷᠠᠳ ᠤᠨ ᠭᠡᠷ ᠪᠦᠯᠢ ᠨᠢ ᠤᠷᠤᠨ ᠰᠠᠭᠤᠴᠠ ᠳᠦᠷᠢᠶᠡᠰᠦᠯᠡᠵᠦ᠂ ᠭᠧᠷᠮᠠᠨ ᠤ ᠰᠠᠭᠤᠭᠠᠯᠢ ᠠᠷᠠᠳ ᠤᠨ ᠤᠷᠤᠨ ᠰᠠᠭᠤᠴᠠ ᠲᠦᠷᠢᠶᠡᠰᠦᠯᠡᠬᠦ ᠬᠠᠷᠢᠴᠠᠯ ᠨᠢ 50% ᠶᠢ ᠳᠠᠪᠠᠵᠠᠶ᠃ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠳᠤ᠂ ᠭᠡᠷ ᠭᠠᠵᠠᠷ ᠬᠦᠷᠦᠩᠭᠡ ᠶᠢᠨ ᠵᠠᠬ᠎ᠠ ᠳᠡᠯᠭᠡᠭᠦᠷ ᠪᠠ ᠳᠦᠷᠢᠶᠡᠰᠦᠯᠡᠯ ᠤᠨ ᠵᠠᠬ᠎ᠠ ᠳᠡᠯᠭᠡᠭᠦᠷ ᠢ ᠬᠠᠮᠵᠢᠯᠴᠠᠭᠤᠯᠤᠨ ᠬᠦᠭᠵᠢᠭᠦᠯᠬᠦ ᠴᠢᠬᠤᠯᠠᠲᠠᠶ᠃ ︽ᠭᠡᠪᠡᠴᠦ ᠣᠳᠣᠬᠠᠨ ᠳᠤ ᠮᠠᠨ ᠤ ᠤᠯᠤᠰ ᠤᠨ ᠣᠷᠣᠨ ᠰᠠᠭᠤᠴᠠ ᠶᠢᠨ ᠳᠦᠷᠢᠶᠡᠰᠦᠯᠡᠯ ᠤᠨ ᠵᠠᠬ᠎ᠠ ᠳᠡᠯᠭᠡᠭᠦᠷ ᠤᠨ ᠪᠤᠶᠢᠵᠢᠯᠲᠠ ᠪᠠᠷᠤᠭᠲᠠᠢ᠂ ᠬᠤᠳᠠ ᠶᠢᠨ ᠰᠠᠭᠤᠭᠠᠯᠢ ᠠᠷᠠᠳ ᠤᠨ ᠤᠷᠤᠨ ᠰᠠᠭᠤᠴᠠ ᠲᠦᠷᠢᠶᠡᠰᠦᠯᠡᠬᠦ ᠬᠠᠷᠢᠴᠠᠯ ᠨᠢ ᠶᠡᠷᠦᠩᠬᠡᠶ ᠳᠡᠭᠡᠨ ᠳᠣᠣᠷ᠎ᠠ ᠪᠠᠶᠢᠵᠤ᠂ ᠬᠡᠰᠡᠭ ᠬᠦᠮᠦᠰ ᠤᠨ ᠣᠷᠣᠨ ᠰᠠᠭᠤᠴᠠ ᠳᠦᠷᠢᠶᠡᠰᠦᠯᠡᠬᠦ ᠬᠡᠷᠡᠭᠴᠡᠭᠡ ᠶᠢ ᠰᠠᠶᠢᠲᠤᠷ ᠬᠠᠩᠭᠠᠵᠤ ᠴᠢᠳᠠᠬᠤ ᠦᠭᠡᠢ ᠪᠠᠶᠢᠨ᠎ᠠ᠃ ᠡᠶᠢᠮᠦ ᠠᠴᠠ᠂ ᠣᠷᠣᠨ ᠰᠠᠭᠤᠴᠠ ᠶᠢᠨ ᠳᠦᠷᠢᠶᠡᠰᠦᠯᠡᠯ ᠤᠨ ᠵᠠᠬ᠎ᠠ ᠳᠡᠯᠭᠡᠭᠦᠷ ᠢ ᠪᠤᠶᠢᠵᠢᠭᠤᠯᠤᠨ ᠬᠦᠭᠵᠢᠭᠦᠯᠬᠦ ᠨᠢ᠂ ᠰᠠᠭᠤᠬᠤ ᠠᠴᠠ ᠣᠷᠣᠨ ᠰᠠᠭᠤᠴᠠ ᠲᠠᠢ ᠪᠣᠯᠭᠠᠬᠤ ᠬᠠᠷᠠᠯᠲᠠ ᠶᠢᠨ ᠪᠡᠶᠡᠯᠡᠭᠳᠡᠯ ᠢ ᠠᠬᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ︾ ᠬᠡᠮᠡᠨ ᠴᠠᠢ ᠴᠢᠶᠠᠩ ᠬᠡᠯᠡᠵᠡᠢ᠃      ︽ᠮᠠᠰᠢ ᠤᠯᠠᠨ ᠭᠠᠳᠠᠨ᠎ᠠ ᠠᠴᠠ ᠢᠷᠡᠭᠰᠡᠨ ᠠᠵᠢᠯ ᠬᠦᠳᠡᠯᠮᠦᠷᠢ ᠬᠢᠵᠦ ᠪᠠᠶᠢᠭ᠎ᠠ ᠬᠥᠮᠦᠰ᠂ ᠰᠢᠨ᠎ᠡ ᠠᠵᠢᠯ ᠣᠯᠣᠭᠰᠠᠨ ᠤᠶᠤᠲᠠᠳ ᠤᠨ ᠣᠷᠣᠯᠭ᠎ᠠ ᠨᠢ ᠥᠨᠳᠥᠷ ᠪᠢᠰᠢ᠂ ᠭᠡᠷ ᠬᠤᠳᠠᠯᠳᠤᠨ ᠠᠪᠬᠤ ᠴᠢᠳᠠᠯ ᠬᠦᠷᠬᠦ ᠦᠭᠡᠢ᠂ ᠭᠤᠣᠯ ᠨᠢ ᠣᠷᠣᠨ ᠰᠠᠭᠤᠴᠠ ᠳᠦᠷᠢᠶᠡᠰᠦᠯᠡᠬᠦ ᠪᠠᠷ ᠢᠷᠡᠵᠦ ᠠᠰᠠᠭᠤᠳᠠᠯ ᠢᠶᠠᠨ ᠰᠢᠢᠳᠪᠦᠷᠢᠯᠡᠵᠦ ᠪᠠᠶᠢᠳᠠᠭ᠃ ᠬᠡᠷᠪᠡ ᠲᠡᠳᠡᠨ ᠤ ᠣᠷᠣᠨ ᠰᠠᠭᠤᠴᠠ ᠶᠢᠨ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ ᠴᠢᠳᠠᠬᠤ ᠦᠭᠡᠢ ᠪᠣᠯ᠂ ᠬᠤᠲᠠ ᠪᠠᠯᠭᠠᠰᠤᠴᠢᠯᠠᠬᠤ ᠬᠥᠭᠵᠢᠯᠲᠡ ᠶᠢᠨ ᠴᠢᠨᠠᠷ ᠴᠢᠨᠰᠠᠭ᠎ᠠ ᠶᠢ ᠨᠥᠯᠥᠭᠡᠯᠡᠬᠦ ᠨᠢ ᠳᠠᠮᠵᠢᠭ ᠤᠢᠭᠡᠢ ᠶᠤᠮ︾ ᠭᠡᠵᠦ ᠯᠢᠦ ᠬᠤᠩ ᠢᠤᠢ ᠵᠢᠭᠠᠨ ᠭᠠᠷᠭᠠᠵᠤ᠂ ᠣᠷᠣᠨ ᠰᠠᠭᠤᠴᠠ ᠶᠢᠨ ᠳᠦᠷᠢᠶᠡᠰᠦᠯᠡᠯ ᠤᠨ ᠵᠠᠬ᠎ᠠ ᠳᠡᠯᠭᠡᠭᠦᠷ ᠢ ᠪᠤᠶᠢᠵᠢᠭᠤᠯᠤᠨ ᠬᠦᠭᠵᠢᠭᠦᠯᠬᠦ ᠨᠢ᠂ ᠬᠤᠲᠠ ᠪᠠᠯᠭᠠᠰᠤᠨ ᠤ ᠰᠠᠭᠤᠭᠠᠯᠢ ᠠᠷᠠᠳ ᠲᠦᠷᠢᠶᠡᠰᠦᠯᠡᠬᠦ ᠶᠤᠮ ᠦᠦ ᠬᠤᠳᠠᠯᠳᠤᠨ ᠠᠪᠬᠤ ᠶᠤᠮ ᠦᠦ ᠭᠡᠳᠡᠭ ᠲᠡᠭᠡᠨ ᠨᠡᠩ ᠴᠢᠯᠦᠭᠡᠲᠡᠢ ᠰᠣᠩᠭᠤᠵᠤ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠠᠰᠠᠭᠤᠳᠠᠯ ᠢ ᠨᠡᠩ ᠰᠠᠶᠢᠲᠤᠷ ᠰᠢᠢᠳᠪᠦᠷᠢᠯᠡᠨ᠂ ᠬᠤᠲᠠ ᠪᠠᠯᠭᠠᠰᠤᠵᠢᠯᠲᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ ᠴᠢᠳᠠᠨ᠎ᠠ᠃ ᠢᠯᠠᠩᠭᠤᠶ᠎ᠠ ᠳᠤᠮᠳᠠᠳᠤ ᠤᠯᠤᠰ ᠤᠨ ᠣᠨᠴᠠᠯᠢᠭ ᠪᠦᠬᠦᠢ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ᠂ ᠮᠡᠳᠡᠭᠡ ᠵᠠᠩᠭᠢᠵᠢᠯᠲᠠ᠂ ᠬᠤᠳᠠ ᠪᠠᠯᠭᠠᠰᠤᠵᠢᠯᠳᠡ᠂ ᠲᠠᠷᠢᠶᠠᠯᠠᠩ ᠤᠨ ᠣᠳᠣᠬᠢᠴᠢᠯᠠᠯᠲᠠ ᠶᠢᠨ ᠠᠬᠢᠴᠠ ᠶᠢ ᠳᠠᠭᠠᠯᠳᠤᠨ᠂ ᠲᠠᠷᠢᠶᠠᠯᠠᠩ ᠠᠴᠠ ᠰᠢᠯᠵᠢᠭᠰᠡᠨ ᠦᠢ ᠤᠯᠡᠠ ᠬᠦᠮᠦᠰ ᠬᠤᠲᠠ ᠳᠤ ᠢᠷᠡᠵᠦ ᠠᠮᠢᠳᠤᠷᠠᠨ᠂ ᠲᠡᠳᠡᠨ ᠤ ᠣᠷᠣᠰᠢᠨ ᠰᠠᠭᠤᠬᠤ ᠠᠰᠠᠭᠤᠳᠠᠯ ᠢ ᠰᠢᠢᠳᠪᠦᠷᠢᠯᠡᠨ᠂ ᠠᠮᠤᠷ ᠵᠢᠮᠤᠷ ᠠᠵᠤ ᠳᠦᠷᠦᠬᠦ ᠳᠤ᠂ ᠣᠷᠣᠨ ᠰᠠᠭᠤᠴᠠ ᠶᠢᠨ ᠳᠦᠷᠢᠶᠡᠰᠦᠯᠡᠯ ᠤᠨ ᠵᠠᠬ᠎ᠠ ᠳᠡᠯᠭᠡᠭᠦᠷ ᠴᠢᠬᠤᠯᠠ ᠦᠢᠯᠡᠳᠦᠯ ᠢᠶᠠᠨ ᠪᠠᠳᠠᠷᠠᠭᠤᠯᠬᠤ ᠨᠢ ᠳᠠᠮᠵᠢᠭ ᠦᠭᠡᠢ ᠶᠤᠮ ᠭᠡᠪᠡ᠃      2015 ᠣᠨ ᠤ ᠡᠴᠦᠰ ᠲᠤ ᠬᠤᠷᠠᠯᠳᠤᠭᠰᠠᠨ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠠᠴᠠ ᠵᠢᠭᠠᠵᠤ ᠭᠠᠷᠭᠠᠭᠰᠠᠨ ᠨᠢ᠂ ᠠᠯᠪᠠᠨ ᠠᠴᠠ ᠪᠠᠶᠢᠭᠤᠯᠤᠭᠰᠠᠨ ᠳᠦᠷᠢᠶᠡᠰᠦᠯᠡᠯ ᠤᠨ ᠤᠷᠤᠨ ᠰᠠᠭᠤᠴᠠ ᠶᠢᠨ ᠵᠣᠭᠤᠰᠴᠢᠯᠠᠯᠲᠠ ᠶᠢ  ᠠᠬᠢᠭᠤᠯᠬᠤ ᠨᠢ᠂ ᠣᠷᠣᠨ ᠰᠠᠭᠤᠴᠠ ᠶᠢᠨ ᠳᠦᠷᠢᠶᠡᠰᠦᠯᠡᠯ ᠤᠨ ᠵᠠᠬ᠎ᠠ ᠳᠡᠯᠭᠡᠭᠦᠷ ᠤᠨ ᠲᠦᠷᠭᠡᠨ ᠪᠣᠶᠢᠵᠢᠯᠲᠠ ᠶᠢ ᠱᠠᠭᠠᠷᠳᠠᠵᠤ ᠪᠠᠶᠢᠭ᠎ᠠ ᠶᠢ ᠬᠠᠷᠠᠭᠤᠯᠤᠨ᠎ᠠ ᠭᠡᠵᠡᠢ᠃ ᠲᠤᠰᠬᠠᠶ ᠮᠡᠷᠭᠡᠵᠢᠯᠲᠡᠨ ᠬᠡᠯᠡᠬᠦ ᠳᠡᠭᠡᠨ᠂ ᠭᠠᠭᠴᠠ ᠬᠦ ᠣᠷᠣᠨ ᠰᠠᠭᠤᠴᠠ ᠶᠢᠨ ᠳᠦᠷᠢᠶᠡᠰᠦᠯᠡᠯ ᠤᠨ ᠵᠠᠬ᠎ᠠ ᠳᠡᠯᠭᠡᠭᠦᠷ ᠢ ᠵᠢᠷᠤᠮᠵᠢᠭᠤᠯᠤᠨ ᠡᠷᠡᠭᠦᠯ ᠢᠶᠠᠷ ᠬᠦᠭᠵᠢᠭᠦᠯᠵᠦ ᠴᠢᠳᠠᠪᠠᠯ᠂ ᠠᠯᠪᠠᠨ ᠠᠴᠠ ᠪᠠᠶᠢᠭᠤᠯᠤᠭᠰᠠᠨ ᠳᠦᠷᠢᠶᠡᠰᠦᠯᠡᠯ ᠤᠨ ᠤᠷᠤᠨ ᠰᠠᠭᠤᠴᠠ ᠶᠢᠨ ᠪᠠᠲᠤᠯᠠᠭ᠎ᠠ ᠬᠦᠷᠲᠡᠭᠴᠢᠳ ᠰᠠᠶ᠋ᠢ ᠵᠠᠬ᠎ᠠ ᠳᠡᠯᠭᠡᠭᠦᠷ ᠳᠡᠭᠡᠷ᠎ᠡ ᠨᠡᠩ ᠢᠯᠡᠭᠦᠦ ᠰᠢᠯᠢᠨ ᠰᠣᠩᠭᠤᠬᠤ ᠪᠣᠯᠤᠯᠴᠠᠭ᠎ᠠ ᠲᠠᠢ ᠪᠣᠯᠵᠤ᠂ ᠲᠣᠬᠢᠷᠠᠮᠵᠢᠲᠠᠶ ᠣᠷᠣᠨ ᠰᠠᠭᠤᠴᠠ ᠪᠠᠨ ᠳᠦᠷᠢᠶᠡᠰᠦᠯᠡᠨ ᠠᠪᠴᠤ ᠴᠢᠳᠠᠨ᠎ᠠ ᠭᠡᠪᠡ᠃      ᠲᠥᠷᠥ ᠶᠢᠨ ᠪᠤᠳᠤᠯᠭ᠎ᠠ ᠶᠢᠨ ᠲᠠᠯ᠎ᠠ ᠪᠠᠷ ᠳᠡᠮᠵᠢᠯᠭᠡ ᠦᠵᠡᠭᠦᠯᠬᠦ ᠡᠷᠴᠢᠮ ᠢᠶᠠᠨ ᠴᠢᠩᠭᠠᠷᠠᠭᠤᠯᠵᠤ   ᠣᠷᠣᠨ ᠰᠠᠭᠤᠴᠠ ᠶᠢᠨ ᠳᠦᠷᠢᠶᠡᠰᠦᠯᠡᠯ ᠤᠨ ᠵᠠᠬ᠎ᠠ ᠳᠡᠯᠭᠡᠭᠦᠷ ᠤᠨ ᠬᠦᠭᠵᠢᠯᠲᠡ ᠶᠢ ᠠᠬᠢᠭᠤᠯᠤᠨ᠎ᠠ      ᠤᠷᠤᠨ ᠰᠠᠭᠤᠴᠠ ᠶᠢᠨ ᠳᠦᠷᠢᠶᠡᠰᠦᠯᠡᠯ ᠤᠨ ᠵᠠᠬ᠎ᠠ ᠳᠡᠯᠭᠡᠭᠦᠷ ᠤᠨ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ ︽ᠰᠠᠨᠠᠯ︾ ᠳᠤ ᠭᠠᠶᠢᠯᠢ ᠲᠠᠲᠠᠪᠤᠷᠢ᠂ ᠮᠥᠩᠭᠦᠨ ᠭᠦᠢᠯᠭᠡᠭᠡ ᠪᠠ ᠭᠠᠵᠠᠷ ᠰᠢᠷᠣᠶ ᠵᠡᠷᠭᠡ ᠲᠠᠯ᠎ᠠ ᠪᠠᠷ ᠠᠯᠢ ᠤᠯᠠᠨ ᠲᠡᠳᠬᠦᠨ ᠳᠡᠮᠵᠢᠬᠦ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠣᠳᠤᠷᠬᠠᠶᠢᠯᠠᠨ᠂ ᠣᠯᠠᠨ ᠵᠦᠢᠯ ᠤᠨ ᠡᠷᠴᠢᠮᠲᠡᠢ ᠠᠷᠭ᠎ᠠ ᠬᠡᠮᠵᠢᠶ᠎ᠡ ᠶᠢ ᠵᠡᠷᠭᠡᠪᠡᠷ ᠠᠪᠴᠠᠢ᠂ ᠡᠭᠦᠨ ᠢ ᠪᠢᠴᠢᠭ ᠮᠠᠲ᠋ᠧᠷᠢᠶᠠᠯ ᠤᠨ ᠲᠤᠪᠤᠶᠢᠮ᠎ᠠ ᠭᠢᠯᠠᠰ ᠴᠢᠭ᠋ ᠭᠡᠵᠦ ᠦᠵᠡᠵᠦ ᠪᠣᠯᠤᠨ᠎ᠠ᠃      ᠡᠳᠡᠭᠡᠷ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠨᠢ ᠭᠤᠣᠯᠳᠠᠭᠤ᠄ ᠨᠢᠭᠡ ᠳᠤ ᠭᠠᠶᠢᠯᠢ ᠲᠠᠲᠠᠪᠤᠷᠢ ᠶᠢᠨ ᠬᠠᠷᠠᠭᠠᠯᠵᠠᠯ ᠦᠵᠡᠭᠦᠯᠦᠨ᠎ᠡ᠃ ᠬᠠᠤᠯᠢ ᠶᠣᠰᠣᠭᠠᠷ ᠳᠠᠩᠰᠠᠯᠠᠭᠤᠯᠤᠨ ᠲᠡᠮᠳᠡᠭᠯᠡᠭᠦᠯᠦᠭᠰᠡᠨ ᠣᠷᠣᠨ ᠰᠠᠭᠤᠴᠠ ᠶᠢᠨ ᠳᠦᠷᠢᠶᠡᠰᠦᠯᠡᠯ ᠤᠨ ᠠᠵᠤ ᠠᠬᠤᠶᠢᠯᠠᠯ᠂ ᠪᠠᠶᠢᠭᠤᠯᠤᠮᠵᠢ ᠪᠠ ᠬᠤᠪᠢ ᠬᠥᠮᠦᠨ ᠳᠤ᠂ ᠦᠷᠳᠡᠭ ᠨᠡᠮᠡᠭᠳᠡᠯ ᠤᠨ ᠭᠠᠶᠢᠯᠢ᠂ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠵᠡᠷᠭᠡ ᠲᠠᠯ᠎ᠠ ᠪᠠᠷ ᠲᠡᠳᠬᠦᠨ ᠳᠡᠮᠵᠢᠬᠦ ᠲᠦᠷᠦ ᠶᠢᠨ ᠪᠤᠳᠤᠯᠭ᠎ᠠ ᠣᠯᠭᠤᠨ᠎ᠠ᠃ ᠬᠤᠶᠠᠷ ᠲᠤ ᠮᠥᠩᠭᠦᠨ ᠭᠦᠢᠯᠭᠡᠭᠡ ᠶᠢᠨ ᠳᠡᠮᠵᠢᠯᠭᠡ ᠦᠵᠡᠭᠦᠯᠦᠨ᠎ᠡ᠃ ᠨᠥᠬᠦᠴᠡᠯ ᠳᠤ ᠨᠡᠶᠢᠴᠡᠬᠦ ᠣᠷᠣᠨ ᠰᠠᠭᠤᠴᠠ ᠶᠢᠨ ᠳᠦᠷᠢᠶᠡᠰᠦᠯᠡᠯ ᠤᠨ ᠠᠵᠤ ᠠᠬᠤᠶᠢᠯᠠᠯ ᠤᠨ ᠵᠢᠭᠡᠯᠡᠯᠭᠡ ᠶᠢᠨ ᠲᠡᠮᠳᠡᠭᠲᠦ᠂ ᠲᠣᠭᠲᠠᠮᠠᠯ ᠬᠦᠷᠦᠩᠭᠡ ᠶᠢᠨ ᠦᠨᠡᠲᠦ ᠨᠡᠷᠡᠳᠬᠦᠨ ᠲᠠᠷᠬᠠᠭᠠᠬᠤ ᠶᠢ ᠳᠡᠮᠵᠢᠵᠦ᠂ ᠭᠡᠷ ᠭᠠᠵᠠᠷ ᠬᠦᠷᠦᠩᠭᠡ ᠶᠢᠨ ᠪᠡᠯᠡ ᠣᠷᠣᠭᠤᠯᠤᠯᠲᠠ ᠶᠢᠨ ᠢᠲᠡᠭᠡᠮᠵᠢᠲᠦ ᠨᠠᠶᠢᠳᠠᠯᠭ᠎ᠠ ᠶᠢᠨ ᠰᠠᠭᠤᠷᠢ ᠮᠦᠩᠭᠦᠨ ︵REITs︶ ᠤ ᠲᠤᠷᠰᠢᠯᠲᠠ ᠶᠢᠨ ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠤᠨ᠎ᠠ᠃ ᠭᠤᠷᠪᠠ ᠳᠤ ᠭᠠᠵᠠᠷ ᠰᠢᠷᠣᠶ ᠬᠠᠩᠭᠠᠬᠤ ᠠᠷᠭ᠎ᠠ ᠮᠠᠶ᠋ᠢᠭ ᠢᠶᠠᠨ ᠲᠡᠭᠦᠯᠳᠡᠷᠵᠢᠭᠦᠯᠦᠨ᠎ᠡ᠃ ᠣᠷᠣᠨ ᠨᠤᠲᠤᠭ ᠤᠨ ᠵᠠᠰᠠᠭ ᠤᠨ ᠣᠷᠳᠣᠨ ᠠᠴᠠ ᠬᠤᠲᠠ ᠶᠢᠨ ᠲᠣᠭᠤᠷᠢᠭ ᠤᠨ ᠬᠠᠳᠠᠭᠠᠯᠠᠵᠤ ᠪᠠᠶᠢᠭ᠎ᠠ ᠭᠠᠵᠠᠷ ᠰᠢᠷᠤᠢ ᠶᠢ ᠠᠮᠢᠳᠤᠯᠢᠭ ᠪᠣᠯᠭᠠᠬᠤ ᠶᠢ ᠵᠣᠷᠢᠭᠵᠢᠭᠤᠯᠤᠨ᠂ ᠤᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠪᠠᠶᠢᠭᠠᠳ ᠳᠦᠷᠢᠶᠡᠰᠦᠯᠡᠯ ᠤᠨ ᠣᠷᠣᠨ ᠰᠠᠭᠤᠴᠠ ᠳᠤ ᠬᠡᠷᠡᠭᠯᠡᠬᠦ ᠭᠠᠵᠠᠷ ᠤᠨ ᠪᠦᠲᠦᠮᠵᠢᠲᠡᠶ ᠬᠠᠩᠭᠠᠯᠭ᠎ᠠ ᠶᠢ ᠨᠡᠮᠡᠭᠳᠡᠭᠦᠯᠦᠨ᠎ᠡ᠃ ᠲᠦᠷᠪᠡ ᠳᠤ ᠳᠦᠷᠢᠶᠡᠰᠦᠯᠡᠯ ᠤᠨ ᠣᠷᠣᠨ ᠰᠠᠭᠤᠴᠨ ᠶᠢᠨ ᠪᠦᠳᠦᠬᠡᠨ ᠪᠠᠶᠢᠭᠤᠯᠤᠯᠲᠠ ᠶᠢ ᠳᠡᠮᠵᠢᠨ᠎ᠡ᠃ ᠰᠢᠨ᠎ᠡ ᠪᠠᠷ ᠪᠠᠶᠢᠭᠤᠯᠬᠤ ᠳᠦᠷᠢᠶᠡᠰᠦᠯᠡᠯ ᠤᠨ ᠣᠷᠣᠨ ᠰᠠᠭᠤᠴᠠ ᠶᠢ ᠣᠷᠣᠨ ᠰᠠᠭᠤᠴᠠ ᠶᠢᠨ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠵᠤ᠂ ᠳᠦᠷᠢᠶᠡᠰᠦᠯᠡᠯ ᠤᠨ ᠣᠷᠣᠨ ᠰᠠᠭᠤᠴᠠ ᠶᠢᠨ ᠪᠦᠳᠦᠭᠡᠨ ᠪᠠᠶᠢᠭᠤᠯᠤᠯᠲᠠ ᠶᠢᠨ ᠬᠡᠪᠴᠢᠶ᠎ᠡ ᠶᠢ ᠵᠦᠢ ᠵᠣᠬᠢᠰᠲᠠᠶ ᠲᠣᠭᠲᠠᠭᠠᠬᠤ ᠶᠢᠨ ᠬᠠᠮᠲᠤ᠂ ᠡᠯ᠎ᠡ ᠭᠠᠵᠠᠷ ᠣᠷᠣᠨ ᠨᠤᠭᠤᠳ ᠤᠷᠤᠨ ᠰᠠᠭᠤᠴᠠ ᠶᠢᠨ ᠳᠦᠷᠢᠶᠡᠰᠦᠯᠡᠯ ᠤᠨ ᠬᠡᠷᠡᠭᠯᠡᠭᠡ ᠶᠢ ᠳᠡᠮᠵᠢᠬᠦ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠲᠣᠭᠲᠠᠭᠠᠬᠤ ᠶᠢ ᠱᠠᠭᠠᠷᠳᠠᠪᠠ᠃      ᠯᠢᠦ ᠬᠤᠩ ᠢᠤᠢ ᠬᠡᠯᠡᠭᠰᠡᠨ ᠨᠢ᠂ ᠡᠳᠡᠭᠡᠷ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠨᠢ ᠣᠷᠣᠨ ᠰᠠᠭᠤᠴᠠ ᠶᠢᠨ ᠳᠦᠷᠢᠶᠡᠰᠦᠯᠡᠯ ᠤᠨ ᠵᠠᠬ᠎ᠠ ᠳᠡᠯᠭᠡᠭᠦᠷ ᠤᠨ ᠬᠥᠭᠵᠢᠯᠲᠡ ᠳᠤ ᠮᠠᠰᠢ ᠶᠡᠭᠡ ᠠᠬᠢᠭᠤᠯᠬᠤ ᠦᠢᠯᠡᠳᠦᠯ ᠦᠵᠡᠭᠦᠯᠵᠦ᠂ ᠢᠯᠠᠩᠭᠤᠶ᠎ᠠ ᠣᠷᠣᠨ ᠰᠠᠭᠤᠴᠠ ᠶᠢᠨ ᠳᠦᠷᠢᠶᠡᠰᠦᠯᠡᠯ ᠤᠨ ᠲᠤᠰᠬᠠᠶᠢᠵᠢᠭᠰᠠᠨ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠤᠨ᠂ ᠨᠢᠭᠡ ᠯᠡ ᠪᠣᠳᠤᠯᠭ᠎ᠠ ᠪᠠᠷ ᠤᠯᠠᠨ ᠵᠦᠢᠯ ᠢ ᠪᠦᠲᠦᠭᠡᠬᠦ ᠦᠷ᠎ᠡ ᠪᠦᠲᠦᠭᠡᠯ ᠣᠯᠬᠤ ᠪᠣᠯᠤᠨ᠎ᠠ᠃ ︽ᠰᠠᠶᠢᠨ ᠲᠥᠷᠤ ᠶᠢᠨ ᠪᠤᠲᠤᠯᠭ᠎ᠠ ᠲᠠᠢ ᠪᠠᠶᠢᠯ᠎ᠠ ᠭᠡᠳ ᠵᠠᠩᠭᠢᠯᠠᠭ᠎ᠠ ᠨᠢ ᠨᠠᠶᠢᠳᠠᠪᠤᠷᠢᠵᠢᠭᠤᠯᠬᠤ ᠳᠤ ᠪᠠᠶᠢᠨ᠎ᠠ︾᠃ ︽ᠰᠠᠨᠠᠯ︾ ᠤᠨ ᠱᠠᠭᠠᠷᠳᠠᠯᠭ᠎ᠠ ᠶᠣᠰᠣᠭᠠᠷ᠂ ᠡᠯ᠎ᠡ ᠭᠠᠵᠠᠷ ᠣᠷᠣᠨ ᠪᠣᠳᠠᠲᠠᠶ ᠬᠡᠷᠡᠭᠵᠢᠭᠦᠯᠬᠦ ᠠᠷᠭ᠎ᠠ ᠪᠠᠷᠢᠯ ᠢᠶᠠᠨ ᠰᠤᠳᠤᠯᠤᠨ ᠲᠣᠭᠲᠠᠭᠠᠵᠤ᠂ ᠠᠵᠢᠯ ᠤᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠨ᠂ ᠡᠯ᠎ᠡ ᠵᠦᠢᠯ ᠤᠨ ᠲᠥᠷᠥ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠪᠣᠳᠠᠲᠠᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠪᠡ᠃      ᠲᠦᠷᠢᠶᠡᠰᠦᠯᠡᠭᠴᠢ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ   ᠣᠷᠣᠨ ᠰᠠᠭᠤᠴᠠ ᠲᠦᠷᠢᠶᠡᠰᠦᠯᠡᠬᠦ ᠬᠡᠷᠡᠭᠯᠡᠭᠡ ᠶᠢ ᠵᠣᠷᠢᠭᠵᠢᠭᠤᠯᠤᠨ᠎ᠠ      ᠣᠳᠣᠬᠠᠨ ᠳᠤ᠂ ᠲᠦᠷᠢᠶᠡᠰᠦᠯᠡᠭᠴᠢᠳ ᠵᠠᠷᠢᠮ ᠳᠠᠭᠠᠨ ᠣᠷᠣᠨ ᠰᠠᠭᠤᠴᠠ ᠲᠦᠷᠢᠶᠡᠰᠦᠯᠡᠬᠦ ᠬᠤᠭᠤᠴᠠᠭ᠎ᠠ ᠨᠢ ᠣᠬᠤᠷ᠂ ᠦᠷᠭᠦᠯᠵᠢ ᠭᠡᠷ ᠨᠡᠭᠦᠬᠦ᠂ ᠭᠡᠷ ᠤᠨ ᠡᠵᠡᠨ ᠪᠤᠶᠤ ᠵᠠᠭᠤᠴᠢ ᠪᠠᠶᠢᠭᠤᠯᠤᠮᠵᠢ  ᠲᠦᠷᠢᠶᠡᠰᠦᠨ ᠮᠥᠩᠭᠦ ᠪᠠᠨ ᠳᠤᠷ᠎ᠠ ᠪᠠᠷ ᠢᠶᠠᠨ ᠥᠰᠬᠡᠬᠦ᠂ ᠳᠠᠨᠵᠢᠯᠠᠭᠰᠠᠨ ᠮᠥᠩᠭᠦ ᠶᠢ ᠶᠣᠰᠣ ᠪᠤᠰᠤ ᠪᠠᠷ ᠦᠯᠡᠳᠡᠭᠡᠵᠦ ᠠᠪᠬᠤ᠂ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠣᠯᠵᠤ ᠬᠦᠷᠲᠡᠬᠦ ᠦᠭᠡᠢ ᠵᠡᠷᠭᠡ ᠠᠰᠠᠭᠤᠳᠠᠯ ᠳᠤ ᠲᠤᠯᠭᠠᠷᠠᠳᠠᠭ᠃ ︽ᠣᠷᠣᠨ ᠰᠠᠭᠤᠴᠠ ᠲᠦᠷᠢᠶᠡᠰᠦᠯᠡᠬᠦ ᠬᠡᠷᠡᠭᠯᠡᠭᠡ ᠶᠢ ᠵᠣᠷᠢᠭᠵᠢᠭᠤᠯᠬᠤ ᠳᠤ᠂ ᠲᠦᠷᠢᠶᠡᠰᠦᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠲᠦᠷᠢᠶᠡᠰᠦᠯᠡᠯ ᠤᠨ ᠬᠠᠷᠢᠴᠠᠭ᠎ᠠ ᠶᠢ ᠲᠣᠭᠲᠠᠪᠤᠷᠢᠵᠢᠭᠤᠯᠬᠤ ᠬᠡᠷᠡᠭᠲᠡᠢ︾ ᠭᠡᠵᠦ ᠯᠢᠦ ᠬᠤᠩ ᠢᠦᠢ ᠬᠡᠯᠡᠵᠦ ᠪᠠᠶᠢᠯ᠎ᠠ᠃      ︽ᠰᠠᠨᠠᠯ︾ ᠨᠢ ᠲᠦᠷᠢᠶᠡᠰᠦᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠲᠠᠯ᠎ᠠ ᠪᠠᠷ᠂ ᠲᠦᠷᠪᠡᠨ ᠲᠠᠯ᠎ᠠ ᠶᠢᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠳᠤᠷᠠᠳᠤᠭᠰᠠᠨ ᠪᠠᠶᠢᠨ᠎ᠠ᠃ ᠨᠢᠭᠡ ᠳᠤ ᠲᠦᠷᠢᠶᠡᠰᠦᠯᠡᠭᠦᠯᠦᠭᠴᠢ ᠶᠢᠨ ᠡᠭᠦᠷᠭᠡ ᠶᠢ ᠲᠤᠲᠤᠷᠬᠠᠶᠢᠯᠠᠪᠠ᠃ ᠣᠷᠣᠨ ᠰᠠᠭᠤᠴᠠ ᠲᠦᠷᠢᠶᠡᠰᠦᠯᠡᠬᠦ ᠭᠡᠷ᠎ᠡ ᠶᠢᠨ ᠳᠦᠷᠢᠮᠵᠢᠭᠰᠡᠨ ᠪᠢᠴᠢᠭ ᠢ ᠬᠡᠷᠡᠭᠵᠢᠭᠦᠯᠵᠦ᠂ ᠭᠡᠷ ᠪᠠᠶᠢᠰᠢᠩ ᠲᠦᠷᠢᠶᠡᠰᠦᠯᠡᠭᠦᠯᠬᠦ ᠠᠵᠢᠯᠯᠠᠭ᠎ᠠ ᠶᠢ ᠵᠢᠷᠤᠮᠵᠢᠭᠤᠯᠤᠨ᠎ᠠ᠃ ᠲᠦᠷᠢᠶᠡᠰᠦᠯᠡᠭᠦᠯᠦᠭᠴᠢ ᠶᠢᠨ ᠬᠠᠩᠭᠠᠭᠰᠠᠨ ᠣᠷᠣᠨ ᠰᠠᠭᠤᠴᠠ ᠪᠣᠯᠣᠨ ᠲᠤᠲᠤᠷᠠᠬᠢ ᠪᠡᠯᠡᠳᠬᠡᠮᠵᠢ ᠨᠢ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃ ᠲᠦᠷᠢᠶᠡᠰᠦᠯᠡᠯ ᠤᠨ ᠭᠡᠷ᠎ᠡ ᠶᠢᠨ ᠬᠤᠭᠤᠴᠠᠭᠠᠯᠠᠯ ᠳᠣᠲᠣᠷ᠎ᠠ᠂ ᠲᠦᠷᠢᠶᠡᠰᠦᠯᠡᠭᠦᠯᠦᠭᠴᠢ ᠵᠦᠢ ᠶᠣᠰᠣᠨ ᠤ ᠤᠴᠢᠷ ᠰᠢᠯᠲᠠᠭᠠᠨ ᠦᠭᠡᠢ ᠪᠠᠷ ᠭᠡᠷ᠎ᠡ ᠶᠢ ᠬᠦᠴᠦᠨ ᠦᠭᠡᠢ ᠪᠣᠯᠭᠠᠵᠤ ᠪᠣᠯᠬᠤ ᠦᠭᠡᠢ᠃ ᠬᠤᠶᠠᠷ ᠲᠤ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠬᠦ ᠭᠡᠷ ᠪᠠᠶᠢᠰᠢᠩ ᠤᠨ ᠢᠷᠡᠯᠲᠡ ᠶᠢ ᠣᠯᠠᠨ ᠠᠷᠭ᠎ᠠ ᠵᠠᠮ ᠢᠶᠠᠷ ᠬᠠᠩᠭᠠᠨ᠎ᠠ᠃ ᠲᠦᠷᠢᠶᠡᠰᠦᠯᠡᠯ ᠤᠨ ᠣᠷᠣᠨ ᠰᠠᠭᠤᠴᠠ ᠶᠢᠨ ᠪᠦᠳᠦᠬᠡᠨ ᠪᠠᠶᠢᠭᠤᠯᠤᠯᠲᠠ ᠶᠢ ᠳᠡᠮᠵᠢᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠣᠷᠣᠰᠢᠨ ᠰᠠᠭᠤᠬᠤ ᠨᠥᠬᠦᠴᠡᠯ ᠢᠶᠠᠷ ᠰᠠᠶᠢᠨ᠂ ᠬᠠᠮᠢᠶᠠᠷᠤᠯᠲᠠ ᠶᠢᠨ ᠬᠢᠷᠢ ᠲᠥᠪᠰᠢᠨ ᠢᠶᠠᠷ ᠥᠨᠳᠥᠷ᠂ ᠲᠦᠷᠢᠶᠡᠰᠦᠨ ᠮᠥᠩᠭᠦ ᠨᠢ ᠲᠣᠭᠲᠠᠭᠤᠨ᠂ ᠤᠷᠲᠤ ᠬᠤᠭᠤᠴᠠᠭ᠎ᠠ ᠪᠠᠷ ᠲᠦᠷᠢᠶᠡᠰᠦᠯᠡᠵᠦ ᠪᠣᠯᠬᠤ ᠨᠡᠩ ᠣᠯᠠᠨ ᠭᠡᠷ ᠪᠠᠶᠢᠰᠢᠩ ᠤᠳ ᠢ ᠬᠠᠩᠭᠠᠨ᠎ᠠ᠃ ᠭᠤᠷᠪᠠ ᠳᠤ ᠲᠦᠷᠢᠶᠡᠰᠦᠯᠡᠭᠴᠢ ᠶᠢᠨ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠬᠠᠤᠯᠢ ᠶᠣᠰᠣᠭᠠᠷ ᠡᠳ᠋ᠯᠡᠬᠦ ᠶᠢ ᠨᠢ ᠪᠠᠲᠤᠯᠠᠨ᠎ᠠ᠃ ᠬᠤᠲᠠ ᠪᠠᠯᠭᠠᠰᠤᠨ ᠳᠤ ᠲᠣᠭᠲᠠᠪᠤᠷᠢᠲᠠᠶ ᠠᠵᠢᠯ ᠲᠠᠢ ᠭᠠᠳᠠᠨ᠎ᠠ ᠠᠴᠠ ᠢᠷᠡᠭᠰᠡᠨ ᠠᠵᠢᠯᠯᠠᠵᠤ ᠪᠠᠶᠢᠭ᠎ᠠ ᠬᠥᠮᠦᠰ᠂ ᠰᠢᠨᠡᠬᠡᠨ ᠠᠵᠢᠯ ᠣᠯᠣᠭᠰᠠᠨ ᠶᠡᠭᠡ ᠰᠤᠷᠭᠠᠭᠤᠯᠢ ᠶᠢᠨ ᠣᠶᠤᠲᠠᠨ ᠵᠡᠷᠭᠡ ᠶᠢ ᠪᠠᠭᠲᠠᠭᠠᠭᠰᠠᠨ ᠲᠣᠬᠠᠢ ᠶᠢᠨ ᠭᠠᠵᠠᠷ ᠤᠨ ᠡᠷᠦᠬᠡ ᠠᠮᠠ ᠶᠢᠨ ᠳᠠᠩᠰᠠ ᠦᠭᠡᠢ ᠲᠦᠷᠢᠶᠡᠰᠦᠯᠡᠭᠴᠢ ᠳᠤ ︽ᠣᠷᠣᠰᠢᠨ ᠰᠠᠭᠤᠬᠤ ᠦᠨᠡᠮᠯᠡᠯ ᠤᠨ ᠲᠦᠷ ᠬᠡᠷᠡᠭᠵᠢᠭᠦᠯᠬᠦ ᠳᠦᠷᠢᠮ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠪᠦᠷᠢᠳᠬᠡᠨ ᠳᠠᠩᠰᠠᠯᠠᠭᠤᠯᠤᠭᠰᠠᠨ ᠣᠷᠣᠨ ᠰᠠᠭᠤᠴᠠ ᠲᠦᠷᠢᠶᠡᠰᠦᠯᠡᠬᠦ ᠭᠡᠷ᠎ᠡ ᠶᠢ ᠨᠢ ᠲᠣᠭᠲᠠᠪᠤᠷᠢᠲᠠᠶ ᠣᠷᠣᠨ ᠰᠠᠭᠤᠴᠠ ᠲᠠᠢ ᠪᠣᠯᠣᠭᠰᠠᠨ ᠢᠶᠠᠷ ᠦᠵᠡᠵᠦ ᠪᠣᠯᠣᠨ᠎ᠠ᠂ ᠲᠦᠷᠢᠶᠡᠰᠦᠯᠡᠭᠴᠢ ᠣᠷᠣᠰᠢᠨ ᠰᠠᠭᠤᠬᠤ ᠦᠨᠡᠮᠯᠡᠯ ᠭᠤᠶᠤᠴᠢᠯᠠᠬᠤ ᠳᠠᠭᠠᠨ᠂ ᠲᠣᠬᠠᠢ ᠶᠢᠨ ᠭᠠᠵᠠᠷ ᠤᠨ ᠡᠷᠦᠬᠡ ᠠᠮᠠ ᠶᠢᠨ ᠳᠠᠩᠰᠠ ᠲᠠᠢ ᠬᠥᠮᠥᠰ ᠲᠠᠢ ᠠᠳᠠᠯᠢᠬᠠᠨ ᠠᠯᠪᠠᠨ ᠵᠢᠷᠤᠮ ᠤᠨ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠵᠡᠷᠭᠡ ᠤᠯᠤᠰ ᠠᠴᠠ ᠲᠣᠭᠲᠠᠭᠠᠭᠰᠠᠨ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠡᠳ᠋ᠯᠡᠵᠦ ᠪᠣᠯᠣᠨ᠎ᠠ᠃ ᠲᠦᠷᠪᠡ ᠳᠤ ᠭᠡᠷ ᠭᠠᠵᠠᠷ ᠬᠦᠷᠦᠩᠭᠡ ᠵᠠᠭᠤᠴᠢᠯᠠᠬᠤ ᠦᠢᠯᠡ ᠠᠵᠢᠯᠯᠠᠭ᠎ᠠ ᠶᠢ ᠵᠢᠷᠤᠮᠵᠢᠭᠤᠯᠤᠨ᠎ᠠ᠃ ᠭᠡᠷ ᠪᠠᠶᠢᠰᠢᠩ ᠤᠨ ᠲᠦᠷᠢᠶᠡᠰᠦᠯᠡᠯ ᠤᠨ ᠦᠢᠯᠡᠴᠢᠯᠡᠭᠡ ᠶᠢ ᠵᠢᠷᠤᠮᠵᠢᠭᠤᠯᠵᠤ᠂ ᠵᠠᠭᠤᠴᠢ ᠪᠠᠶᠢᠭᠤᠯᠤᠮᠵᠢ ᠶᠢᠨ ᠢᠲᠡᠭᠡᠮᠵᠢ ᠶᠢᠨ ᠬᠢᠷᠢ ᠲᠥᠪᠰᠢᠨ ᠪᠣᠯᠣᠨ ᠦᠢᠯᠡᠴᠢᠯᠡᠭᠡᠨ ᠤ ᠴᠢᠨᠠᠷ  ᠴᠢᠨᠰᠠᠭ᠎ᠠ ᠶᠢ ᠳᠡᠭᠡᠭᠰᠢᠯᠡᠭᠦᠯᠵᠦ᠂ ᠵᠠᠭᠤᠴᠢ ᠪᠠᠶᠢᠭᠤᠯᠤᠮᠵᠢ ᠬᠢᠭᠡᠳ ᠠᠵᠢᠯᠯᠠᠵᠤ ᠪᠠᠶᠢᠭ᠎ᠠ ᠬᠥᠮᠥᠰ ᠤᠨ ᠬᠠᠤᠯᠢ ᠠᠴᠠ ᠵᠦᠷᠢᠴᠡᠵᠦ ᠵᠠᠯᠢᠯᠠᠨ  ᠮᠡᠬᠡᠯᠡᠬᠦ ᠦᠢᠯᠡ ᠠᠵᠢᠯᠯᠠᠭ᠎ᠠ ᠶᠢ ᠴᠢᠩᠭ᠎ᠠ ᠪᠠᠷ ᠰᠢᠳᠬᠡᠨ᠎ᠡ᠃      ᠬᠤᠯᠪᠣᠭᠳᠠᠯ ᠪᠦᠬᠦᠢ ᠲᠤᠰᠬᠠᠶ ᠮᠡᠷᠭᠡᠵᠢᠯᠲᠡᠨ ᠵᠢᠭᠠᠵᠤ ᠭᠠᠷᠭᠠᠭᠰᠠᠨ ᠨᠢ᠂ ᠦᠨᠳᠦᠰᠦᠨ ᠠᠴᠠ ᠨᠢ ᠠᠪᠴᠤ ᠬᠡᠯᠡᠪᠡᠯ᠂ ᠲᠤᠬᠠᠶ ᠶᠢᠨ ᠬᠥᠮᠦᠨ ᠢᠯᠠᠩᠭᠤᠶ᠎ᠠ ᠲᠦᠷᠢᠶᠡᠰᠦᠯᠡᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠵᠤ᠂ ᠲᠦᠷᠢᠶᠡᠰᠦᠯᠡᠭᠴᠢ ᠶᠢᠨ ᠬᠤᠶᠢᠰᠢᠳᠠ ᠶᠢᠨ ᠵᠣᠪᠠᠨᠢᠯ ᠢ ᠰᠢᠢᠳᠪᠦᠷᠢᠯᠡᠬᠦ ᠳᠤ᠂ ᠪᠠᠰᠠ ᠯᠠ ᠬᠤᠯᠪᠣᠭᠳᠠᠯ ᠪᠦᠬᠦᠢ ᠬᠠᠤᠯᠢ ᠲᠣᠭᠲᠠᠭᠠᠯᠲᠠ ᠶᠢ ᠲᠦᠯᠬᠢᠨ ᠠᠬᠢᠭᠤᠯᠵᠤ᠂ ᠬᠠᠤᠯᠢ ᠴᠠᠭᠠᠵᠠ ᠬᠠᠤᠯᠢ ᠲᠣᠭᠲᠠᠭᠠᠯ ᠢᠶᠠᠷ ᠳᠠᠮᠵᠢᠭᠤᠯᠤᠨ ᠲᠤᠬᠠᠶ ᠶᠢᠨ ᠬᠥᠮᠦᠨ ᠤ ᠡᠷᠬᠡ ᠡᠭᠦᠷᠭᠡ ᠶᠢ  ᠲᠤᠲᠤᠷᠬᠠᠶᠢᠯᠠᠵᠤ᠂ ᠵᠠᠬ᠎ᠠ ᠳᠡᠯᠭᠡᠭᠦᠷ ᠤᠨ ᠠᠵᠢᠯᠯᠠᠭ᠎ᠠ ᠶᠢ ᠵᠢᠷᠤᠮᠵᠢᠭᠤᠯᠤᠨ᠂ ᠲᠦᠷᠢᠶᠡᠰᠦᠯᠡᠯ ᠤᠨ ᠬᠠᠷᠢᠴᠠᠭ᠎ᠠ ᠶᠢ ᠲᠣᠭᠲᠠᠪᠤᠷᠢᠵᠢᠭᠤᠯᠤᠨ᠎ᠠ᠃ ᠡᠳᠡᠭᠡᠷ ᠪᠣᠯ ᠭᠧᠷᠮᠠᠨ ᠵᠡᠷᠭᠡ ᠲᠦᠷᠢᠶᠡᠰᠦᠯᠡᠯ ᠤᠨ ᠵᠠᠬ᠎ᠠ ᠳᠡᠯᠭᠡᠭᠦᠷ ᠨᠡᠯᠢᠶᠡᠳ ᠬᠥᠭᠵᠢᠭᠰᠡᠨ ᠤᠯᠤᠰ ᠤᠳ ᠤᠨ ᠲᠤᠷᠰᠢᠯᠭ᠎ᠠ ᠪᠣᠯᠣᠨ᠎ᠠ ᠭᠡᠵᠡᠢ᠃      ᠣᠷᠣᠨ ᠨᠤᠲᠤᠭ ᠤᠨ ᠵᠠᠰᠠᠭ ᠤᠨ ᠣᠷᠳᠣᠨ ᠤ ᠬᠠᠷᠢᠭᠤᠴᠠᠯᠭ᠎ᠠ ᠶᠢ ᠴᠢᠩᠭᠠᠳᠬᠠᠵᠤ   ᠣᠷᠣᠨ ᠰᠠᠭᠤᠴᠠ ᠶᠢᠨ ᠲᠦᠷᠢᠶᠡᠰᠦᠯᠡᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ      ᠣᠷᠣᠨ ᠰᠠᠭᠤᠴᠠ ᠶᠢᠨ ᠲᠦᠷᠢᠶᠡᠰᠦᠯᠡᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠶᠢᠨ ᠲᠥᠯᠥᠭᠡ᠂ ︽ᠰᠠᠨᠠᠯ︾ ᠳᠤ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠠᠷᠢᠭᠤᠴᠠᠯᠭ᠎ᠠ ᠶᠢ ᠲᠣᠲᠤᠷᠬᠠᠶᠢᠯᠠᠪᠠ᠄ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠠᠵᠢᠯ ᠤᠨ ᠵᠢᠯᠤᠭᠤᠳᠤᠯᠭ᠎ᠠ ᠪᠠᠨ ᠴᠢᠩᠭᠠᠳᠬᠠᠵᠤ᠂ ᠭᠤᠣᠯᠳᠠᠯᠭ᠎ᠠ ᠲᠠᠢ ᠪᠦᠭᠡᠳ ᠲᠦᠪᠡᠭᠲᠡᠶ ᠠᠰᠠᠭᠤᠳᠠᠯ ᠢ ᠰᠤᠳᠤᠯᠤᠨ ᠰᠢᠢᠳᠪᠦᠷᠢᠯᠡᠨ᠎ᠡ︔ ᠬᠤᠳᠠ ᠶᠢᠨ ᠠᠷᠠᠳ ᠤᠨ ᠵᠠᠰᠠᠭ ᠤᠨ ᠣᠷᠳᠣᠨ ᠨᠢ ᠲᠤᠰ ᠵᠠᠰᠠᠭ ᠵᠠᠬᠢᠷᠭᠠᠨ ᠤ ᠣᠷᠣᠨ ᠳᠠᠬᠢ ᠣᠷᠣᠨ ᠰᠠᠭᠤᠴᠠ ᠶᠢᠨ ᠲᠦᠷᠢᠶᠡᠰᠦᠯᠡᠯ ᠤᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠶᠡᠷᠦᠩᠬᠡᠶ ᠬᠠᠷᠢᠭᠤᠴᠠᠯᠭ᠎ᠠ ᠶᠢ ᠬᠠᠷᠢᠭᠤᠴᠠᠨ᠎ᠠ᠃      ︽ᠵᠠᠷᠢᠮ ᠭᠠᠵᠠᠷ ᠣᠷᠣᠨ ᠤ ᠬᠤᠳᠠ ᠶᠢᠨ ᠬᠠᠮᠢᠶᠠᠷᠤᠯᠲᠠ ᠪᠣᠯᠣᠨ ᠨᠡᠶᠢᠭᠡᠮ ᠤᠨ ᠬᠠᠮᠢᠶᠠᠷᠤᠯᠲᠠ ᠳᠤ ᠠᠪᠤᠭᠰᠠᠨ ︿ᠲᠤᠤᠷᠴᠢᠯᠠᠭᠰᠠᠨ﹀ ᠬᠠᠮᠢᠶᠠᠷᠤᠯᠲᠠ ᠶᠢᠨ ᠵᠠᠭᠪᠤᠷᠰᠢᠯ ᠢ ᠲᠣᠯᠢᠳᠠᠨ᠂ ᠵᠡᠭᠡᠯᠢ ᠭᠤᠳᠤᠮᠵᠢ᠂ ᠰᠢᠶᠠᠩ ᠪᠠᠯᠭᠠᠰᠤ ᠵᠡᠷᠭᠡ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠶᠢ ᠴᠢᠬᠤᠯᠠᠴᠢᠯᠠᠵᠤ᠂ ᠣᠷᠣᠨ ᠰᠠᠭᠤᠴᠠ ᠶᠢᠨ ᠲᠦᠷᠢᠶᠡᠰᠦᠯᠡᠯ ᠤᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ︽ᠰᠠᠨᠠᠯ︾ ᠳᠤ ᠪᠠᠰᠠ ᠣᠷᠣᠨ ᠰᠠᠭᠤᠴᠠ ᠬᠤᠳᠠ ᠬᠥᠳᠡᠭᠡ ᠶᠢᠨ ᠪᠥᠳᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ  ᠲᠣᠲᠤᠷᠬᠠᠶᠢᠯᠠᠵᠠᠢ︾ ᠭᠡᠵᠦ ᠴᠠᠢ ᠴᠢᠶᠠᠩ ᠬᠡᠯᠡᠪᠡ᠃      ᠢᠲᠡᠭᠡᠮᠵᠢ ᠶᠢᠨ ᠬᠠᠮᠢᠶᠠᠷᠤᠯᠲᠠ ᠪᠣᠯ ᠠᠵᠢᠯ ᠲᠥᠷᠥᠯ ᠤᠨ ᠬᠠᠮᠢᠶᠠᠷᠤᠯᠲᠠ ᠶᠢ ᠴᠢᠩᠭᠠᠳᠬᠠᠬᠤ ᠴᠢᠬᠤᠯᠠ ᠭᠠᠷᠳᠠᠴᠠ ᠪᠣᠯᠣᠨ᠎ᠠ᠃ ︽ᠰᠠᠨᠠᠯ︾ ᠳᠤ ᠡᠭᠦᠨ ᠤ ᠲᠤᠬᠠᠶ ᠲᠤᠰᠬᠠᠶ ᠲᠣᠭᠲᠠᠭᠠᠯ ᠭᠠᠷᠭᠠᠵᠤ᠂ ᠣᠷᠣᠨ ᠰᠠᠭᠤᠴᠠ ᠬᠤᠳᠠ ᠬᠥᠳᠡᠭᠡ ᠶᠢᠨ ᠪᠥᠳᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠠᠴᠠ ᠣᠷᠣᠨ ᠰᠠᠭᠤᠴᠠ ᠶᠢᠨ ᠲᠦᠷᠢᠶᠡᠰᠦᠯᠡᠯ ᠤᠨ ᠠᠵᠤ ᠠᠬᠤᠶᠢᠯᠠᠯ᠂ ᠵᠠᠭᠤᠴᠢ ᠪᠠᠶᠢᠭᠤᠯᠤᠮᠵᠢ ᠪᠣᠯᠤᠨ ᠠᠵᠢᠯ ᠡᠷᠬᠢᠯᠡᠭᠰᠡᠳ ᠤᠨ ᠢᠲᠡᠭᠡᠮᠵᠢ ᠶᠢᠨ ᠬᠠᠮᠢᠶᠠᠷᠤᠯᠲᠠ ᠶᠢᠨ ᠲᠦᠷᠢᠮ ᠢ ᠪᠦᠷᠢᠨᠰᠢᠭᠦᠯᠬᠦ ᠶᠢ ᠱᠠᠭᠠᠷᠳᠠᠵᠤ᠂ ᠬᠠᠮᠢᠶ᠎ᠠ ᠪᠦᠬᠦᠢ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠢᠲᠡᠭᠡᠮᠵᠢ ᠶᠢᠨ ᠲᠡᠮᠳᠡᠭᠯᠡᠯ ᠢ ᠪᠦᠬᠦ ᠲᠠᠯ᠎ᠠ ᠪᠠᠷ ᠪᠠᠶᠢᠭᠤᠯᠤᠨ᠂ ᠪᠦᠬᠦ ᠤᠯᠤᠰ ᠤᠨ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠠᠪᠴᠠᠩ ᠲᠤ ᠣᠷᠣᠭᠤᠯᠵᠤ᠂ ᠢᠲᠡᠭᠡᠯ ᠢᠶᠠᠨ ᠬᠦᠨᠳᠦ ᠨᠣᠴᠢᠲᠠᠶ ᠠᠯᠳᠠᠭᠰᠠᠨ ᠪᠡᠶᠡᠴᠢ ᠴᠣᠭᠴᠠ ᠶᠢ ᠬᠤᠯᠪᠣᠭᠠᠯᠠᠨ ᠵᠠᠯᠬᠠᠭᠠᠨ ᠴᠡᠭᠡᠷᠯᠡᠭᠦᠯᠦᠨ᠎ᠡ᠃ ᠣᠷᠣᠨ ᠰᠠᠭᠤᠴᠠ ᠶᠢᠨ ᠲᠦᠷᠢᠶᠡᠰᠦᠯᠡᠯ ᠤᠨ ᠢᠲᠡᠭᠡᠮᠵᠢ ᠶᠢᠨ ᠬᠠᠮᠢᠶᠠᠷᠤᠯᠲᠠ ᠶᠢᠨ ᠰᠢᠰᠲ᠋ᠧᠮᠵᠢ ᠶᠢᠨ ᠤᠯᠠᠮ ᠴᠢᠨᠠᠭᠰᠢᠳᠠ ᠪᠠᠶᠢᠭᠤᠯᠤᠨ ᠲᠡᠭᠦᠯᠳᠡᠷᠵᠢᠬᠦ ᠶᠢ ᠳᠠᠭᠠᠯᠳᠤᠨ᠂ ᠣᠷᠣᠨ ᠰᠠᠭᠤᠴᠠ ᠶᠢᠨ ᠲᠦᠷᠢᠶᠡᠰᠦᠯᠡᠯ ᠤᠨ ᠵᠠᠬ᠎ᠠ ᠳᠡᠯᠭᠡᠭᠦᠷ ᠲᠡᠰᠤᠷᠡᠯᠳᠡ ᠦᠭᠡᠢ ᠳᠦᠷᠢᠮᠵᠢᠵᠦ᠂ ᠠᠵᠢᠯ ᠲᠦᠷᠦᠯ ᠤᠨ ᠳᠣᠲᠣᠷᠠᠬᠢ ᠬᠦᠨᠦᠭᠡᠯ ᠲᠠᠢ ᠡᠲᠡᠭᠡᠳ ᠢ ᠵᠠᠬ᠎ᠠ ᠳᠡᠯᠭᠡᠭᠦᠷ ᠠᠴᠠ ᠴᠡᠪᠡᠷᠯᠡᠨ ᠭᠠᠷᠭᠠᠵᠤ᠂ ᠤᠯᠠᠨ ᠲᠦᠮᠡᠨ ᠤ ᠡᠷᠬᠡ ᠠᠰᠢᠭ ᠦᠨᠡᠨ ᠬᠦ ᠬᠠᠮᠠᠭᠠᠯᠠᠵᠤ ᠳᠡᠶᠢᠯᠬᠦ ᠨᠢ ᠳᠠᠮᠵᠢᠭ ᠦᠭᠡᠢ ᠶᠤᠮ᠃      ︽ᠭᠡᠷ ᠭᠠᠵᠠᠷ ᠬᠦᠷᠦᠩᠭᠡ ᠶᠢᠨ ᠵᠠᠭᠤᠴᠢ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠢᠯ ᠳᠦᠷᠦᠯ ᠤᠨ ᠪᠡᠶ᠎ᠡ ᠶᠢ ᠪᠠᠨ ᠱᠠᠭᠠᠷᠳᠠᠬᠤ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ︾᠂ ᠭᠡᠷ ᠭᠠᠵᠠᠷ ᠬᠦᠷᠦᠩᠭᠡ ᠶᠢᠨ ᠵᠠᠭᠤᠴᠢ ᠶᠢᠨ ᠵᠣᠬᠢᠶᠠᠨ ᠪᠠᠶᠢᠭᠤᠯᠤᠯᠲᠠ ᠶᠢᠨ ᠠᠵᠢᠯ ᠡᠷᠬᠢᠯᠡᠬᠦ ᠵᠢᠷᠤᠮᠵᠢᠯ ᠪᠣᠯᠣᠨ ᠦᠢᠯᠡ ᠠᠵᠢᠯᠯᠠᠭ᠎ᠠ ᠶᠢᠨ ᠪᠠᠷᠢᠮᠵᠢᠶ᠎ᠠ ᠶᠢ ᠲᠣᠭᠲᠠᠭᠠᠨ ᠪᠦᠷᠢᠨᠰᠢᠭᠦᠯᠵᠦ᠂ ᠠᠵᠢᠯ ᠡᠷᠬᠢᠯᠡᠬᠦ ᠦᠢᠯᠡ ᠠᠵᠢᠯᠯᠠᠭ᠎ᠠ ᠶᠢ ᠨᠢ ᠵᠢᠷᠤᠮᠵᠢᠭᠤᠯᠵᠤ᠂ ᠠᠷᠠᠳ ᠢᠷᠭᠡᠳ ᠤᠨ ᠭᠡᠷ ᠪᠠᠶᠢᠰᠢᠩ ᠲᠦᠷᠢᠶᠡᠰᠦᠯᠡᠬᠦ ᠶᠠᠪᠤᠴᠠ ᠳᠤ ᠲᠤᠯᠭᠠᠷᠠᠭᠰᠠᠨ ᠲᠤᠪᠤᠶᠢᠮ᠎ᠠ ᠠᠰᠠᠭᠤᠳᠠᠯ ᠤᠳ ᠢ ᠰᠢᠢᠳᠪᠦᠷᠢᠯᠡᠵᠦ᠂ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠡᠷᠡᠭᠲᠡᠶ ᠭᠡᠵᠦ ᠴᠠᠢ ᠴᠢᠶᠠᠩ ᠰᠠᠨᠠᠭᠤᠯᠪᠠ᠃  
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ