ᠦᠶᠡᠷ ᠤᠨ ᠬᠤᠭᠤᠴᠠᠭᠠᠨ ᠳᠤ ᠤᠷᠤᠭᠰᠠᠨ ᠠᠴᠠ ᠨᠠᠰᠢ᠂ ᠥᠪᠥᠷ ᠮᠣᠩᠭᠤᠯ ᠳᠤ ᠰᠣᠯᠢᠭ ᠤᠷᠤᠰᠬᠠᠯᠲᠤ | ᠠᠭᠤᠷ ᠠᠮᠢᠰᠬᠤᠯ ᠤᠯᠠᠨᠲᠠ ᠡᠭᠦᠰᠪᠡ᠃ ᠰᠤᠷᠪᠤᠯᠵᠢᠯᠠᠭᠴᠢ ᠥᠴᠥᠭᠡᠳᠦᠷ ᠥᠪᠥᠷ ᠮᠣᠩᠭᠤᠯ ᠤᠨ ᠴᠠᠭ ᠠᠭᠤᠷ ᠤᠨ | ᠲᠣᠪᠴᠢᠶ᠎ᠠ ᠠᠴᠠ ᠣᠶᠢᠯᠠᠭᠠᠭᠰᠠᠨ ᠢᠶᠠᠷ᠂ ᠣᠳᠣᠬᠠᠨ ᠳᠤ ᠪᠥᠬᠦ ᠣᠷᠣᠨ ᠤ ᠬᠡᠰᠡᠭ ᠭᠠᠵᠠᠷ ᠲᠤ 111 ᠤᠳᠠᠭ᠎ᠠ | ᠰᠢᠷᠦᠭᠦᠨ ᠪᠣᠷᠤᠭᠠᠨ ᠣᠷᠤᠵᠤ᠂ 293 ᠤᠳᠠᠭ᠎ᠠ ᠶᠡᠭᠡ ᠰᠠᠯᠬᠢ ᠰᠠᠯᠬᠢᠯᠠᠵᠤ᠂ 432 ᠤᠳᠠᠭ᠎ᠠ ᠠᠶᠤᠩᠭ᠎ᠠ | ᠴᠠᠬᠢᠯᠭᠠᠨ ᠡᠭᠦᠰᠴᠦ᠂ 82 ᠤᠳᠠᠭ᠎ᠠ ᠮᠥᠨᠳᠥᠷ ᠤᠷᠤᠵᠤ᠂ ᠨᠡᠶᠢᠲᠡ 15 ᠲᠦᠮᠨ ᠣᠷᠴᠢᠮ ᠬᠥᠮᠦᠨ ᠭᠠᠮᠰᠢᠭᠳᠠᠨ᠂ | 10 ᠲᠦᠮᠡᠨ ᠾᠧᠺᠲ᠋ᠠᠷ ᠲᠠᠷᠢᠮᠠᠯ ᠭᠠᠮᠰᠢᠭᠳᠠᠵᠤ᠂ 5.7 ᠲᠦᠮᠡᠨ ᠾᠧᠺᠲ᠋ᠠᠷ ᠲᠠᠯᠠᠪᠠᠢ ᠭᠠᠮᠰᠢᠭᠳᠠᠵᠠᠢ᠃ | ᠵᠢᠱᠢᠯᠲᠡ ᠪᠠᠷ᠂ 6 ᠳ᠋ᠤᠭᠠᠷ ᠰᠠᠷ᠎ᠠ ᠶᠢᠨ 27 ~30 ᠤ ᠡᠳᠦᠷ ᠪᠣᠯᠲᠠᠯ᠎ᠠ᠂ ᠪᠦᠬᠦ ᠣᠷᠣᠨ ᠤ ᠶᠡᠬᠡᠩᠬᠢ ᠭᠠᠵᠠᠷ ᠲᠤ | ᠪᠣᠷᠣᠭᠠᠨ ᠤᠷᠤᠵᠤ᠂ ᠵᠡᠭᠦᠨ ᠬᠡᠰᠡᠭ ᠤᠨ ᠭᠠᠵᠠᠷ ᠣᠷᠣᠨ ᠳᠤ ᠶᠡᠭᠡ ᠪᠣᠷᠣᠭᠠᠨ ᠲᠠᠢ᠂ ᠬᠡᠰᠡᠭ ᠭᠠᠵᠠᠷ ᠲᠤ ᠰᠢᠷᠦᠭᠦᠨ | ᠪᠣᠷᠣᠭᠠᠨ ᠲᠠᠢ᠃ ᠲᠤᠬᠠᠶ ᠶᠢᠨ ᠦᠶᠡᠰ ᠨᠤᠨ ᠮᠥᠷᠡᠨ ᠤ ᠰᠠᠪᠠ ᠭᠠᠵᠠᠷ᠂ ᠪᠠᠷᠠᠭᠤᠨ ᠯᠢᠶᠣᠤᠾᠧ ᠭᠤᠣᠯ ᠤᠨ ᠰᠠᠪᠠ | ᠭᠠᠵᠠᠷ ᠲᠤ ᠪᠣᠷᠣᠭᠠᠨ ᠶᠡᠭᠡ ᠤᠷᠤᠵᠤ᠂ ᠦᠶᠡᠷᠬᠡᠭ ᠪᠠᠶᠢᠳᠠᠯ ᠭᠠᠷᠴᠤ ᠮᠡᠳᠡᠨ᠎ᠡ ᠭᠡᠪᠡ᠃ | ᠡᠨᠡ ᠵᠢᠯ ᠤᠨ ᠪᠦᠬᠦ ᠣᠷᠣᠨ ᠤ ᠴᠢᠩᠭ᠎ᠠ ᠰᠣᠯᠢᠭ ᠤᠷᠤᠰᠬᠠᠯᠲᠤ ᠠᠭᠤᠷ ᠠᠮᠢᠰᠬᠤᠯ ᠣᠯᠠᠨ ᠡᠭᠦᠰᠬᠦ ᠪᠠᠶᠢᠳᠠᠯ | ᠳᠤ ᠴᠢᠭᠯᠡᠭᠦᠯᠦᠨ᠂ ᠥᠪᠥᠷ ᠮᠣᠩᠭᠤᠯ ᠤᠨ ᠴᠠᠭ ᠠᠭᠤᠷ ᠤᠨ ᠦᠷᠲᠡᠭᠡ ᠤᠷᠢᠳ ᠬᠤᠵᠢᠳ ᠳᠣᠭᠰᠢᠨ ᠰᠠᠯᠬᠢ᠂ | ᠠᠶᠤᠩᠭ᠎ᠠ ᠴᠠᠬᠢᠯᠭᠠᠨ ᠵᠡᠷᠭᠡ ᠶᠢᠨ ᠰᠡᠷᠡᠮᠵᠢᠯᠡᠭᠦᠯᠬᠦ ᠲᠤᠬᠢᠶ᠎ᠠ 18 ᠬᠤᠭᠤᠴᠠᠭ᠎ᠠ ᠨᠡᠶᠢᠲᠡᠯᠡᠵᠦ᠂ ᠡᠯ᠎ᠡ ᠲᠦ᠋ᠷᠦᠯ ᠤᠨ | ᠠᠳᠠᠯᠢ ᠪᠤᠰᠤ ᠬᠤᠭᠤᠴᠠᠭᠠᠲᠤ ᠦᠢᠯᠡᠳᠦᠯ ᠤᠨ ᠤᠷᠢᠳᠴᠢᠯᠠᠨ ᠮᠡᠳᠡᠭᠡᠨ ᠤ ᠦᠢᠯᠡᠳᠬᠦᠨ ᠢ 100 ᠭᠠᠷᠤᠶ | ᠬᠤᠭᠤᠴᠠᠭ᠎ᠠ ᠨᠡᠶᠢᠲᠡᠯᠡᠨ᠂ ᠤᠷᠢᠳᠴᠢᠯᠠᠭᠰᠠᠨ ᠮᠡᠳᠡᠭᠡ ᠨᠢ 2 ᠴᠠᠭ ᠠᠴᠠ 7 ᠡᠳᠦᠷ ᠤᠷᠢᠳᠴᠢᠯᠠᠪᠠ᠃ ᠡᠯ᠎ᠡ | ᠠᠶᠢᠮᠠᠭ ᠬᠤᠳᠠ ᠪᠠ ᠬᠤᠰᠢᠭᠤ ᠰᠢᠶᠠᠨ ᠤ ᠴᠠᠭ ᠠᠭᠤᠷ ᠤᠨ ᠰᠠᠯᠠᠭ᠎ᠠ ᠮᠦᠴᠢᠷ ᠤᠳ ᠮᠥᠨᠳᠥᠷ᠂ ᠰᠢᠷᠦᠭᠦᠨ | ᠪᠣᠷᠣᠭᠠᠨ᠂ ᠠᠶᠤᠩᠭ᠎ᠠ ᠴᠠᠬᠢᠯᠭᠠᠨ᠂ ᠳᠣᠭᠰᠢᠨ ᠰᠠᠯᠬᠢ ᠵᠡᠷᠭᠡ ᠶᠢᠨ ᠰᠡᠷᠡᠮᠵᠢᠯᠡᠭᠦᠯᠬᠦ ᠲᠤᠬᠢᠶ᠎ᠠ 506 ᠤᠳᠠᠭ᠎ᠠ | ᠨᠡᠶᠢᠲᠡᠯᠡᠵᠦ᠂ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠠᠪᠤᠨ᠂ ᠭᠠᠮᠰᠢᠭ ᠤᠨ ᠬᠤᠬᠢᠷᠠᠯ ᠢ ᠪᠠᠭᠠᠰᠬᠠᠬᠤ ᠳᠤ ᠡᠷᠬᠢᠮ | ᠨᠠᠨᠳᠢᠨ ᠴᠠᠭ ᠳᠣᠬᠢᠶᠠᠯ ᠣᠯᠭᠤᠪᠠ᠃ | ᠬᠥᠮᠦᠨ ᠤ ᠬᠦᠴᠦ ᠪᠠᠷ ᠮᠥᠨᠳᠥᠷ ᠢ ᠰᠡᠷᠭᠡᠶᠢᠯᠡᠬᠦ ᠪᠣᠯ ᠣᠳᠣᠬᠠᠨ ᠤ ᠮᠦᠨᠳᠦᠷ ᠮᠡᠲᠦ ᠶᠢᠨ ᠡᠶᠢᠮᠦᠷᠬᠦ ᠴᠢᠩᠭ᠎ᠠ | ᠰᠣᠯᠢᠭ ᠤᠷᠤᠰᠬᠠᠯᠲᠤ ᠠᠭᠤᠷ ᠠᠮᠢᠰᠬᠤᠯ ᠤᠨ ᠭᠠᠮᠰᠢᠭ ᠢ ᠪᠠᠭᠠᠰᠬᠠᠬᠤ ᠪᠤᠶᠤ ᠠᠷᠢᠯᠭᠠᠬᠤ ᠶᠢᠨ ᠪᠦᠲᠦᠮᠵᠢᠲᠡᠶ | ᠠᠷᠭ᠎ᠠ ᠪᠠᠷᠢᠯ ᠮᠦᠨ᠃ ᠤᠢᠢᠷ᠎ᠠ ᠶᠢᠨ ᠰᠠᠷ᠎ᠠ ᠭᠠᠷᠤᠶ ᠶᠢᠨ ᠲᠤᠷᠰᠢᠳᠠ᠂ ᠪᠦᠬᠦ ᠣᠷᠣᠨ ᠤ 8 ᠠᠶᠢᠮᠠᠭ ᠬᠤᠲᠠ ᠶᠢᠨ | ᠴᠠᠭ ᠠᠭᠤᠷ ᠤᠨ ᠰᠠᠯᠠᠭ᠎ᠠ ᠮᠦᠴᠢᠷ ᠤᠳ ᠶᠡᠭᠡ ᠫᠤᠤ ᠪᠠᠷ ᠮᠥᠨᠳᠥᠷ ᠠᠷᠢᠯᠭᠠᠬᠤ ᠠᠵᠢᠯᠯᠠᠭ᠎ᠠ ᠶᠢ 231 ᠤᠳᠠᠭ᠎ᠠ | ᠦᠷᠨᠢᠭᠦᠯᠦᠨ᠂ 6874 ᠰᠤᠮᠤ ᠬᠠᠷᠪᠤᠪᠠ᠃ ᠮᠥᠨᠳᠥᠷ ᠰᠡᠷᠭᠡᠶᠢᠯᠡᠬᠦ ᠠᠵᠢᠯᠯᠠᠭ᠎ᠠ ᠨᠢ ᠨᠡᠶᠢᠲᠡ 6714 ᠲᠡᠭᠰᠢ | ᠳᠥᠷᠪᠡᠯᠵᠢᠨ ᠺᠢᠯᠣᠮᠧᠲᠷ ᠭᠠᠵᠠᠷ ᠢ ᠬᠠᠮᠠᠭᠠᠯᠠᠨ᠂ ᠠᠵᠤ ᠠᠬᠤᠶ ᠶᠢᠨ ᠬᠤᠬᠢᠷᠠᠯ ᠢ ᠪᠠᠷᠤᠭ 1.43 ᠳ᠋ᠦᠩᠰᠢᠭᠤᠷ | ᠲᠥᠭᠦᠷᠢᠭ ᠪᠠᠭᠠᠰᠬᠠᠭᠰᠠᠨ ᠪᠠᠶᠢᠨ᠎ᠠ᠃ |