ᠡᠮᠦᠨ᠎ᠡ 5 ᠰᠠᠷ᠎ᠠ ᠳᠤ ᠥᠪᠥᠷ ᠮᠣᠩᠭᠤᠯ ᠤᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ  2500 ᠳ᠋ᠦᠩᠰᠢᠭᠤᠷ ᠲᠦᠬᠦᠷᠢᠭ ᠢ ᠳᠠᠪᠠᠪᠠ
ᠨᠡᠶᠢᠲᠡᠯᠡᠭᠰᠡᠨ ᠴᠠᠭ᠄
2016/6/27
     ᠡᠨᠡ ᠵᠢᠯ ᠤᠨ1-5 ᠳ᠋ᠤᠭᠠᠷ ᠰᠠᠷ᠎ᠠ ᠳᠤ᠂ ᠥᠪᠥᠷ ᠮᠣᠩᠭᠤᠯ ᠤᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ 2500 ᠳ᠋ᠦᠩᠰᠢᠭᠤᠷ ᠲᠥᠭᠦᠷᠢᠭ ᠢ ᠳᠠᠪᠠᠵᠤ᠂ 2500.09 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9. 5%᠎ ᠪᠠᠷ ᠨᠡᠮᠡᠭᠳᠡᠵᠦ᠂ ᠲᠦᠷᠦᠭᠦᠦ ᠵᠢᠯ ᠤᠨ ᠠᠳᠠᠯᠢ ᠬᠤᠭᠤᠴᠠᠭᠠᠨ ᠤ ᠬᠢ ᠠᠴᠠ 2.5 ᠵᠠᠭᠤᠨ ᠤ ᠴᠡᠭ ᠲᠦᠷᠭᠡᠳᠪᠡ᠃ ᠡᠨᠡ ᠵᠢᠯ ᠠᠴᠠ ᠨᠠᠰᠢ᠂ ᠪᠦᠬᠦ ᠣᠷᠣᠨ ᠤ ᠡᠯ᠎ᠡ ᠭᠠᠵᠠᠷ ᠤᠨ ᠬᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠶᠢᠨ ᠬᠠᠮᠲᠤ ᠬᠡᠷᠡᠭᠯᠡᠭᠡᠨ ᠤ ᠠᠵᠤ ᠠᠬᠤᠶ ᠶᠢᠨ ᠨᠡᠮᠡᠭᠳᠡᠯ ᠢ ᠲᠣᠭᠲᠠᠪᠤᠷᠢᠵᠢᠭᠤᠯᠬᠤ ᠰᠠᠭᠤᠷᠢ ᠦᠢᠯᠡᠳᠦᠯ ᠢ ᠪᠦᠬᠦ ᠬᠦᠴᠦ ᠪᠠᠷ ᠢᠶᠠᠨ ᠪᠠᠳᠠᠷᠠᠭᠤᠯᠵᠤ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ ᠶᠢᠨ ᠨᠡᠮᠡᠭᠳᠡᠯ ᠢ ᠦᠨᠳᠦᠰᠦᠨ ᠳᠡᠭᠡᠨ 9.0% ᠪᠤᠶᠤ 9.0% ᠡᠴᠠ‌‍ᠲ᠋ᠡᠭᠡᠭᠰᠢ ᠲᠣᠭᠲᠠᠭᠤᠨ ᠪᠠᠶᠢᠯᠭᠠᠪᠠ᠃ ᠬᠤᠳᠠ ᠬᠥᠳᠡᠭᠡ ᠶᠢᠨ ᠬᠡᠷᠡᠭᠯᠡᠭᠡᠨ ᠤ ᠵᠠᠬ᠎ᠠ ᠳᠡᠯᠭᠡᠭᠦᠷ ᠠᠴᠠ ᠦᠵᠡᠪᠡᠯ᠂ 1-5 ᠳ᠋ᠤᠭᠠᠷ ᠰᠠᠷ᠎ᠠ ᠳᠤ᠂ ᠪᠥᠬᠦ ᠣᠷᠣᠨ ᠤ ᠬᠤᠲᠠ ᠪᠠᠯᠭᠠᠰᠤ ᠶᠢᠨ ᠵᠠᠬ᠎ᠠ ᠳᠡᠯᠭᠡᠭᠦᠷ ᠤᠨ ᠬᠡᠷᠡᠭᠯᠡᠭᠡᠨ ᠤ ᠵᠦᠢᠯ ᠢ ᠵᠢᠵᠢᠭᠯᠡᠨ ᠬᠤᠳᠠᠯᠳᠤᠭᠰᠠᠨ ᠲᠤᠭ᠎ᠠ ᠶᠢ 2260.5 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 9.3% ᠨᠡᠮᠡᠭᠳᠡᠪᠡ︔ ᠬᠥᠳᠡᠭᠡ ᠲᠣᠰᠬᠤᠨ ᠤ ᠵᠠᠬ᠎ᠠ ᠳᠡᠯᠭᠡᠭᠦᠷ ᠬᠡᠷᠡᠭᠯᠡᠭᠡᠨ ᠤ ᠵᠦᠢᠯ ᠢ ᠵᠢᠵᠢᠭᠯᠡᠨ ᠬᠤᠳᠠᠯᠳᠤᠭᠰᠠᠨ ᠲᠤᠭ᠎ᠠ ᠶᠢ 239.6 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ11.3% ᠨᠡᠮᠡᠭᠳᠡᠪᠡ᠃ ᠬᠡᠷᠡᠭᠯᠡᠭᠡᠨ ᠤ ᠬᠡᠯᠪᠡᠷᠢ ᠠᠴᠠ ᠦᠵᠡᠪᠡᠯ᠂ 1-5 ᠳ᠋ᠤᠭᠠᠷ ᠰᠠᠷ᠎ᠠ ᠎ ᠳᠤ᠂ ᠪᠦᠬᠦ ᠣᠷᠣᠨ ᠤ ᠢᠳᠡᠭᠡᠨ ᠤᠮᠳᠠᠭᠠᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 10.5% ᠨᠡᠮᠡᠭᠳᠡᠵᠦ᠂ ᠲᠠᠸᠠᠷ ᠤᠨ ᠵᠢᠵᠢᠭᠯᠡᠨ ᠬᠤᠳᠠᠯᠳᠤᠬᠤ ᠦᠢᠯᠡᠰ ᠤᠨ ᠬᠡᠷᠡᠭᠯᠡᠭᠡᠨ ᠤ ᠵᠦᠢᠯ ᠢ ᠵᠢᠵᠢᠭᠯᠡᠨ ᠬᠤᠳᠠᠯᠳᠤᠭᠰᠠᠨ ᠲᠤᠭ᠎ᠠ ᠨᠢ ᠠᠳᠠᠯᠢ ᠬᠤᠭᠤᠴᠠᠭᠠᠨ ᠠᠴᠠ 9.3% ᠨᠡᠮᠡᠭᠳᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号