ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠶᠢᠨ ᠬᠤᠣᠷᠲᠤ ᠡᠳ᠋ ᠢ ᠴᠠᠭᠠᠵᠠᠯᠠᠬᠤ ᠰᠠᠯᠠᠭ᠎ᠠ ᠮᠥᠴᠢᠷ | 2015 ᠣᠨ ᠠᠴᠠ ᠣᠳᠣ ᠪᠣᠯᠲᠠᠯ᠎ᠠ ᠬᠤᠣᠷᠲᠤ ᠡᠳ᠋ ᠤᠨ ᠡᠷᠡᠭᠦᠦ ᠶᠢᠨ ᠬᠡᠷᠡᠭ ᠢ 1874 ᠶᠢ ᠢᠯᠡᠷᠡᠭᠦᠯᠦᠨ | ᠪᠠᠷᠢᠪᠴᠢᠯᠠᠵᠤ᠂ ᠡᠭᠦᠨ ᠳᠤ ᠳᠣᠲᠣᠭᠠᠳᠤ ᠶᠢ ᠬᠠᠮᠠᠭᠠᠯᠠᠬᠤ ᠶᠠᠮᠤᠨ ᠤ ᠬᠤᠣᠷᠲᠤ ᠡᠳ᠋ ᠤᠨ ᠬᠠᠷᠠᠯᠲᠠᠲᠤ ᠬᠡᠷᠡᠭ ᠢ 30 | ᠤᠳᠠᠭ᠎ᠠ ᠪᠠᠶᠢᠴᠠᠭᠠᠨ ᠢᠯᠡᠷᠡᠭᠦᠯᠵᠦ᠂ ᠥᠩᠭᠡᠷᠡᠭᠰᠡᠨ 3 ᠵᠢᠯ ᠤᠨ ᠶᠠᠮᠤᠨ ᠤ ᠳᠡᠰ ᠤᠨ ᠬᠠᠷᠠᠯᠲᠠᠲᠤ ᠬᠡᠷᠡᠭ | ᠢᠯᠡᠷᠡᠭᠦᠯᠦᠭᠰᠡᠨ ᠨᠡᠶᠢᠯᠡᠪᠦᠷᠢ ︵27 ᠬᠡᠷᠡᠭ︶ ᠠᠴᠠ ᠳᠠᠪᠠᠪᠠ︔ ᠳᠣᠲᠣᠭᠠᠳᠤ ᠶᠢ ᠬᠠᠮᠠᠭᠠᠯᠠᠬᠤ ᠲᠢᠩᠬᠢᠮ ᠤᠨ | ᠬᠤᠣᠷᠲᠤ ᠡᠳ᠋ ᠤᠨ ᠬᠠᠷᠠᠯᠲᠠᠲᠤ ᠬᠡᠷᠡᠭ ᠢ 69 ᠪᠠᠶᠢᠴᠠᠭᠠᠨ ᠢᠯᠡᠷᠡᠭᠦᠯᠵᠦ᠂ ᠲᠡᠦᠬᠡᠨ ᠰᠢᠨ᠎ᠡ ᠲᠡᠮᠳᠡᠭᠯᠡᠯ ᠢ | ᠡᠭᠦᠳᠪᠡ᠃ | ᠮᠠᠨ ᠤ ᠣᠷᠣᠨ ᠤ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠨ ᠬᠢᠨ ᠤᠳ ︽ᠵᠠᠭᠤᠨ ᠬᠤᠲᠠ ᠶᠢᠨ | ᠬᠤᠣᠷᠲᠤ ᠡᠳ᠋ ᠢ ᠴᠠᠭᠠᠵᠠᠯᠠᠬᠤ ᠬᠠᠮᠲᠤᠷᠠᠭᠰᠠᠨ ᠪᠠᠶᠢᠯᠳᠤᠭᠠᠨ︾ ︽ᠰᠦᠯᠵᠢᠶᠡᠨ ᠤ ᠬᠤᠣᠷᠲᠤ ᠡᠳ᠋ ᠢ ᠱᠦᠭᠦᠷᠳᠡᠨ | ᠠᠷᠢᠯᠭᠠᠬᠤ︾ ︽ᠠᠷᠢᠭᠤᠨ ᠣᠷᠣᠨ 2016︾ ᠵᠡᠷᠭᠡ ᠲᠤᠰᠬᠠᠶ ᠠᠵᠢᠯᠯᠠᠭ᠎ᠠ ᠪᠠᠷ ᠬᠦᠲᠦᠴᠡ ᠪᠣᠯᠭᠠᠵᠤ᠂ ᠬᠠᠤᠯᠢ | ᠬᠡᠷᠡᠭᠵᠢᠭᠦᠯᠬᠦ ᠬᠦᠴᠦᠨ ᠢᠶᠠᠨ ᠲᠥᠪᠯᠡᠷᠡᠭᠦᠯᠦᠨ ᠬᠤᠣᠷᠲᠤ ᠡᠳ᠋ ᠫᠠᠨᠽᠠᠯᠠᠭᠴᠢ ᠶᠢ ᠪᠠᠷᠢᠪᠴᠢᠯᠠᠨ ᠢᠯᠡᠷᠡᠭᠦᠯᠪᠡ᠃ | ᠪᠤᠭᠤᠲᠤ ᠬᠤᠲᠠ ᠶᠢᠨ ᠴᠠᠭᠳᠠᠭᠠᠨ ᠤ ᠲᠠᠯ᠎ᠠ ᠶᠢᠨ ᠬᠢᠨ ᠬᠤᠶᠠᠷ ᠰᠠᠷ᠎ᠠ ᠢᠯᠡᠭᠦᠦ ᠴᠠᠭ ᠬᠡᠷᠡᠭᠰᠡᠨ ᠳᠣᠲᠣᠭᠠᠳᠤ ᠶᠢ | ᠬᠠᠮᠠᠭᠠᠯᠠᠬᠤ ᠶᠠᠮᠤᠨ ᠤ ︽2015-1290 ᠳ᠋ᠦ᠋ᠭᠡᠷ ᠲᠣᠭᠠᠲᠤ︾ ᠮᠤᠵᠢ ᠠᠯᠤᠰᠯᠠᠨ ᠬᠤᠣᠷᠲᠤ ᠡᠳ᠋ ᠫᠠᠨᠽᠠᠯᠠᠬᠰᠠᠨ | ᠬᠠᠮᠰᠠᠯ ᠪᠦᠯᠦᠭ ᠤᠨ ᠣᠨᠴᠠ ᠶᠡᠭᠡ ᠬᠡᠷᠡᠭ ᠢ ᠠᠮᠵᠢᠯᠲᠠ ᠲᠠᠢ ᠪᠠᠷ ᠢᠯᠡᠷᠡᠭᠦᠯᠵᠦ᠂ ᠲᠤᠬᠠᠶ ᠶᠢᠨ ᠲᠠᠯᠠᠪᠤᠷ ᠲᠤ 6.5 | ᠺᠢᠯᠣᠭ᠍ᠷᠠᠮ ᠮᠧᠲ᠋ᠠ ᠠᠮᠹᠤᠲ᠋ᠠᠮᠢᠨ᠂ ᠪᠠᠷᠤᠭ 26 ᠭᠷᠠᠮ ᠮᠠ ᠭᠦ᠋᠂ ᠪᠠᠷᠤᠭ 30 ᠭᠷᠠᠮ ᠣᠯᠣᠰᠤ ᠶᠢ ᠪᠠᠶᠢᠴᠠᠭᠠᠨ ᠣᠯᠵᠤ | ᠂ ᠭᠤᠸᠠᠩᠵᠧᠦ ᠶᠢᠨ ᠵᠦᠩᠱᠠᠨ ᠠᠴᠠ ᠪᠤᠭᠤᠲᠤ ᠳᠤ ᠬᠦᠷᠲᠡᠯᠡᠬᠢ ᠬᠤᠣᠷᠲᠤ ᠡᠳ᠋ ᠫᠠᠨᠽᠠᠯᠠᠬᠤ ᠵᠠᠮ ᠢ ᠲᠠᠰᠤᠯᠪᠠ᠃ | 2015 ᠣᠨ ᠠᠴᠠ ᠣᠳᠣ ᠪᠣᠯᠲᠠᠯ᠎ᠠ᠂ ᠪᠦᠬᠦ ᠣᠷᠣᠨ ᠬᠤᠣᠷᠲᠤ ᠡᠳ᠋ ᠤᠨ ᠶᠠᠯᠠᠲᠤ ᠠᠵᠢᠯᠯᠠᠭ᠎ᠠ ᠬᠢᠭᠰᠡᠨ | ᠰᠡᠵᠢᠭᠯᠡᠯᠲᠡᠶ 2334 ᠬᠥᠮᠦᠨ ᠢ ᠪᠠᠷᠢᠪᠴᠢᠯᠠᠵᠤ᠂ 12.09 ᠺᠢᠯᠣᠭ᠍ᠷᠠᠮ ᠬᠤᠣᠷᠲᠤ ᠡᠳ᠋ ᠾᠧᠷᠣᠶ᠋ᠢᠨ᠂ 72.4 | ᠺᠢᠯᠣᠭ᠍ᠷᠠᠮ ᠮᠧᠲ᠋ᠠ ᠠᠮᠹᠤᠲ᠋ᠠᠮᠢᠨ᠂ 4.81 ᠡᠾᠯᠤᠷ ᠠᠮᠢᠨ ᠤ ᠺᠤᠲ᠋ᠧᠨ ᠢ ᠪᠠᠶᠢᠴᠠᠭᠠᠨ ᠬᠤᠷᠢᠶᠠᠪᠠ᠃ ᠡᠭᠦᠨ ᠤ ᠬᠠᠮᠲᠤ | ᠂ ᠮᠠᠨ ᠤ ᠣᠷᠣᠨ ᠬᠤᠣᠷᠲᠤ ᠡᠳ᠋ ᠢ ᠰᠡᠷᠭᠡᠶᠢᠯᠡᠬᠦ ᠣᠯᠠᠨ ᠵᠦᠢᠯ ᠤᠨ ᠬᠥᠮᠦᠵᠢᠯ ᠤᠨ ᠠᠵᠢᠯᠯᠠᠭ᠎ᠠ ᠶᠢ ᠥᠷᠨᠢᠭᠦᠯᠪᠡ᠃ | ᠵᠠᠯᠠᠭᠤᠴᠤᠳ ᠪᠠᠭᠠᠴᠤᠳ ᠤᠨ ᠬᠤᠣᠷᠲᠤ ᠡᠳ᠋ ᠢ ᠰᠡᠷᠭᠡᠶᠢᠯᠡᠬᠦ ᠬᠥᠮᠦᠵᠢᠯ ᠤᠨ ︽6 · 27︾ ᠢᠨᠵᠧᠨᠧᠷᠢᠩ ᠢ | ᠥᠷᠨᠢᠭᠦᠯᠵᠦ᠂ ᠰᠤᠷᠭᠠᠭᠤᠯᠢ ᠳᠤ ᠬᠦᠷᠴᠦ ᠲᠠᠶᠢᠯᠤᠮᠵᠢ ᠬᠢᠬᠦ ᠪᠠᠷ ᠳᠠᠮᠵᠢᠭᠤᠯᠤᠨ᠂ ᠬᠤᠣᠷᠲᠤ ᠡᠳ᠋ ᠢ ᠴᠠᠭᠠᠵᠠᠯᠠᠬᠤ | ᠮᠡᠳᠡᠯᠭᠡ ᠶᠢᠨ ᠤᠷᠤᠯᠳᠤᠭᠠᠨ ᠢ ᠵᠣᠬᠢᠶᠠᠨ ᠪᠠᠶᠢᠭᠤᠯᠬᠤ᠂ ᠺᠢᠨᠣ᠋ ᠵᠣᠬᠢᠶᠠᠨ ᠪᠦᠲᠦᠭᠡᠬᠦ ᠵᠡᠷᠭᠡ ᠬᠡᠯᠪᠡᠷᠢ ᠪᠠᠷ | ᠵᠠᠯᠠᠭᠤᠴᠤᠳ ᠪᠠᠭᠠᠴᠤᠳ ᠤᠨ ᠬᠤᠣᠷᠲᠤ ᠡᠳ᠋ ᠢ ᠣᠶᠢᠯᠭᠠᠬᠤ ᠬᠤᠣᠷᠲᠤ ᠡᠳ᠋ ᠢ ᠰᠡᠷᠭᠡᠶᠢᠯᠡᠬᠦ ᠬᠤᠣᠷᠲᠤ ᠡᠳ᠋ ᠢ | ᠲᠡᠪᠴᠢᠬᠦ ᠦᠵᠡᠯ ᠤᠬᠠᠮᠰᠠᠷ ᠢ ᠨᠢ ᠳᠡᠭᠡᠭᠰᠢᠯᠡᠭᠦᠯᠪᠡ᠃ 2014 — 2015 ᠣᠨ ᠳᠤ᠂ ᠮᠠᠨ ᠤ ᠣᠷᠣᠨ ᠤ | ᠬᠤᠣᠷᠲᠤ ᠡᠳ᠋ ᠢ ᠰᠡᠷᠭᠡᠶᠢᠯᠡᠬᠦ ᠰᠤᠷᠭᠠᠨ ᠬᠥᠮᠦᠵᠢᠯ ᠤᠨ ᠠᠵᠢᠯ ᠬᠤᠶᠠᠷ ᠵᠢᠯ ᠳᠠᠷᠠᠭᠠᠯᠠᠨ ᠪᠦᠬᠦ ᠤᠯᠤᠰ ᠤᠨ | ᠲᠡᠷᠢᠭᠦᠨ ᠳᠤ ᠣᠷᠣᠪᠠ᠃ | ᠨᠡᠶᠢᠭᠡᠮ ᠲᠣᠭᠤᠷᠢᠭ ᠤᠨ ᠬᠤᠣᠷ ᠲᠠᠲᠠᠬᠤ ᠶᠢ ᠵᠣᠭᠰᠤᠭᠠᠬᠤ ᠨᠡᠶᠢᠭᠡᠮ ᠲᠣᠭᠤᠷᠢᠭ ᠤᠨ ᠡᠷᠡᠭᠦᠯᠵᠢᠭᠦᠯᠬᠦ ᠶᠢ | ᠭᠦᠢᠴᠡᠳᠬᠡᠬᠦ ᠨᠤᠷᠮ᠎ᠠ ᠶᠢ ᠳᠡᠭᠡᠭᠰᠢᠯᠡᠭᠦᠯᠬᠦ ᠪᠣᠯ ᠡᠨᠡ ᠵᠢᠯ ᠤᠨ ᠮᠠᠨ ᠤ ᠣᠷᠣᠨ ᠤ ᠬᠤᠣᠷ ᠲᠠᠲᠠᠵᠤ ᠪᠠᠶᠢᠭ᠎ᠠ | ᠬᠥᠮᠦᠰ ᠢ ᠬᠤᠷᠢᠭᠯᠠᠬᠤ ᠠᠵᠢᠯ ᠤᠨ ᠭᠤᠣᠯᠳᠠᠯᠭ᠎ᠠ ᠮᠥᠨ᠃ ᠡᠨᠡ ᠵᠢᠯ ᠮᠠᠨ ᠤ ᠣᠷᠣᠨ ᠨᠡᠶᠢᠭᠡᠮ ᠲᠣᠭᠤᠷᠢᠭ ᠤᠨ | ᠬᠤᠣᠷ ᠲᠠᠲᠠᠬᠤ ᠶᠢ ᠵᠣᠭᠰᠤᠭᠠᠬᠤ ᠨᠡᠶᠢᠭᠡᠮ ᠲᠣᠭᠤᠷᠢᠭ ᠤᠨ ᠡᠷᠡᠭᠦᠯᠵᠢᠭᠦᠯᠬᠦ ︽8 · 31︾ ᠢᠨᠵᠧᠨᠧᠷᠢᠩ ᠢ | ᠡᠬᠢᠯᠡᠨ ᠬᠡᠷᠡᠭᠵᠢᠭᠦᠯᠵᠦ᠂ ᠬᠤᠣᠷ ᠲᠠᠲᠠᠵᠤ ᠪᠠᠶᠢᠭ᠎ᠠ ᠬᠥᠮᠥᠰ ᠤᠨ ᠰᠠᠭᠤᠷᠢ ᠳᠠᠩᠰᠠ ᠶᠢ ᠲᠣᠳᠣᠷᠬᠠᠶ ᠪᠣᠯᠭᠠᠬᠤ᠂ | ᠵᠢᠷᠤᠮᠵᠢᠭᠤᠯᠬᠤ ᠶᠢ ᠴᠢᠷᠮᠠᠶᠢᠨ ᠪᠡᠶᠡᠯᠡᠭᠦᠯᠵᠦ᠂ ᠬᠤᠣᠷᠲᠤ ᠡᠳ᠋ ᠲᠤ ᠬᠤᠯᠪᠣᠭᠳᠠᠬᠤ ᠣᠨᠴᠠᠭᠠᠶ ᠬᠥᠮᠥᠰ ᠢ | ᠬᠤᠷᠢᠭᠯᠠᠬᠤ ᠳᠤ ᠬᠦᠴᠢᠷᠳᠡᠯᠲᠡᠢ ᠪᠠᠶᠢᠬᠤ ᠪᠠ ᠨᠡᠶᠢᠭᠡᠮ ᠲᠣᠭᠤᠷᠢᠭ ᠤᠨ ᠬᠤᠣᠷ ᠲᠠᠲᠠᠬᠤ ᠶᠢ ᠵᠣᠭᠰᠤᠭᠠᠬᠤ ᠨᠡᠶᠢᠭᠡᠮ | ᠲᠣᠭᠤᠷᠢᠭ ᠤᠨ ᠡᠷᠡᠭᠦᠯᠵᠢᠭᠦᠯᠬᠦ ᠠᠵᠢᠯ ᠢ ᠳᠡᠯᠭᠡᠷᠡᠭᠦᠯᠬᠦ ᠳᠤ ᠬᠦᠴᠦᠨ ᠮᠡᠬᠦᠰᠳᠡᠵᠦ ᠪᠠᠶᠢᠬᠤ ᠠᠰᠠᠭᠤᠳᠠᠯ ᠢ | ᠲᠥᠪᠯᠡᠷᠡᠭᠦᠯᠦᠨ ᠰᠢᠢᠳᠪᠦᠷᠢᠯᠡᠬᠦ ᠪᠠᠷ ᠪᠠᠶᠢᠨ᠎ᠠ᠃ |