ᠴᠤᠤᠯ ᠤᠰᠤᠨ ᠠᠰᠢᠭᠯᠠᠯᠲᠠ ᠶᠢᠨ ᠵᠠᠩᠭᠢᠯᠠᠭ᠎ᠠ ᠶᠢᠨ ᠲᠤᠤᠷᠠᠳᠤ ᠤᠷᠤᠰᠬᠠᠯ ᠳᠠᠬᠢ ᠥᠪᠥᠷ ᠮᠣᠩᠭᠤᠯ ᠤᠨ | ᠤᠰᠤᠯᠠᠯᠲᠠ ᠶᠢᠨ ᠣᠷᠣᠨ ᠤ ᠢᠨᠵᠧᠨᠧᠷᠢᠩ 2015 ᠣᠨ ᠤ 10 ᠳ᠋ᠤᠭᠠᠷ ᠰᠠᠷ᠎ᠠ ᠳᠤ ᠠᠵᠢᠯ | ᠡᠬᠢᠯᠡᠭᠦᠯᠦᠭᠰᠡᠨ ᠠᠴᠠ ᠨᠠᠰᠢ᠂ ᠢᠨᠵᠧᠨᠧᠷᠢᠩ ᠤᠨ ᠠᠬᠢᠯᠲᠠ ᠤᠷᠤᠭᠰᠢᠲᠠᠶ ᠶᠠᠪᠤᠭᠳᠠᠵᠤ᠂ ᠨᠢᠭᠡᠨᠲᠡ ᠨᠡᠶᠢᠲᠡ 3.36 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃ | ᠴᠤᠤᠯ ᠤᠰᠤᠨ ᠠᠰᠢᠭᠯᠠᠯᠲᠠ ᠶᠢᠨ ᠵᠠᠩᠭᠢᠯᠠᠭ᠎ᠠ ᠶᠢᠨ ᠲᠤᠤᠷᠠᠳᠤ ᠤᠷᠤᠰᠬᠠᠯ ᠤᠨ ᠤᠰᠤᠯᠠᠯᠲᠠ ᠶᠢᠨ ᠣᠷᠣᠨ | ᠨᠢ ᠴᠤᠤᠯ ᠭᠤᠣᠯ ᠤᠨ ᠳᠤᠮᠳᠠᠳᠤ ᠤᠷᠤᠰᠬᠠᠯ ᠤᠨ ᠪᠠᠷᠠᠭᠤᠨ ᠡᠷᠭᠢ ᠳᠠᠬᠢ ᠬᠢᠩᠭᠠᠨ ᠠᠶᠢᠮᠠᠭ ᠤᠨ ᠵᠠᠯᠠᠶᠢᠳ | ᠬᠤᠰᠢᠭᠤᠨ ᠤ ᠬᠢᠯᠢ ᠳᠣᠲᠣᠷ᠎ᠠ ᠪᠠᠶᠢᠷᠢᠯᠠᠵᠤ ᠪᠠᠶᠢᠭ᠎ᠠ ᠴᠤᠤᠯ ᠤᠰᠤᠨ ᠠᠰᠢᠭᠯᠠᠯᠲᠠ ᠶᠢᠨ ᠵᠠᠩᠭᠢᠯᠠᠭ᠎ᠠ ᠶᠢᠨ ᠢᠵᠢ | ᠪᠦᠷᠢᠳᠦᠭᠦᠯᠦᠭᠰᠡᠨ ᠢᠨᠵᠧᠨᠧᠷᠢᠩ ᠪᠣᠯᠣᠨ᠎ᠠ᠃ ᠶᠡᠷᠦᠩᠬᠡᠶ ᠪᠡᠯᠡ ᠣᠷᠣᠭᠤᠯᠤᠯᠲᠠ ᠨᠢ 8.5 ᠳ᠋ᠦ᠋ᠩᠰᠢᠭᠤᠷ ᠲᠥᠭᠦᠷᠢᠭ | ᠪᠠᠶᠢᠵᠤ᠂ ᠬᠢᠩᠭᠠᠨ ᠠᠶᠢᠮᠠᠭ ᠤᠨ ᠲᠡᠦᠬᠡᠨ ᠳᠡᠭᠡᠷᠡᠬᠢ ᠪᠡᠯᠡ ᠣᠷᠣᠭᠤᠯᠤᠯᠲᠠ ᠪᠠᠷ ᠬᠠᠮᠤᠭ ᠤᠨ ᠶᠡᠭᠡ ᠤᠰᠤᠨ | ᠠᠰᠢᠭᠯᠠᠯᠲᠠ ᠶᠢᠨ ᠢᠨᠵᠧᠨᠧᠷᠢᠩ ᠪᠣᠯᠤᠨ᠎ᠠ᠃ ᠣᠳᠣᠬᠠᠨ ᠳᠤ᠂ 450 ᠺᠢᠯᠣᠮᠧᠲᠷ ᠤᠨ ᠵᠠᠮ᠂ ᠭᠤᠤ ᠵᠢᠯᠠᠭ᠎ᠠ ᠶᠢᠨ | ᠠᠵᠢᠯ ᠢ ᠨᠢᠭᠡᠨᠲᠡ ᠡᠬᠢᠯᠡᠭᠦᠯᠵᠦ᠂ 95 ᠰᠠᠭᠤᠷᠢ ᠪᠠᠷᠢᠯᠭ᠎ᠠ ᠶᠢ ᠡᠬᠢᠯᠡᠭᠦᠯᠪᠡ᠃ ᠵᠢᠱᠢᠯᠲᠡ ᠪᠠᠷ ᠡᠨᠡ ᠵᠢᠯ ᠤᠨ ᠡᠴᠦᠰ | ᠪᠣᠯᠬᠤ ᠳᠤ 5.5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ 2018 ᠣᠨ ᠤ 8 | ᠳ᠋ᠤᠭᠠᠷ ᠰᠠᠷ᠎ᠠ ᠳᠤ ᠪᠦᠬᠦᠨ ᠢ ᠳᠠᠭᠤᠰᠬᠠᠬᠤ ᠪᠣᠯᠤᠨ᠎ᠠ᠃ | ᠴᠤᠤᠯ ᠤᠰᠤᠨ ᠠᠰᠢᠭᠯᠠᠯᠲᠠ ᠶᠢᠨ ᠵᠠᠩᠭᠢᠯᠠᠭ᠎ᠠ ᠶᠢᠨ ᠲᠤᠤᠷᠠᠳᠤ ᠤᠷᠤᠰᠬᠠᠯ ᠳᠠᠬᠢ ᠥᠪᠥᠷ ᠮᠣᠩᠭᠤᠯ ᠤᠨ | ᠤᠰᠤᠯᠠᠯᠲᠠ ᠶᠢᠨ ᠣᠷᠣᠨ ᠤ ᠪᠠᠷᠢᠯᠭ᠎ᠠ ᠶᠢᠨ ᠭᠤᠣᠯ ᠡᠭᠦᠷᠭᠡ ᠪᠣᠯ ᠲᠠᠷᠢᠶᠠᠯᠠᠩ ᠤᠨ ᠤᠰᠤᠯᠠᠯᠲᠠ ᠪᠣᠯᠣᠨ᠎ᠠ᠃ | ᠪᠠᠷᠢᠯᠭ᠎ᠠ ᠳᠠᠭᠤᠰᠤᠭᠰᠠᠨ ᠤ ᠲᠠᠷᠠᠭ᠎ᠠ᠂ ᠴᠤᠤᠯ ᠤᠰᠤᠨ ᠠᠰᠢᠭᠯᠠᠯᠲᠠ ᠶᠢᠨ ᠵᠠᠩᠭᠢᠯᠠᠭ᠎ᠠ ᠨᠢ ᠤᠰᠤᠯᠠᠯᠲᠠ ᠶᠢᠨ | ᠣᠷᠣᠨ ᠳᠤ ᠣᠯᠠᠨ ᠵᠢᠯ ᠳᠤᠮᠳᠠᠴᠢ ᠪᠠᠷ 1.78 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠤᠰᠤ ᠬᠠᠩᠭᠠᠵᠤ᠂ | ᠤᠰᠤᠯᠠᠯᠲᠠ ᠶᠢᠨ ᠲᠠᠯᠠᠪᠠᠢ ᠶᠢ 41.02 ᠲᠦᠮᠡᠨ ᠮᠦ ᠰᠠᠶᠢᠵᠢᠷᠠᠭᠤᠯᠬᠤ ᠪᠠ ᠨᠡᠮᠡᠭᠳᠡᠭᠦᠯᠦᠨ᠎ᠡ᠃ ᠲᠤᠰ | ᠢᠨᠵᠧᠨᠧᠷᠢᠩ ᠤᠨ ᠭᠤᠣᠯ ᠪᠦᠳᠤᠭᠡᠨ ᠪᠠᠶᠢᠭᠤᠯᠬᠤ ᠠᠭᠤᠯᠭ᠎ᠠ ᠨᠢ ᠤᠰᠤᠯᠠᠯᠲᠠ ᠳᠤ ᠤᠰᠤ ᠲᠠᠲᠠᠬᠤ ᠵᠠᠩᠭᠢᠯᠠᠭ᠎ᠠ ᠂ | ᠭᠤᠣᠯᠳᠠᠭᠤ ᠤᠰᠤᠯᠠᠬᠤ ᠪᠠ ᠤᠰᠤ ᠵᠠᠯᠠᠬᠤ ᠰᠤᠪᠠᠭ ᠤᠨ ᠰᠢᠰᠲ᠋ᠧᠮ᠂ ᠠᠭᠤᠯᠠᠨ ᠦᠶᠡᠷ ᠭᠤᠤ ᠰᠤᠪᠠᠭ ᠢ ᠵᠠᠰᠠᠬᠤ | ᠵᠡᠷᠭᠡ ᠶᠢ ᠥᠷᠭᠡᠳᠬᠡᠨ ᠪᠠᠶᠢᠭᠤᠯᠬᠤ ᠪᠠ ᠰᠢᠨ᠎ᠡ ᠪᠠᠷ ᠪᠠᠶᠢᠭᠤᠯᠤᠨ᠎ᠠ᠃ ᠡᠦ ᠳ᠋ᠤᠤ ᠾᠧ ᠽᠢ᠂ ᠬᠤᠯᠪᠣᠭ᠎ᠠ ᠤᠰᠤ | ᠲᠠᠲᠠᠬᠤ ᠵᠠᠩᠭᠢᠯᠠᠭ᠎ᠠ ᠶᠢᠨ ᠭᠤᠣᠯ ᠪᠠᠷᠢᠯᠭ᠎ᠠ ᠨᠢ 3 ᠳᠡᠰ ᠤᠨ ᠪᠠᠷᠢᠯᠭ᠎ᠠ ᠪᠠᠶᠢᠵᠤ᠂ ᠦᠶᠡᠷ ᠤᠨ ᠪᠠᠷᠢᠮᠵᠢᠶ᠎ᠠ ᠶᠢ 30 | ᠵᠢᠯ ᠳᠤ ᠨᠢᠭᠡ ᠲᠣᠬᠢᠶᠠᠯᠳᠤᠬᠤ᠂ ᠬᠢᠨᠠᠨ ᠬᠠᠷᠭᠤᠭᠤᠯᠬᠤ ᠦᠶᠡᠷ ᠤᠨ ᠪᠠᠷᠢᠮᠵᠢᠶ᠎ᠠ ᠶᠢ 100 ᠵᠢᠯ ᠳᠤ ᠨᠢᠭᠡ | ᠲᠣᠬᠢᠶᠠᠯᠳᠤᠬᠤ ᠪᠠᠷ ᠵᠢᠷᠤᠭᠯᠠᠨ ᠲᠥᠯᠥᠪᠯᠡᠵᠡᠢ︔ ᠰᠥᠭᠡᠭ ᠤᠨ ᠠᠶᠢᠯ ᠤᠨ ᠤᠰᠤ ᠲᠠᠲᠠᠬᠤ ᠵᠠᠩᠭᠢᠯᠠᠭ᠎ᠠ ᠶᠢᠨ ᠭᠤᠣᠯ | ᠪᠠᠷᠢᠯᠭ᠎ᠠ ᠨᠢ 4 ᠳᠠᠰ ᠤᠨ ᠪᠠᠷᠢᠯᠭ᠎ᠠ ᠪᠠᠶᠢᠵᠤ᠂ ᠦᠶᠡᠷ ᠤᠨ ᠪᠠᠷᠢᠮᠵᠢᠶ᠎ᠠ ᠶᠢ 20 ᠵᠢᠯ ᠳᠤ ᠨᠢᠭᠡ ᠲᠣᠬᠢᠶᠠᠯᠳᠤᠬᠤ ᠂ | ᠬᠢᠨᠠᠨ ᠬᠠᠷᠭᠤᠭᠤᠯᠬᠤ ᠦᠶᠡᠷ ᠤᠨ ᠪᠠᠷᠢᠮᠵᠢᠶ᠎ᠠ ᠶᠢ 50 ᠵᠢᠯ ᠳᠤ ᠨᠢᠭᠡ ᠲᠣᠬᠢᠶᠠᠯᠳᠤᠬᠤ ᠪᠠᠷ ᠵᠢᠷᠤᠵᠤ ᠲᠥᠯᠥᠪᠯᠡᠵᠡᠢ︔ | ᠶᠡᠷᠦᠩᠬᠡᠶ ᠭᠤᠣᠯ ᠰᠤᠪᠠᠭ᠂ ᠭᠤᠣᠯ ᠰᠤᠪᠠᠭ᠂ ᠬᠤᠪᠢᠶᠠᠷᠢ ᠰᠤᠪᠠᠭ᠂ ᠰᠠᠯᠪᠤᠷᠢ ᠰᠤᠪᠠᠭ ᠵᠡᠷᠭᠡ ᠵᠠᠮ ᠱᠤᠭᠤᠮ | ᠰᠤᠪᠠᠭ ᠤᠨ ᠰᠢᠰᠲ᠋ᠧᠮ ᠨᠢ 3 — 5 ᠳᠡᠰ ᠤᠨ ᠪᠠᠷᠢᠯᠭ᠎ᠠ ᠪᠠᠶᠢᠵᠤ᠂ 3 ᠳᠡᠰ ᠤᠨ ᠰᠤᠪᠠᠭ ᠤᠨ ᠦᠶᠡᠷ ᠤᠨ | ᠤᠰᠤᠨ ᠤ ᠪᠠᠷᠢᠮᠵᠢᠶ᠎ᠠ ᠨᠢ 20 ᠵᠢᠯ ᠳᠤ ᠨᠢᠭᠡ ᠲᠣᠬᠢᠶᠠᠯᠳᠤᠬᠤ᠂ 4᠂ 5 ᠳᠡᠰ ᠤᠨ ᠰᠤᠪᠠᠭ ᠤᠨ ᠦᠶᠡᠷ ᠤᠨ | ᠪᠠᠷᠢᠮᠵᠢᠶ᠎ᠠ ᠶᠢ 10 ᠵᠢᠯ ᠳᠤ ᠨᠢᠭᠡ ᠲᠣᠬᠢᠶᠠᠯᠳᠤᠬᠤ ᠪᠠᠷ ᠵᠢᠷᠤᠵᠤ ᠲᠥᠯᠥᠪᠯᠡᠵᠡᠢ᠃ | ᠴᠤᠤᠯ ᠤᠰᠤᠨ ᠠᠰᠢᠭᠯᠠᠯᠲᠠ ᠶᠢᠨ ᠵᠠᠩᠭᠢᠯᠠᠭ᠎ᠠ ᠶᠢᠨ ᠲᠤᠤᠷᠠᠳᠤ ᠤᠷᠤᠰᠬᠠᠯ ᠤᠨ ᠤᠰᠤᠯᠠᠯᠲᠠ ᠶᠢᠨ ᠣᠷᠣᠨ | ᠤ ᠪᠦᠲᠦᠭᠡᠨ ᠪᠠᠶᠢᠭᠤᠯᠤᠯᠲᠠ ᠨᠢ ᠵᠠᠩᠭᠢᠯᠠᠭ᠎ᠠ ᠶᠢᠨ ᠢᠨᠵᠧᠨᠧᠷᠢᠩ ᠤᠨ ᠤᠰᠤᠯᠠᠯᠲᠠ ᠶᠢᠨ ᠦᠷ᠎ᠡ ᠠᠰᠢᠭ ᠢ ᠭᠦᠢᠴᠡᠳ | ᠪᠠᠳᠠᠷᠠᠭᠤᠯᠵᠤ ᠴᠢᠳᠠᠬᠤ ᠪᠦᠭᠡᠳ ᠵᠠᠯᠠᠶᠢᠳ ᠬᠤᠰᠢᠭᠤ ᠶᠢᠨ ᠲᠠᠷᠢᠶᠠᠯᠠᠩ ᠤᠨ ᠦᠢᠯᠡᠳᠪᠦᠷᠢᠯᠡᠯ ᠤᠨ ᠨᠥᠬᠦᠴᠡᠯ ᠢ | ᠰᠠᠶᠢᠵᠢᠷᠠᠭᠤᠯᠬᠤ᠂ ᠤᠰᠤᠨ ᠤ ᠡᠬᠢ ᠪᠠᠶᠠᠯᠢᠭ ᠢ ᠵᠦᠢ ᠵᠣᠬᠢᠰᠲᠠᠶ ᠠᠰᠢᠭᠯᠠᠬᠤ᠂ ᠤᠰᠤᠯᠠᠯᠲᠠ ᠶᠢ ᠪᠠᠲᠤᠯᠠᠬᠤ | ᠨᠤᠷᠮ᠎ᠠ ᠶᠢ ᠳᠡᠭᠡᠭᠰᠢᠯᠡᠭᠦᠯᠬᠦ᠂ ᠲᠤᠬᠠᠶ ᠶᠢᠨ ᠭᠠᠵᠠᠷ ᠤᠨ ᠠᠵᠤ ᠠᠬᠤᠶ ᠨᠡᠶᠢᠭᠡᠮ ᠤᠨ ᠦᠷᠭᠦᠯᠵᠢᠯᠡᠬᠦ ᠬᠥᠭᠵᠢᠯᠲᠡ ᠶᠢ | ᠠᠬᠢᠭᠤᠯᠬᠤ ᠪᠠ ᠪᠦᠬᠦ ᠣᠷᠣᠨ ᠤ ︽ᠲᠥᠷᠪᠡᠨ ᠬᠡᠰᠡᠭ ᠮᠢᠩᠭᠠᠨ ᠲᠦᠮᠡᠨ ᠮᠤ᠋︾ ᠶᠢᠨ ᠤᠰᠤ ᠠᠷᠪᠢᠯᠠᠬᠤ | ᠤᠰᠤᠯᠠᠯᠲᠠ ᠶᠢᠨ ᠢᠨᠵᠧᠨᠧᠷᠢᠩ ᠪᠣᠯᠤᠨ ᠥᠪᠡᠷᠲᠡᠭᠡᠨ ᠵᠠᠰᠠᠬᠤ ᠣᠷᠣᠨ ᠤ ᠵᠠᠭᠤᠨ ᠳ᠋ᠦᠩᠰᠢᠭᠤᠷ ᠵᠢᠩ ᠠᠮᠤ | ᠪᠤᠳᠠᠭ᠎ᠠ ᠶᠢᠨ ᠦᠢᠯᠡᠳᠪᠦᠷᠢᠯᠡᠯ ᠤᠨ ᠴᠢᠳᠠᠪᠤᠷᠢ ᠶᠢᠨ ᠲᠥᠯᠥᠪᠵᠢᠭᠦᠯᠭᠡ ᠶᠢ ᠬᠡᠷᠡᠭᠵᠢᠭᠦᠯᠬᠦ ᠵᠡᠷᠭᠡ ᠳᠤ ᠴᠥᠮ | ᠴᠢᠬᠤᠯᠠ ᠠᠴᠢ ᠬᠤᠯᠪᠣᠭᠳᠠᠯ ᠲᠠᠢ ᠶᠤᠮ᠃ |