ᠥᠪᠥᠷ ᠮᠣᠩᠭᠤᠯ 2016 ᠣᠨ ᠳᠤ ᠭᠤᠷᠪᠠᠳᠤᠭᠠᠷ ᠪᠦᠯᠦᠭ ᠡ᠊ᠩ ᠤᠨ ᠵᠢᠭᠡᠯᠡᠯᠭᠡ ᠶᠢᠨ ᠲᠡᠮᠳᠡᠭᠲᠦ ᠪᠠ ᠨᠢᠭᠡᠳᠦᠭᠡᠷ ᠪᠦᠯᠦᠭ ᠲᠤᠰᠬᠠᠶ ᠵᠢᠭᠡᠯᠡᠯᠭᠡ ᠶᠢᠨ ᠲᠡᠮᠳᠡᠭᠲᠦ ᠶᠢ 400.5 ᠳ᠋ᠦᠩᠰᠢᠭᠤᠷ ᠲᠥᠭᠦᠷᠢᠭ ᠲᠠᠷᠬᠠᠭᠠᠪᠠ
ᠨᠡᠶᠢᠲᠡᠯᠡᠭᠰᠡᠨ ᠴᠠᠭ᠄
2016/6/27
      6 ᠳ᠋ᠤᠭᠠᠷ ᠰᠠᠷ᠎ᠠ ᠶᠢᠨ 23᠎ ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠡᠷᠬᠡ ᠣᠯᠭᠤᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠡᠳ᠋ ᠤᠨ ᠵᠠᠰᠠᠭ ᠤᠨ ᠶᠠᠮᠤᠨ ᠤ ᠤᠯᠤᠰ ᠤᠨ ᠵᠢᠭᠡᠯᠡᠯᠭᠡ ᠶᠢᠨ ᠳᠠᠭᠠᠭᠠᠴᠢᠯᠠᠯᠲᠠ ᠵᠠᠷᠯᠠᠬᠤ ᠪᠠ ᠬᠦᠯᠢᠶᠡᠬᠦ ᠰᠢᠰᠲ᠋ᠧᠮ ᠢᠶᠠᠷ ᠳᠠᠮᠵᠢᠭᠤᠯᠤᠨ᠂ ᠤᠯᠤᠰ ᠤᠨ ᠥᠮᠴᠢᠯᠡᠯ ᠤᠨ ᠲᠦᠷᠪᠡᠨ ᠪᠠᠩᠬᠢ᠂ ᠵᠠᠮ ᠬᠠᠷᠢᠯᠴᠠᠭᠠᠨ ᠤ ᠪᠠᠩᠬᠢ ᠪᠣᠯᠤᠨ ᠰᠢᠩ ᠶᠧ ᠪᠠᠩᠬᠢ ᠪᠠᠷ ᠭᠤᠣᠯ ᠪᠣᠯᠭᠠᠭᠰᠠᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠳᠠᠭᠠᠭᠠᠨ ᠪᠣᠷᠣᠯᠠᠭᠤᠯᠬᠤ ᠪᠦᠯᠬᠦᠮ ᠤᠨ 20 ᠪᠦᠷᠢᠯᠳᠦᠬᠦᠨ ᠳᠤ ᠬᠠᠨᠳᠤᠭᠤᠯᠤᠨ᠂ 2016 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠭᠤᠷᠪᠠᠳᠤᠭᠠᠷ ᠪᠦᠯᠦᠭ ᠤᠨ ᠡ᠊ᠩ ᠤᠨ ᠵᠢᠭᠡᠯᠡᠯᠭᠡ ᠶᠢᠨ ᠲᠡᠮᠳᠡᠭᠲᠦ ᠬᠢᠭᠡᠳ ᠨᠢᠭᠡᠳᠦᠭᠡᠷ ᠪᠦᠯᠦᠭ ᠤᠨ ᠲᠤᠰᠬᠠᠶ ᠵᠢᠭᠡᠯᠡᠯᠭᠡ ᠶᠢᠨ ᠲᠡᠮᠳᠡᠭᠲᠦ ᠶᠢ ᠨᠡᠶᠢᠲᠡ 400.5 ᠳ᠋ᠦᠩᠰᠢᠭᠤᠷ ᠲᠥᠭᠦᠷᠢᠭ ᠢ ᠢᠯᠡ ᠪᠠᠷ ᠳᠠᠭᠠᠭᠠᠴᠢᠯᠠᠯᠲᠠ ᠵᠠᠷᠯᠠᠬᠤ ᠠᠷᠭ᠎ᠠ ᠪᠠᠷ ᠲᠠᠷᠬᠠᠭᠠᠭᠰᠠᠨ ᠪᠠᠶᠢᠨ᠎ᠠ᠃ ᠡᠭᠦᠨ ᠳᠤ᠂ 3 ᠵᠢᠯ ᠤᠨ ᠬᠤᠭᠤᠴᠠᠭ᠎ᠠ ᠲᠠᠢ ᠡᠩ ᠤᠨ ᠵᠢᠭᠡᠯᠡᠯᠭᠡ ᠶᠢᠨ ᠲᠡᠮᠳᠡᠭᠲᠦ ᠶᠢ 75.45 ᠳ᠋ᠦᠩᠰᠢᠭᠤᠷ ᠲᠥᠭᠦᠷᠢᠭ ᠲᠠᠷᠬᠠᠭᠠᠵᠤ᠂ 5 ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠲᠡᠮᠳᠡᠭᠲᠦ ᠶᠢ 75.45 ᠳ᠋ᠦᠩᠰᠢᠭᠤᠷ ᠲᠥᠭᠦᠷᠢᠭ ᠲᠠᠷᠬᠠᠭᠠᠵᠤ᠂ 7 ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠲᠡᠮᠳᠡᠭᠲᠦ ᠶᠢ 75.45 ᠳ᠋ᠦᠩᠰᠢᠭᠤᠷ ᠲᠥᠭᠦᠷᠢᠭ ᠲᠠᠷᠬᠠᠭᠠᠵᠤ᠂ 10 ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠲᠡᠮᠳᠡᠭᠲᠦ ᠶᠢ 25.15 ᠳ᠋ᠦᠩᠰᠢᠭᠤᠷ ᠲᠥᠭᠦᠷᠢᠭ ᠲᠠᠷᠬᠠᠭᠠᠪᠠ᠂ ᠳᠠᠭᠠᠭᠠᠴᠢᠯᠠᠯᠲᠠ ᠶᠢᠨ ᠬᠦᠦ ᠮᠥᠩᠭᠦ ᠶᠢᠨ ᠨᠤᠷᠮ᠎ᠠ ᠨᠢ ᠲᠤᠰ ᠲᠤᠰ 2.89%᠂ 3.06%᠂ 3.26%᠂ 3.30% ᠪᠠᠶᠢᠵᠤ︔ 3 ᠵᠢᠯ ᠤᠨ ᠬᠤᠭᠤᠴᠠᠭ᠎ᠠ ᠲᠠᠢ ᠲᠤᠰᠬᠠᠶ ᠵᠢᠭᠡᠯᠡᠯᠭᠡ ᠶᠢᠨ ᠲᠡᠮᠳᠡᠭᠲᠦ ᠶᠢ 34.14 ᠳ᠋ᠦᠩᠰᠢᠭᠤᠷ ᠲᠥᠭᠦᠷᠢᠭ ᠲᠠᠷᠬᠠᠭᠠᠵᠤ᠂ 5 ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠲᠡᠮᠳᠡᠭᠲᠦ ᠶᠢ 51.88 ᠳ᠋ᠦᠩᠰᠢᠭᠤᠷ ᠲᠥᠭᠦᠷᠢᠭ ᠲᠠᠷᠬᠠᠭᠠᠵᠤ᠂ 7 ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠲᠡᠮᠳᠡᠭᠲᠦ ᠶᠢ 51.64 ᠳ᠋ᠦᠩᠰᠢᠭᠤᠷ ᠲᠥᠭᠦᠷᠢᠭ ᠲᠠᠷᠬᠠᠭᠠᠵᠤ᠂ 10 ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠲᠡᠮᠳᠡᠭᠲᠦ ᠶᠢ 11.34 ᠳ᠋ᠦᠩᠰᠢᠭᠤᠷ ᠲᠥᠭᠦᠷᠢᠭ ᠲᠠᠷᠬᠠᠭᠠᠪᠠ᠂ ᠳᠠᠭᠠᠭᠠᠴᠢᠯᠠᠯᠲᠠ ᠶᠢᠨ ᠬᠦᠦ ᠮᠥᠩᠭᠦ ᠶᠢᠨ ᠨᠤᠷᠮ᠎ᠠ ᠨᠢ ᠲᠤᠰ ᠲᠤᠰ 2.89%᠂ 3.06%᠂ 3.26%᠂ 3.30% ᠪᠣᠯᠣᠨ᠎ᠠ᠃ ᠲᠠᠷᠬᠠᠭᠠᠵᠤ ᠳᠠᠭᠤᠰᠪᠠᠯ᠂ ᠮᠠᠨ ᠤ ᠣᠷᠣᠨ ᠤ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ ᠨᠢᠭᠡᠨᠲᠡ 1537.6 ᠳ᠋ᠦᠩᠰᠢᠭᠤᠷ ᠲᠥᠭᠦᠷᠢᠭ ᠲᠠᠷᠬᠠᠭᠠᠵᠤ᠂ ᠪᠦᠬᠦ ᠵᠢᠯ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠬᠡᠪᠴᠢᠶ᠎ᠡ ᠶᠢ 64.4%᠎ ᠪᠠᠷ ᠪᠡᠶᠡᠯᠡᠭᠦᠯᠬᠦ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号