| 2016 ᠣᠨ ᠤ ᠥᠪᠥᠷ ᠮᠣᠩᠭᠤᠯ ᠤᠨ ᠵᠢᠭᠤᠯᠴᠢᠯᠠᠯ ᠤᠨ ᠰᠣᠶᠣᠯ ᠤᠨ ᠠᠵᠤ ᠦᠢᠯᠡᠰ ︵ᠪᠡᠭᠡᠵᠢᠩ︶ ᠤᠨ | ᠪᠡᠯᠡ ᠣᠷᠣᠭᠤᠯᠤᠯᠲᠠ ᠶᠢᠨ ᠵᠦᠪᠳᠡᠯᠴᠡᠬᠦ ᠬᠤᠷᠠᠯ ᠤᠨ ᠠᠬᠤᠢ ᠲᠠᠯᠠᠪᠠᠢ | ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ | ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠩᠭᠤ ᠶᠢᠨ ᠳᠡᠳ᠋ ᠡᠷᠬᠢᠯᠡᠭᠴᠢ ᠵᠠᠩ ᠯᠸᠢ ᠥᠪᠥᠷ | ᠮᠣᠩᠭᠤᠯ ᠤᠨ ᠪᠡᠯᠡ ᠣᠷᠣᠭᠤᠯᠤᠯᠲᠠ ᠶᠢᠨ ᠣᠷᠴᠢᠨ ᠲᠣᠭᠤᠷᠢᠨ᠂ ᠲᠦᠷᠦ ᠶᠢᠨ ᠪᠤᠳᠤᠯᠭ᠎ᠠ ᠶᠢᠨ ᠳᠠᠪᠠᠭᠤᠯᠢᠭ ᠪᠠ | ᠭᠤᠣᠯᠳᠠᠯᠭ᠎ᠠ ᠲᠠᠢ ᠬᠦᠭᠵᠢᠭᠦᠯᠬᠦ ᠠᠵᠤ ᠦᠢᠯᠡᠰ ᠢ ᠲᠠᠨᠢᠯᠴᠠᠭᠤᠯᠤᠨ᠂ ᠥᠪᠡᠷᠲᠡᠭᠡᠨ ᠵᠠᠰᠠᠬᠤ ᠣᠷᠣᠨ ᠤ | ᠵᠢᠭᠤᠯᠴᠢᠯᠠᠯ ᠤᠨ ᠲᠣᠪᠴᠢᠶ᠎ᠠ ᠶᠢᠨ ᠲᠣᠭᠤᠷᠢᠨ ᠪᠠᠶᠢᠴᠠᠭᠠᠭᠴᠢ ᠪᠠᠢ ᠸᠧᠢ ᠠᠴᠠ ᠥᠪᠥᠷ ᠮᠣᠩᠭᠤᠯ ᠤᠨ ᠵᠢᠭᠤᠯᠴᠢᠯᠠᠯ | ᠤᠨ ᠰᠣᠶᠣᠯ ᠤᠨ ᠠᠵᠤ ᠦᠢᠯᠡᠰ ᠤᠨ ᠬᠥᠭᠵᠢᠯᠲᠡ ᠶᠢᠨ ᠲᠦᠢᠮᠣ ᠪᠠᠶᠢᠳᠠᠯ ᠢ ᠲᠠᠨᠢᠯᠴᠠᠭᠤᠯᠵᠤ᠂ ᠪᠡᠭᠡᠵᠢᠩ | ᠬᠤᠲᠠ ᠶᠢᠨ ᠵᠢᠭᠤᠯᠴᠢᠯᠠᠯ ᠤᠨ ᠬᠥᠭᠵᠢᠯᠲᠡ ᠶᠢᠨ ᠵᠦᠪᠯᠡᠯ ᠤᠨ ᠭᠡᠰᠢᠭᠦᠨ ᠽᠸᠦ ᠸᠧᠶ ᠨᠠᠨ ᠠᠴᠠ ᠪᠡᠭᠡᠵᠢᠩ ᠪᠠ | ᠥᠪᠥᠷ ᠮᠣᠩᠭᠤᠯ ᠤᠨ ᠵᠢᠭᠤᠯᠴᠢᠯᠠᠯ ᠤᠨ ᠰᠣᠶᠣᠯ ᠤᠨ ᠠᠵᠤ ᠦᠢᠯᠡᠰ ᠤᠨ ᠬᠠᠮᠲᠤᠷᠠᠯᠴᠠᠭᠠᠨ ᠤ ᠪᠠᠶᠢᠳᠠᠯ ᠢ | ᠲᠠᠨᠢᠯᠴᠠᠭᠤᠯᠪᠠ᠃ ᠬᠥᠯᠥᠨ ᠪᠤᠶᠢᠷ ᠬᠤᠳᠠ ᠶᠢᠨ ᠳᠡᠳ᠋ ᠳᠠᠷᠤᠭ᠎ᠠ ᠨᠢᠤ ᠵᠧᠨ ᠱᠧᠩ᠂ ᠰᠢᠯᠢ ᠶᠢᠨ ᠭᠤᠣᠯ | ᠠᠶᠢᠮᠠᠭ ᠤᠨ ᠳᠡᠳ᠋ ᠳᠠᠷᠤᠭ᠎ᠠ ᠵᠠᠩ ᠵᠥᠩ ᠶᠣᠣ᠂ ᠠᠯᠠᠱᠠ ᠠᠶᠢᠮᠠᠭ ᠤᠨ ᠵᠢᠭᠤᠯᠴᠢᠯᠠᠯ ᠤᠨ ᠲᠣᠪᠴᠢᠶ᠎ᠠ ᠶᠢᠨ ᠳᠠᠷᠤᠭ᠎ᠠ | ᠯᠢᠦ ᠴᠦᠩ ᠰᠢᠶᠤᠤ ᠨᠠᠷ ᠭᠤᠷᠪᠠᠨ ᠠᠶᠢᠮᠠᠭ ᠬᠤᠳ᠋ᠨ ᠶᠢᠨ ᠵᠢᠭᠤᠯᠴᠢᠯᠠᠯ ᠤᠨ ᠰᠣᠶᠣᠯ ᠤᠨ ᠠᠵᠤ ᠦᠢᠯᠡᠰ ᠤᠨ | ᠬᠥᠭᠵᠢᠯᠲᠡ ᠶᠢᠨ ᠪᠠᠶᠢᠳᠠᠯ ᠢ ᠲᠤᠰ ᠲᠤᠰ ᠲᠠᠨᠢᠯᠴᠠᠭᠤᠯᠤᠭᠰᠠᠨ ᠪᠦᠭᠡᠳ ᠭᠤᠣᠯᠳᠠᠯᠭᠠᠲᠤ ᠬᠤᠳᠠᠯᠳᠤᠭᠠᠴᠢᠨ ᠤᠷᠢᠬᠤ | ᠲᠦᠷᠦᠯ ᠵᠦᠢᠯ ᠢ ᠲᠠᠨᠢᠯᠴᠠᠭᠤᠯᠪᠠ᠃ ᠬᠥᠯᠥᠨ ᠪᠤᠶᠢᠷ ᠤᠨ ᠮᠣᠩᠭᠤᠯ ᠦᠨᠳᠦᠰᠦᠲᠡᠨ ᠤ ᠡᠬᠢ ᠰᠣᠶᠣᠯ ᠤᠨ | ᠵᠢᠭᠤᠯᠴᠢᠯᠠᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠠᠵᠢᠨᠠᠢ ᠬᠦᠯᠦᠭ ᠰᠣᠶᠣᠯ ᠤᠨ ᠬᠥᠭᠵᠢᠯᠲᠡ ᠶᠢᠨ | ᠬᠢᠵᠠᠭᠠᠷᠲᠤ ᠺᠣᠮᠫᠠᠨᠢ ᠵᠡᠷᠭᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠨᠠᠷ ᠲᠠᠨᠢᠯᠴᠠᠭᠤᠯᠭ᠎ᠠ ᠬᠢᠪᠡ᠃ | ᠲᠠᠨᠢᠯᠴᠠᠭᠤᠯᠭ᠎ᠠ ᠳᠠᠭᠤᠰᠤᠭᠰᠠᠨ ᠤ ᠲᠠᠷᠠᠭ᠎ᠠ᠂ ︽ᠥᠪᠥᠷ ᠮᠣᠩᠭᠤᠯ ᠤᠨ ᠵᠢᠭᠤᠯᠴᠢᠯᠠᠯ ᠤᠨ ᠰᠣᠶᠣᠯ ᠤᠨ ᠠᠵᠤ | ᠦᠢᠯᠡᠰ ᠲᠤ ᠪᠡᠯᠡ ᠤᠷᠤᠭᠤᠯᠬᠤ ᠲᠤᠰᠬᠠᠶ ᠮᠡᠷᠭᠡᠵᠢᠯᠲᠡᠨ ᠤ ᠶᠠᠷᠢᠶᠠᠨ ᠤ ᠲᠠᠪᠴᠠᠩ︾ ᠢ ᠡᠷᠬᠢᠯᠡᠭᠰᠡᠨ ᠪᠦᠭᠡᠳ | ᠲᠥᠷᠥᠯ ᠵᠦᠢᠯ ᠤᠨ ᠬᠠᠮᠲᠤᠷᠠᠯᠴᠠᠭᠠᠨ ᠤ ᠵᠦᠪᠳᠡᠯᠴᠡᠭᠡᠷ ᠬᠢᠪᠡ᠃ | ᠣᠶᠢᠯᠠᠭᠠᠭᠰᠠᠨ ᠢᠶᠠᠷ᠂ 2015 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠦᠬᠦ | ᠣᠷᠣᠨ ᠤ ᠬᠦᠯᠢᠶᠡᠨ ᠠᠪᠤᠭᠰᠠᠨ ᠵᠢᠭᠤᠯᠴᠢᠯᠠᠭᠴᠢᠳ 8512.6 ᠲᠦᠮᠡᠨ ᠬᠥᠮᠦᠨ ᠤᠳᠠᠭ᠎ᠠ ᠳᠤ ᠬᠦᠷᠴᠦ᠂ | ᠦᠩᠭᠡᠷᠡᠭᠰᠡᠨ ᠵᠢᠯ ᠤᠨ ᠠᠳᠠᠯᠢ ᠬᠤᠭᠤᠴᠠᠭᠠᠨ ᠤ ᠬᠢ ᠠᠴᠠ 12.29% ᠨᠡᠮᠡᠭᠳᠡᠪᠡ︔ A ᠳᠡᠰ ᠤᠨ | ᠵᠢᠭᠤᠯᠴᠢᠯᠠᠯ ᠤᠨ ᠦᠵᠡᠮᠵᠢᠲᠦ ᠣᠷᠣᠨ 318 ᠪᠠᠶᠢᠨ᠎ᠠ︔ ᠣᠳᠣᠨ ᠲᠡᠰ ᠤᠨ ᠬᠥᠳᠡᠭᠡ ᠲᠣᠰᠬᠤᠨ ︵ᠮᠠᠯᠵᠢᠬᠤ | ᠣᠷᠣᠨ︶ ᠤ ᠭᠡᠷ ᠪᠦᠯᠢ ᠶᠢᠨ ᠵᠢᠭᠤᠯᠴᠢᠯᠠᠭᠴᠢᠳ ᠢ ᠵᠣᠴᠢᠯᠠᠬᠤ ᠡᠷᠦᠬᠡ 462 ᠪᠠᠶᠢᠨ᠎ᠠ︔ ᠤᠳᠦᠠ ᠲᠡᠰ ᠤᠨ | ᠵᠣᠴᠢᠳ ᠪᠠᠭᠤᠳᠠᠯ 322 ᠪᠠᠶᠢᠨ᠎ᠠ︔ ᠵᠢᠭᠤᠯᠴᠢᠯᠠᠯ ᠤᠨ ᠦᠢᠯᠡᠴᠢᠯᠡᠭᠡᠨ ᠤ ᠭᠠᠵᠠᠷ 956 ᠪᠠᠶᠢᠨ᠎ᠠ︔ | ᠵᠢᠭᠤᠯᠴᠢᠯᠠᠯ ᠤᠨ ᠲᠠᠸᠠᠷ ᠪᠣᠷᠣᠯᠠᠭᠤᠯᠬᠤ ᠠᠵᠤ ᠠᠬᠤᠶᠢᠯᠠᠯ 402 ᠪᠠᠶᠢᠨ᠎ᠠ︔ ᠵᠢᠭᠤᠯᠴᠢᠯᠠᠯ ᠤᠨ ᠲᠡᠭᠡᠭᠡᠪᠦᠷᠢ ᠶᠢᠨ | ᠠᠵᠤ ᠠᠬᠤᠶᠢᠯᠠᠯ 35 ᠪᠠᠶᠢᠨ᠎ᠠ᠃ | 2015 ᠣᠨ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠭᠤᠷᠪᠠᠨ ᠵᠢᠯ ᠤᠨ | ᠬᠤᠭᠤᠴᠠᠭᠠᠨ ᠳᠤ ᠨᠡᠷᠡᠲᠦ ᠲᠡᠮᠳᠡᠭᠲᠦ ᠵᠢᠭᠤᠯᠴᠢᠯᠠᠯ ᠤᠨ ᠦᠵᠡᠮᠵᠢᠲᠦ ᠣᠷᠣᠨ ᠢ ᠪᠦᠲᠦᠭᠡᠨ ᠪᠠᠶᠢᠭᠤᠯᠬᠤ | ᠲᠦᠯᠦᠪᠯᠡᠭᠡ ᠶᠢ ᠳᠤᠷᠠᠳᠴᠤ᠂ ᠬᠥᠬᠡᠬᠤᠲᠠ ᠶᠢᠨ ᠵᠣᠣ ᠵᠢᠶᠦ᠋ᠨ ᠮᠦᠽᠧᠶ᠂ ᠪᠤᠭᠤᠲᠤ ᠶᠢᠨ ᠪᠠᠳᠺᠠᠷ ᠰᠦᠮ᠎ᠡ ᠶᠢᠨ | ᠵᠢᠭᠤᠯᠴᠢᠯᠠᠯ ᠤᠨ ᠣᠷᠣᠨ᠂ ᠬᠦᠯᠦᠨ ᠪᠣᠶᠢᠷ ᠬᠤᠲᠠ ᠶᠢᠨ ᠬᠥᠯᠥᠨ ᠪᠤᠶᠢᠷ ᠲᠠᠯ᠎ᠠ ᠨᠤᠲᠤᠭ ᠤᠨ ᠤᠯᠤᠰ ᠤᠨ | ᠴᠡᠴᠡᠷᠯᠢᠭ᠂ ᠬᠢᠩᠭᠠᠨ ᠠᠶᠢᠮᠠᠭ ᠤᠨ ᠷᠠᠰᠢᠶᠠᠨ ᠬᠤᠲᠠ ᠶᠢᠨ ᠤᠯᠠᠨ ᠤᠯᠤᠰ ᠤᠨ ᠪᠡᠶ᠎ᠡ ᠰᠤᠪᠢᠯᠠᠬᠤ ᠠᠮᠠᠷᠠᠯᠲᠠ ᠶᠢᠨ | ᠵᠢᠭᠤᠯᠴᠢᠯᠠᠯ ᠤᠨ ᠣᠷᠣᠨ᠂ ᠲᠦᠩᠯᠢᠶᠣᠤ ᠬᠤᠲᠠ ᠶᠢᠨ ᠠᠮᠤᠷᠯᠢᠩᠭᠤᠢ ᠬᠠᠲᠤᠨ ᠤ ᠬᠦᠷᠢᠶᠡᠯᠡᠩ ᠤᠨ ᠰᠣᠶᠣᠯ | ᠵᠢᠭᠤᠯᠴᠢᠯᠠᠯ ᠤᠨ ᠣᠷᠣᠨ᠂ ᠤᠯᠠᠭᠠᠨᠬᠠᠳᠠ ᠬᠤᠲᠠ ᠶᠢᠨ ᠬᠡᠰᠢᠭᠲᠡᠨ ᠤ ᠵᠢᠭᠤᠯᠴᠢᠯᠠᠯ ᠤᠨ ᠣᠷᠣᠨ᠂ ᠰᠢᠯᠢ ᠶᠢᠨ | ᠭᠤᠣᠯ ᠠᠶᠢᠮᠠᠭ ᠤᠨ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢᠨ ᠵᠢᠭᠤᠯᠴᠢᠯᠠᠯ ᠤᠨ ᠣᠷᠣᠨ᠂ ᠤᠯᠠᠭᠠᠨᠴᠠᠪ | ᠬᠤᠲᠠ ᠶᠢᠨ ᠯᠢᠶᠠᠩᠴᠧᠩ ᠤᠨ ᠳᠠᠭ᠎ᠠ ᠨᠠᠭᠤᠷ ᠤᠨ ᠵᠢᠭᠤᠯᠴᠢᠯᠠᠯ ᠤᠨ ᠣᠷᠣᠨ᠂ ᠤᠷᠳᠤᠰ ᠬᠤᠳᠠ ᠶᠢᠨ ᠪᠦᠷᠢᠶ᠎ᠡ | ᠮᠠᠩᠬ᠎ᠠ ᠶᠢᠨ ᠰᠡᠯᠡᠭᠦᠴᠡᠨ ᠠᠮᠠᠷᠠᠬᠤ ᠵᠢᠭᠤᠯᠴᠢᠯᠠᠯ ᠤᠨ ᠤᠷᠤᠨ᠂ ᠪᠠᠶᠠᠨᠨᠠᠭᠤᠷ ᠬᠤᠲᠠ ᠶᠢᠨ ᠬᠠᠲᠤᠨ ᠭᠤᠣᠯ ᠤᠨ | ᠪᠣᠷᠣᠲᠣᠬᠤᠶ ᠶᠢᠨ ᠰᠣᠶᠣᠯ ᠵᠢᠭᠤᠯᠴᠢᠯᠠᠯ ᠤᠨ ᠣᠷᠣᠨ᠂ ᠦᠬᠠᠶ ᠬᠤᠳᠠ ᠶᠢᠨ ᠦᠬᠠᠶ ᠨᠠᠭᠤᠷ ᠤᠨ ᠰᠡᠯᠡᠭᠦᠴᠡᠨ | ᠠᠮᠠᠷᠠᠬᠤ ᠵᠢᠭᠤᠯᠴᠢᠯᠠᠯ ᠤᠨ ᠤᠷᠤᠨ᠂ ᠠᠯᠠᠱᠠ ᠠᠶᠢᠮᠠᠭ ᠤᠨ ᠡᠵᠡᠨ᠎ᠡ ᠶᠢᠨ ᠲᠣᠣᠷᠠᠶ ᠤᠯᠢᠶᠠᠰᠤ ᠶᠢᠨ ᠵᠢᠭᠤᠯᠴᠢᠯᠠᠯ ᠤᠨ | ᠣᠷᠣᠨ᠂ ᠮᠠᠨᠵᠤᠤᠷ ᠬᠤᠲᠠ ᠶᠢᠨ ᠳᠤᠮᠳᠠᠳᠤ ᠣᠷᠣᠰ ᠤᠨ ᠬᠢᠯᠢ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ᠂ | ᠡᠷᠢᠶᠡᠨ ᠬᠤᠳᠠ ᠶᠢᠨ ᠤᠯᠠᠨ ᠤᠯᠤᠰ ᠤᠨ ᠴᠠᠢ ᠶᠢᠨ ᠵᠠᠮ ᠤᠨ ᠥᠷᠲᠡᠭᠡ ᠶᠢᠨ ᠰᠣᠶᠣᠯ ᠵᠢᠭᠤᠯᠴᠢᠯᠠᠯ ᠤᠨ ᠣᠷᠣᠨ᠂ | ᠷᠠᠰᠢᠶᠠᠨ — ᠴᠠᠶ ᠾᠧ ᠭᠤᠣᠯ ᠤᠨ ᠵᠢᠭᠤᠯᠴᠢᠯᠠᠯ ᠤᠨ ᠣᠷᠣᠨ ᠵᠡᠷᠭᠡ 15 ᠨᠡᠷᠡᠲᠦ ᠲᠡᠮᠳᠡᠭᠲᠦ ᠵᠢᠭᠤᠯᠴᠢᠯᠠᠯ ᠤᠨ | ᠦᠵᠡᠮᠵᠢᠲᠦ ᠣᠷᠣᠨ ᠵᠢᠴᠢ ᠬᠡᠰᠡᠭ ᠪᠦᠯᠦᠭ ᠰᠣᠳᠣᠨ ᠵᠢᠭᠤᠯᠴᠢᠯᠠᠯ ᠤᠨ ᠦᠵᠡᠮᠵᠢᠲᠦ ᠣᠷᠣᠨ ᠢ ᠪᠠᠶᠢᠭᠤᠯᠬᠤ ᠪᠠᠷ | ᠲᠣᠭᠲᠠᠭᠠᠪᠠ᠃ ᠨᠡᠷᠡᠲᠦ ᠲᠡᠮᠳᠡᠭᠲᠦ ᠵᠢᠭᠤᠯᠴᠢᠯᠠᠯ ᠤᠨ ᠦᠵᠡᠮᠵᠢᠲᠦ ᠣᠷᠣᠨ ᠢ ᠡᠭᠦᠳᠦᠨ ᠪᠠᠶᠢᠭᠤᠯᠬᠤ ᠨᠢ | ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ ᠬᠥᠲᠥᠯᠥᠨ ᠳᠠᠭᠠᠭᠤᠯᠵᠤ᠂ ᠦᠢᠯᠡᠴᠢᠯᠡᠭᠡᠨ ᠤ ᠦᠢᠯᠡᠰ ᠤᠨ | ᠨᠡᠮᠡᠭᠳᠡᠯ ᠢ ᠳᠠᠶᠢᠴᠢᠯᠠᠨ᠂ ᠥᠪᠥᠷ ᠮᠣᠩᠭᠤᠯ ᠤᠨ ᠵᠢᠭᠤᠯᠴᠢᠯᠠᠯ ᠢ ᠲᠦᠯᠦᠭᠡᠯᠡᠬᠦ ᠰᠢᠨ᠎ᠡ ᠳᠦᠷᠢ ᠲᠥᠷᠬᠦ ᠂ ᠰᠢᠨ᠎ᠡ | ᠭᠢᠯᠠᠰ ᠴᠢᠭ᠋ ᠪᠣᠯᠵᠤ᠂ ᠪᠦᠬᠦ ᠣᠷᠣᠨ ᠤ ᠵᠢᠭᠤᠯᠴᠢᠯᠠᠯ ᠤᠨ ᠦᠵᠡᠮᠵᠢᠲᠦ ᠣᠷᠣᠨ ᠤ ᠬᠦᠭᠵᠢᠯᠲᠡ ᠶᠢ ᠳᠠᠶᠢᠴᠢᠯᠠᠬᠤ | ᠪᠣᠯᠤᠨ᠎ᠠ᠃ |