ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠵᠤ ᠠᠳᠠᠯ ᠦᠢᠯᠡᠰ ᠴᠤᠭᠴᠠᠯᠠᠬᠤ ᠡᠭᠦᠯᠡᠨ ᠪᠣᠳᠣᠯᠲᠠ ᠶᠢᠨ ᠦᠢᠯᠡᠴᠢᠯᠡᠭᠡᠨ ᠤ ᠰᠣᠯᠢᠯᠴᠠᠭ᠎ᠠ ᠶᠢᠨ ᠶᠡᠭᠡ ᠬᠤᠷᠠᠯ ᠠᠮᠵᠢᠯᠲᠠ ᠲᠠᠢ ᠡᠷᠬᠢᠯᠡᠪᠡ
ᠨᠡᠶᠢᠲᠡᠯᠡᠭᠰᠡᠨ ᠴᠠᠭ᠄
2016/6/28
     6 ᠳ᠋ᠤᠭᠠᠷ ᠰᠠᠷ᠎ᠠ ᠶᠢᠨ 18᠎ ᠤ ᠡᠳᠦᠷ᠂ ᠪᠦᠬᠦ ᠣᠷᠣᠨ ᠤ ︽ᠠᠳᠠᠯ ᠦᠢᠯᠡᠰ ᠴᠣᠭᠴᠠᠯᠠᠬᠤ ᠥᠪᠥᠷ ᠮᠣᠩᠭᠤᠯ ᠤᠨ ᠠᠵᠢᠯᠯᠠᠭ᠎ᠠ ᠶᠢᠨ ᠦᠢᠯᠡᠴᠢᠯᠡᠭᠡᠨ ᠤ ᠰᠠᠷ᠎ᠠ︾ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠵᠤ ᠠᠳᠠᠯ ᠦᠢᠯᠡᠰ ᠴᠤᠭᠴᠠᠯᠠᠬᠤ ᠡᠭᠦᠯᠡᠨ ᠪᠣᠳᠣᠯᠲᠠ ᠶᠢᠨ ᠦᠢᠯᠡᠴᠢᠯᠡᠭᠡᠨ ᠤ ᠰᠣᠯᠢᠯᠴᠠᠭᠠᠨ ᠤ ᠶᠡᠭᠡ ᠬᠤᠷᠠᠯ ᠡᠬᠢᠯᠡᠪᠡ᠂ ᠶᠡᠭᠡ ᠬᠤᠷᠠᠯ ᠨᠢ ︽ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ᠂ ᠴᠢᠳᠠᠪᠤᠷᠢᠲᠠᠨ ᠤ ᠬᠦᠭᠵᠢᠯᠲᠡ ᠪᠠᠷ ᠲᠤᠯᠭᠠᠭᠤᠷᠢᠯᠠᠬᠤ︾᠎ ᠪᠠᠷ ᠭᠤᠣᠯ ᠰᠡᠳᠦᠪ ᠪᠣᠯᠭᠠᠵᠤ᠂ ᠨᠡᠶᠢᠲᠡ 14 ᠠᠶᠢᠮᠠᠭ ᠬᠤᠳᠠ᠂ 639 ᠨᠢᠭᠡᠴᠡ ᠢᠯᠡ ᠪᠠᠷ ᠤᠷᠢᠬᠤ ᠳᠤ ᠤᠷᠤᠯᠴᠠᠵᠤ᠂ 12509ᠠᠵᠢᠯ ᠤᠨ ᠪᠠᠶᠢᠷᠢ ᠬᠠᠩᠭᠠᠪᠠ᠃ ᠮᠠᠨ ᠤ ᠬᠤᠲᠠ ᠬᠤᠪᠢᠶᠠᠷᠢ ᠬᠤᠷᠠᠯ ᠤᠨ ᠲᠠᠯᠠᠪᠠᠢ ᠪᠣᠯᠤᠭᠰᠠᠨ ᠤ ᠬᠤᠪᠢ ᠳᠤ᠂ ᠲᠤᠰ ᠤᠳᠠᠭᠠᠨ ᠤ ᠠᠵᠢᠯᠯᠠᠭ᠎ᠠ ᠶᠢ ᠬᠥᠮᠦᠨ ᠤ ᠬᠦᠴᠦᠨ ᠤ ᠡᠬᠢ ᠪᠠᠶᠠᠯᠢᠭ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠶᠡᠭᠡ ᠲᠢᠩᠬᠢᠮ ᠳᠤ ᠵᠡᠷᠭᠡ ᠪᠠᠷ ᠶᠠᠪᠤᠭᠤᠯᠵᠠᠢ᠃      ᠤᠷᠢᠵᠤ ᠡᠯᠰᠡᠬᠦ ᠬᠤᠷᠠᠯ ᠨᠢ ᠲᠤᠬᠠᠶ ᠶᠢᠨ ᠲᠠᠯᠠᠪᠤᠷ ᠤᠨ ᠤᠷᠢᠵᠤ ᠡᠯᠰᠡᠬᠦ ᠪᠠ ᠰᠦᠯᠵᠢᠶᠡᠨ ᠳᠡᠭᠡᠷ᠎ᠡ ᠤᠷᠢᠨ ᠡᠯᠰᠡᠬᠦ ᠶᠢ ᠬᠤᠤᠰᠯᠠᠭᠤᠯᠬᠤ ᠠᠷᠭ᠎ᠠ ᠮᠠᠶ᠋ᠢᠭ ᠢ ᠠᠪᠴᠤ᠂ ᠠᠵᠢᠯ ᠡᠷᠢᠭᠴᠢᠳ ᠲᠤᠬᠠᠶ ᠶᠢᠨ ᠲᠠᠯᠠᠪᠤᠷ ᠲᠤ ᠠᠵᠢᠯ ᠤᠨ ᠪᠠᠶᠢᠷᠢ ᠶᠢ ᠯᠠᠪᠯᠠᠨ ᠠᠰᠠᠭᠤᠵᠤ ᠪᠤᠯᠬᠤ ᠮᠦᠷᠲᠡᠭᠡᠨ ᠪᠠᠰᠠ ᠰᠦᠯᠵᠢᠶᠡᠨ ᠤ ᠲᠠᠪᠴᠠᠩ ᠢᠶᠠᠷ ᠳᠠᠮᠵᠢᠭᠤᠯᠤᠨ ᠦᠪᠡᠷ ᠤᠨ ᠮᠡᠳᠡᠭᠡ ᠵᠠᠩᠭᠢ ᠶᠢ ᠣᠷᠣᠭᠤᠯᠬᠤ ᠵᠢᠴᠢ ᠲᠤᠰᠬᠠᠶ ᠮᠡᠷᠭᠡᠵᠢᠯ ᠢᠶᠠᠷ ᠢᠶᠠᠨ ᠪᠡᠶ᠎ᠡ ᠳᠡᠭᠡᠨ ᠳᠣᠭᠢᠷᠠᠬᠤ ᠠᠵᠢᠯ ᠤᠨ ᠪᠠᠶᠢᠷᠢ ᠡᠷᠢᠵᠦ ᠪᠤᠯᠤᠨ᠎ᠠ᠃ ᠡᠨᠡ ᠤᠳᠠᠭᠠᠨ ᠤ ᠶᠡᠭᠡ ᠬᠤᠷᠠᠯ ᠤᠨ ᠮᠠᠨᠵᠤᠤᠷ ᠲᠠᠬᠢ ᠬᠤᠪᠢᠶᠠᠷᠢ ᠲᠠᠯᠠᠪᠠᠢ ᠳᠤ 34 ᠠᠵᠢᠯ ᠤᠨ ᠪᠠᠶᠢᠷᠢ ᠭᠠᠷᠭᠠᠵᠠᠢ᠂ ᠡᠭᠦᠨ ᠳᠤ10 ᠬᠦᠮᠦᠨ ᠢ ᠲᠤᠬᠠᠶ ᠶᠢᠨ ᠲᠠᠯᠠᠪᠤᠷ ᠲᠤ ᠤᠷᠢᠵᠤ᠂ ᠰᠦᠯᠵᠢᠶᠡᠨ ᠳᠡᠭᠡᠷ᠎ᠡ 24 ᠬᠦᠮᠦᠨ ᠢ ᠤᠷᠢᠵᠤ ᠡᠯᠰᠡᠨ᠎ᠡ᠃      ᠣᠶᠢᠯᠠᠭᠠᠭᠰᠠᠨ ᠢᠶᠠᠷ᠂ ᠡᠨᠡ ᠤᠳᠠᠭᠠᠨ ᠤ ᠰᠣᠯᠢᠯᠴᠠᠭᠠᠨ ᠤ ᠶᠡᠭᠡ ᠬᠤᠷᠠᠯ ᠤᠨ ᠭᠤᠤᠯ ᠲᠠᠯᠠᠪᠠᠢ ᠶᠢ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠳᠤ ᠪᠠᠶᠢᠭᠤᠯᠵᠤ᠂ ᠡᠯ᠎ᠡ ᠠᠶᠢᠮᠠᠭ ᠬᠤᠳᠠ ᠳᠤ ᠬᠤᠪᠢᠶᠠᠷᠢ ᠲᠠᠯᠠᠪᠠᠢ ᠭᠠᠷᠭᠠᠵᠤ᠂ ᠭᠤᠤᠯᠳᠠᠭᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠪᠠ ᠬᠥᠮᠦᠨ ᠬᠡᠷᠡᠭᠯᠡᠬᠦ ᠨᠢᠭᠡᠴᠡ ᠳᠤ ᠤᠷᠢᠵᠤ ᠡᠯᠰᠡᠬᠦ ᠵᠦᠪᠳᠡᠯᠴᠡᠭᠡᠨ ᠲᠠᠪᠴᠠᠩ ᠪᠠᠶᠢᠭᠤᠯᠵᠤ ᠦᠭᠭᠦᠭᠰᠡᠨ ᠪᠠᠶᠢᠨ᠎ᠠ᠃ ᠶᠡᠭᠡ ᠬᠤᠷᠠᠯ ᠨᠢ ︽ᠢᠨᠲ᠋ᠧᠷ ᠰᠦᠯᠵᠢᠶ᠎ᠡ +︾᠎ ᠶᠢ ᠡᠮᠬᠢᠯᠡᠨ ᠨᠡᠶᠢᠯᠡᠭᠦᠯᠦᠭᠡᠳ ᠰᠦᠯᠵᠢᠶ᠎ᠡ ᠪᠠᠷ ᠤᠷᠢᠬᠤ ᠠᠵᠢᠯᠯᠠᠭ᠎ᠠ ᠶᠠᠪᠤᠭᠤᠯᠵᠤ᠂ ᠮᠡᠳᠡᠭᠡ ᠵᠠᠩᠭᠢ ᠶᠢ ᠥᠪᠥᠷ ᠮᠣᠩᠭᠤᠯ ᠤᠨ ᠴᠢᠳᠠᠪᠤᠷᠢᠲᠠᠨ ᠤ ᠰᠦᠯᠵᠢᠶ᠎ᠡ᠂ ᠥᠪᠥᠷ ᠮᠣᠩᠭᠤᠯ ᠤᠨ ᠬᠥᠳᠡᠯᠮᠦᠷᠢ ᠦᠢᠯᠡᠴᠢᠯᠡᠭᠡ ᠶᠢᠨ ᠰᠦᠯᠵᠢᠶ᠎ᠡ ᠬᠢᠭᠡᠳ ᠡᠯ᠎ᠡ ᠠᠶᠢᠮᠠᠭ ᠬᠤᠳᠠ ᠶᠢᠨ ᠤᠷᠢᠵᠤ ᠡᠯᠰᠡᠬᠦ ᠰᠦᠯᠵᠢᠶ᠎ᠡ ᠲᠠᠢ ᠣᠷᠭᠠᠨᠢᠭ ᠢᠶᠠᠷ ᠵᠠᠯᠭᠠᠵᠤ᠂ ᠵᠡᠷᠭᠡ ᠲᠤᠨᠢ ᠨᠡᠶᠢᠲᠡᠯᠡᠨ᠂ ᠰᠦᠯᠵᠢᠶᠡᠨ ᠳᠡᠭᠡᠷ᠎ᠡ ᠰᠦᠯᠵᠢᠶᠡᠨ ᠳᠣᠣᠷ᠎ᠠ᠂ ᠲᠠᠯᠠᠪᠤᠷ ᠤᠨ ᠳᠤᠲᠤᠷ᠎ᠠ ᠲᠠᠯᠠᠪᠤᠷ ᠤᠨ ᠭᠠᠳᠠᠨ᠎ᠠ᠂ ᠣᠷᠣᠨ ᠤ ᠳᠣᠲᠣᠷᠠᠬᠢ ᠣᠷᠣᠨ ᠤ ᠭᠠᠳᠠᠨᠠᠬᠢ ᠮᠡᠳᠡᠭᠡ ᠵᠠᠩᠭᠢ ᠶᠢ ᠴᠠᠭ ᠲᠤᠬᠠᠶ ᠳᠤᠨᠢ ᠰᠤᠯᠢᠯᠴᠠᠨ ᠦᠢᠯᠡᠳᠦᠯᠴᠡᠬᠦ ᠶᠢ ᠪᠡᠶᠡᠯᠡᠭᠦᠯᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ︽ᠨᠢᠭᠡ ᠥᠷᠲᠡᠭᠡᠨ ᠤ ᠮᠠᠶ᠋ᠢᠭ︾᠎ ᠤᠨ ᠮᠡᠳᠡᠭᠡ ᠵᠠᠩᠭᠢᠴᠢᠯᠠᠭᠰᠠᠨ ᠠᠵᠢᠯ ᠣᠯᠵᠤ ᠠᠳᠠᠯ ᠦᠢᠯᠡᠰ ᠴᠤᠭᠴᠠᠯᠠᠬᠤ ᠦᠢᠯᠡᠴᠢᠯᠡᠭᠡ ᠬᠠᠩᠭᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号