ᠶᠢᠰᠤᠳᠤᠭᠡᠷ ᠬᠤᠭᠤᠴᠠᠭᠠᠨ ᠤ ᠦᠪᠡᠷᠳᠡᠬᠡᠨ ᠵᠠᠰᠠᠬᠤ ᠤᠷᠤᠨ ᠤ ᠠᠷᠪᠠᠨ ᠬᠤᠶᠠᠳᠤᠭᠠᠷ ᠡᠬᠡᠯᠵᠢ ᠶᠢᠨ ᠲᠤᠭᠤᠷᠢᠨ ᠪᠠᠶᠢᠴᠠᠭᠠᠬᠤ ᠠᠵᠢᠯ ᠤᠨ ᠲᠠᠶᠢᠴᠢᠯᠠᠯᠳᠠ ᠪᠠᠶᠢᠷᠢᠯᠠᠭᠤᠯᠤᠯᠳᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2016/6/28
     6 ᠳ᠋ᠤᠭᠠᠷ ᠰᠠᠷ᠎ᠠ ᠶᠢᠨ 27᠎ ᠤ ᠡᠳᠤᠷ᠂ ᠶᠢᠰᠤᠳᠤᠭᠡᠷ ᠬᠤᠭᠤᠴᠠᠭᠠᠨ ᠤ ᠦᠪᠡᠷᠳᠡᠬᠡᠨ ᠵᠠᠰᠠᠬᠤ ᠤᠷᠤᠨ ᠤ ᠬᠤᠷᠢᠶ᠎ᠠ ᠶᠢᠨ ᠠᠷᠪᠠᠨ ᠬᠤᠶᠠᠳᠤᠭᠠᠷ ᠡᠬᠡᠯᠵᠢ ᠶᠢᠨ ᠲᠤᠭᠤᠷᠢᠨ ᠪᠠᠶᠢᠴᠠᠭᠠᠬᠤ ᠠᠵᠢᠯ ᠤᠨ ᠲᠠᠶᠢᠴᠢᠯᠠᠯᠳᠠ ᠪᠠᠶᠢᠷᠢᠯᠠᠭᠤᠯᠤᠯᠳᠠ ᠶᠢᠨ ᠬᠤᠷᠠᠯ ᠬᠦᠬᠡᠬᠤᠳᠠ ᠳᠤ ᠶᠠᠪᠤᠬᠳᠠᠵᠤ᠂ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠤᠨ ᠠᠷᠪᠠᠳᠤᠭᠠᠷ ᠡᠬᠡᠯᠵᠢ ᠶᠢᠨ ᠲᠤᠭᠤᠷᠢᠨ ᠪᠠᠶᠢᠴᠠᠭᠠᠬᠤ ᠠᠵᠢᠯ ᠤᠨ ᠲᠠᠶᠢᠴᠢᠯᠠᠯᠳᠠ ᠪᠠᠶᠢᠷᠢᠯᠠᠭᠤᠯᠤᠯᠳᠠ ᠶᠢᠨ ᠬᠤᠷᠠᠯ ᠤᠨ ᠵᠤᠷᠢᠬ ᠰᠠᠨᠠᠭ᠎ᠠ ᠶᠢ ᠲᠠᠮᠵᠢᠭᠤᠯᠤᠨ ᠰᠤᠷᠤᠯᠴᠠᠵᠤ᠂ ᠶᠢᠰᠤᠳᠤᠭᠡᠷ ᠬᠤᠭᠤᠴᠠᠭᠠᠨ ᠤ ᠦᠪᠡᠷᠳᠡᠬᠡᠨ ᠵᠠᠰᠠᠬᠤ ᠤᠷᠤᠨ ᠤ ᠠᠷᠪᠠᠨ ᠬᠤᠶᠠᠳᠤᠭᠠᠷ ᠡᠬᠡᠯᠵᠢ ᠶᠢᠨ ᠲᠤᠭᠤᠷᠢᠨ ᠪᠠᠶᠢᠴᠠᠭᠠᠬᠤ ᠠᠵᠢᠯ ᠳᠤ ᠲᠠᠶᠢᠴᠢᠯᠠᠯᠳᠠ ᠪᠠᠶᠢᠷᠢᠯᠠᠭᠤᠯᠤᠯᠳᠠ ᠬᠢᠪᠠ᠃ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠬᠦᠨ᠂ ᠰᠠᠬᠢᠯᠭ᠎ᠠ ᠪᠠᠳᠤ ᠪᠠᠶᠢᠴᠠᠭᠠᠠᠬᠤ ᠬᠤᠷᠢᠶ᠎ᠠ ᠶᠢᠨ ᠱᠦᠵᠢ᠂ ᠲᠤᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠲᠤᠭᠤᠢᠢᠯᠠᠩ ᠤᠨ ᠲᠠᠷᠤᠭ᠎ᠠ ᠵᠠᠩ ᠯᠢ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠬᠦᠨ᠂ ᠵᠤᠬᠢᠶᠠᠨ ᠪᠠᠶᠢᠭᠤᠯᠬᠤ ᠬᠡᠯᠳᠡᠰ ᠤᠨ ᠲᠠᠷᠤᠭ᠎ᠠ᠂ ᠲᠤᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠲᠤᠭᠤᠶᠢᠯᠠᠩ ᠤᠨ ᠲᠡᠳ᠋ ᠲᠠᠷᠤᠭ᠎ᠠ ᠯᠢ ᠫᠧᠩ ᠰᠢᠨ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠬᠦᠨ᠂ ᠤᠯᠤᠰ ᠲᠦᠷᠤ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ᠂ ᠲᠤᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠲᠤᠭᠤᠢᠢᠯᠠᠩ ᠤᠨ ᠪᠦᠷᠢᠯᠳᠤᠬᠦᠨ᠂ ᠠᠯᠪᠠᠨ ᠭᠡᠷ ᠤᠨ ᠡᠷᠬᠢᠯᠡᠭᠴᠢ ᠯᠢᠦ ᠬᠤᠢ ᠬᠤᠷᠠᠯ ᠳᠤ ᠤᠷᠤᠯᠴᠠᠭᠠᠳ ᠶᠠᠷᠢᠶ᠎ᠠ ᠲᠠᠯᠪᠢᠪᠠ᠃      ᠬᠤᠷᠠᠯ ᠠᠴᠠ᠂ ᠡᠨᠡ ᠵᠢᠯ ᠠᠴᠠ ᠨᠠᠰᠢ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠤᠭᠤᠷᠢᠨ ᠪᠠᠶᠢᠴᠠᠭᠠᠬᠤ ᠠᠵᠢᠯ ᠴᠢᠩᠭ᠎ᠠ ᠡᠷᠴᠢᠮ ᠲᠠᠢ᠂ ᠦᠨᠳᠤᠷ ᠦᠷ᠎ᠠ ᠠᠰᠢᠬᠳᠠᠢ ᠠᠶᠢᠵᠠᠮ ᠢᠶᠠᠨ ᠦᠷᠬᠦᠯᠵᠢᠯᠠᠨ ᠪᠠᠷᠢᠮᠳᠠᠯᠠᠵᠤ᠂ ᠬᠦᠴᠤᠨ ᠪᠦᠬᠦᠢ ᠰᠦᠷᠳᠡᠬᠦᠯᠬᠦ ᠤᠢᠢᠯᠡᠳᠤᠯ ᠦᠵᠡᠬᠦᠯᠪᠠ᠃ ᠲᠤᠰ ᠬᠤᠭᠤᠴᠠᠭᠠᠨ ᠤ ᠲᠤᠭᠤᠷᠢᠨ ᠪᠠᠶᠢᠴᠠᠭᠠᠬᠤ ᠠᠵᠢᠯ ᠪᠤᠯ ᠶᠢᠰᠤᠳᠤᠭᠡᠷ ᠬᠤᠭᠤᠴᠠᠭᠠᠨ ᠤ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠠᠶᠢᠮᠠᠬ ᠬᠤᠳᠠ᠂ ᠬᠤᠰᠢᠭᠤ ᠰᠢᠶᠠᠨ ︵ᠬᠤᠳᠠ᠂ ᠲᠤᠭᠤᠷᠢᠬ︶᠂ ᠤᠷᠤᠨ ᠤ ᠰᠢᠭᠤᠳ ᠬᠠᠷᠢᠶ᠎ᠠ ᠪᠠᠶᠢᠭᠤᠯᠭ᠎ᠠ᠂ ᠶᠡᠭᠡ ᠲᠡᠭᠡᠳᠤ ᠰᠤᠷᠭᠠᠭᠤᠯᠢ ᠪᠤᠯᠤᠨ ᠤᠯᠤᠰ ᠤᠨ ᠦᠮᠴᠢᠯᠠᠯ ᠤᠨ ᠭᠤᠤᠯ ᠪᠤᠯᠬᠤ ᠠᠵᠤ ᠠᠬᠤᠶᠢᠯᠠᠯ ᠳᠠᠬᠢ ᠲᠤᠭᠤᠷᠢᠨ ᠪᠠᠶᠢᠴᠠᠭᠠᠬᠤ ᠠᠵᠢᠯ ᠤᠨ ᠪᠦᠷᠢᠨ ᠪᠦᠷᠬᠦᠬᠦᠯᠬᠦ ᠡᠴᠤᠰ ᠤᠨ ᠨᠢᠭᠡᠨ ᠡᠬᠡᠯᠵᠢ ᠪᠤᠯᠤᠨ᠎ᠠ᠃ ᠰᠢᠨ᠎ᠠ ᠪᠠᠶᠢᠳᠠᠯ᠂ ᠰᠢᠨ᠎ᠠ ᠡᠬᠦᠷᠬᠡ ᠪᠤᠯᠤᠨ ᠰᠢᠨ᠎ᠠ ᠱᠠᠭᠠᠷᠳᠠᠯᠭ᠎ᠠ ᠶᠢᠨ ᠡᠮᠤᠨ᠎ᠠ᠂ ᠡᠯ᠎ᠠ ᠲᠤᠭᠤᠷᠢᠨ ᠪᠠᠶᠢᠴᠠᠭᠠᠬᠤ ᠲᠤᠭᠤᠢᠢᠯᠠᠩ ᠨᠢ ᠶᠠᠷᠤᠩᠬᠡᠢ ᠱᠦᠵᠢ ᠰᠢ ᠶᠢᠨ ᠫᠢᠩ ᠤᠨ ᠠᠯᠢ ᠣᠯᠠᠨ ᠴᠢᠬᠤᠯᠠ ᠶᠠᠷᠢᠶᠠᠨ ᠤ ᠵᠤᠷᠢᠬ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ ᠤᠯᠤᠰ ᠲᠦᠷᠤ ᠶᠢᠨ ᠲᠤᠭᠤᠷᠢᠨ ᠪᠠᠶᠢᠴᠠᠭᠠᠬᠤ ᠠᠭᠤᠯᠤᠬᠳᠠᠬᠤᠨ ᠢ ᠬᠦᠨᠵᠡᠬᠡᠢ ᠤᠢᠢᠯᠠᠭᠠᠵᠤ᠂ ᠤᠯᠤᠰ ᠲᠦᠷᠤ ᠶᠢᠨ ᠲᠤᠭᠤᠷᠢᠨ ᠪᠠᠶᠢᠴᠠᠭᠠᠬᠤ ᠱᠠᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠤᠷᠤᠨ ᠤ ᠰᠢᠭᠤᠳ ᠬᠠᠷᠢᠶ᠎ᠠ ᠰᠠᠯᠠᠭ᠎ᠠ ᠮᠦᠴᠢᠷ ᠪᠠᠶᠢᠭᠤᠯᠭ᠎ᠠ ᠶᠢᠨ ᠨᠠᠮ ᠤᠨ ᠵᠤᠬᠢᠶᠠᠨ ᠪᠠᠶᠢᠭᠤᠯᠤᠯᠳᠠ ᠳᠠᠬᠢ ᠲᠤᠭᠤᠷᠢᠨ ᠪᠠᠶᠢᠴᠠᠭᠠᠬᠤ ᠠᠵᠢᠯ ᠶᠢᠨ ᠯᠠᠪᠳᠠᠭᠤᠨ ᠪᠠᠳᠤᠳᠠᠢ ᠦᠷᠨᠢᠬᠦᠯᠬᠦ ᠭᠡᠷᠡᠭᠳᠠᠢ᠃ ᠬᠦᠮᠤᠨ ᠰᠤᠩᠭᠤᠬᠤ ᠬᠦᠮᠤᠨ ᠭᠡᠷᠡᠭᠯᠡᠬᠦ ᠠᠵᠢᠯ ᠤᠨ ᠪᠠᠶᠢᠳᠠᠯ᠂ ︽ᠨᠠᠮ ᠤᠨ ᠵᠤᠬᠢᠶᠠᠨ ᠪᠠᠶᠢᠭᠤᠯᠤᠯᠳᠠ ᠶᠢᠨ ᠲᠦᠷᠢᠮ︾᠎ ᠢ ᠲᠤᠤᠱᠯᠠᠭᠤᠯᠤᠬᠰᠠᠨ ᠪᠠᠶᠢᠳᠠᠯ᠂ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠬᠰᠠᠨ ᠪᠠᠶᠢᠳᠠᠯ ᠢ ᠨᠠᠷᠢᠨ ᠬᠢᠨᠠᠮᠠᠭᠠᠢ ᠲᠤᠭᠤᠷᠢᠨ ᠪᠠᠶᠢᠴᠠᠭᠠᠬᠤ ᠭᠡᠷᠡᠭᠳᠠᠢ ᠬᠡᠵᠤ ᠵᠢᠭᠠᠵᠤ ᠭᠠᠷᠭᠠᠪᠠ᠃ ᠲᠤᠰ ᠡᠬᠡᠯᠵᠢ ᠶᠢᠨ ᠲᠤᠭᠤᠷᠢᠨ ᠪᠠᠶᠢᠴᠠᠭᠠᠬᠤ ᠠᠵᠢᠯ ᠳᠤ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠠᠴᠠ 12 ᠲᠤᠭᠤᠷᠢᠨ ᠪᠠᠶᠢᠴᠠᠭᠠᠬᠤ ᠠᠵᠢᠯ ᠤᠨ ᠲᠤᠭᠤᠢᠢᠯᠠᠩ ᠲᠤᠮᠢᠯᠠᠵᠤ᠂ ︽ᠨᠢᠬᠡ ᠳᠤ ᠲᠦᠷᠪᠡ ᠶᠢ ᠨᠠᠶᠢᠳᠠᠬᠤ︾ ᠪᠤᠯᠤᠨ ︽ᠨᠢᠬᠡ ᠳᠤ ᠲᠠᠪᠤ ᠶᠢ ᠨᠠᠶᠢᠳᠠᠬᠤ︾ ᠠᠷᠭ᠎ᠠ ᠪᠠᠷ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠵᠡᠷᠬᠡ 54 ᠤᠷᠤᠨ ᠤ ᠰᠢᠭᠤᠳ ᠬᠠᠷᠢᠶ᠎ᠠ ᠰᠠᠯᠠᠭ᠎ᠠ ᠮᠦᠴᠢᠷ ᠨᠢᠬᠡᠴᠠ ᠶᠢᠨ ᠨᠠᠮ ᠤᠨ ᠤᠳᠤᠷᠢᠳᠬᠤ ᠲᠤᠭᠤᠢᠢᠯᠠᠩ ᠳᠤ ᠬᠤᠶᠠᠷ ᠰᠠᠷ᠎ᠠ ᠶᠢᠨ ᠬᠤᠭᠤᠴᠠᠭ᠎ᠠ ᠲᠠᠢ ᠲᠤᠰᠬᠠᠢ ᠲᠤᠭᠤᠷᠢᠨ ᠪᠠᠶᠢᠴᠠᠭᠠᠯᠲᠠ ᠥᠷᠨᠢᠭᠦᠯᠦᠨ᠎ᠡ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号