ᠥᠪᠥᠷ ᠮᠣᠩᠭᠤᠯ ᠤᠨ ᠢᠲᠡᠬᠡᠮᠵᠢ ᠰᠠᠶᠢᠲᠠᠢ ᠠᠵᠤ ᠠᠬᠤᠶᠢᠯᠠᠯ ᠤᠳ ᠪᠣᠭᠤᠮᠲᠠ ᠪᠠᠷ ᠥᠩᠭᠡᠷᠡᠬᠦ VIP᠎ ᠶᠢᠨ ᠬᠠᠷᠠᠭᠠᠯᠵᠠᠯ ᠬᠦᠷᠳᠡᠵᠦ ᠪᠣᠯᠤᠨ᠎ᠠ
ᠨᠡᠶᠢᠲᠡᠯᠡᠭᠰᠡᠨ ᠴᠠᠭ᠄
2016/6/28
     ᠬᠥᠬᠡᠬᠤᠲᠠ ᠪᠣᠭᠤᠮᠲᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠲᠡᠬᠡᠮᠵᠢ ᠰᠠᠶᠢᠲᠠᠢ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠢ ᠪᠤᠶᠢᠵᠢᠭᠤᠯᠬᠤ ᠠᠵᠢᠯ ᠢ ᠢᠳᠡᠪᠬᠢᠲᠡᠶ ᠴᠢᠩᠭᠠᠳᠬᠠᠵᠤ᠂ ᠥᠪᠥᠷ ᠮᠣᠩᠭᠤᠯ ᠤᠨ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠳᠤ ᠳᠡᠮᠵᠢᠯᠭᠡ ᠦᠵᠡᠭᠦᠯᠦᠨ ᠪᠣᠭᠤᠮᠲᠠ ᠪᠠᠷ ᠥᠩᠭᠡᠷᠡᠬᠦ ᠨᠡᠩ ᠣᠯᠠᠨ ᠬᠠᠷᠭᠠᠯᠵᠠᠯ ᠬᠦᠷᠲᠡᠭᠡᠪᠡ᠃ ᠣᠳᠣᠬᠠᠨ ᠪᠣᠯᠲᠠᠯ᠎ᠠ ᠬᠥᠬᠡᠬᠤᠲᠠ ᠪᠣᠭᠤᠮᠲᠠ ᠶᠢᠨ ᠣᠷᠣᠨ ᠳᠤ ᠳᠡᠭᠡᠳᠦ ᠵᠡᠷᠭᠡ ᠶᠢᠨ ᠭᠡᠷᠡᠴᠢᠯᠡᠭᠡᠲᠦ ᠠᠵᠤ ᠠᠬᠤᠶᠢᠯᠠᠯ ᠨᠡᠶᠢᠲᠡ 9 ᠪᠠᠶᠢᠵᠤ᠂ ᠡᠩ ᠤᠨ ᠭᠡᠷᠡᠴᠢᠯᠡᠭᠡᠲᠦ ᠠᠵᠤ ᠠᠬᠤᠶᠢᠯᠠᠯ 58 ᠪᠣᠢ᠃ ︽ᠪᠣᠭᠤᠮᠲᠠ ᠶᠢᠨ ᠠᠵᠤ ᠠᠬᠤᠶᠢᠯᠠᠯ ᠤᠨ ᠢᠲᠡᠭᠡᠮᠵᠢ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾᠎ ᠶᠢᠨ ᠲᠣᠭᠲᠠᠭᠠᠯ ᠢ ᠦᠨᠳᠦᠰᠦᠯᠡᠪᠡᠯ᠂ ᠢᠲᠡᠭᠡᠮᠵᠢ ᠶᠢᠨ ᠪᠠᠶᠢᠳᠠᠯ ᠢ ᠨᠢ ᠦᠵᠡᠵᠦ ᠠᠵᠤ ᠠᠬᠤᠶᠢᠯᠠᠯ ᠢ ᠭᠤᠷᠪᠠᠨ ᠲᠥᠷᠥᠯ ᠳᠥᠷᠪᠡᠨ ᠳᠡᠰ ᠬᠤᠪᠢᠶᠠᠨ᠎ᠠ᠂ ᠳᠤᠰ ᠳᠤᠰ ︽ᠭᠡᠷᠡᠴᠢᠯᠡᠭᠡᠲᠦ ᠠᠵᠤ ᠠᠬᠤᠶᠢᠯᠠᠯ︾ ︵ᠳᠡᠭᠡᠳᠦ ᠵᠡᠷᠭᠡ ᠶᠢᠨ ᠭᠡᠷᠡᠴᠢᠯᠡᠭᠡᠲᠦ ᠠᠵᠤ ᠠᠬᠤᠶᠢᠯᠠᠯ ᠪᠣᠯᠣᠨ ᠡᠩ ᠤᠨ ᠭᠡᠷᠡᠴᠢᠯᠡᠭᠡᠲᠦ ᠠᠵᠤ ᠠᠬᠤᠶᠢᠯᠠᠯ ᠪᠠᠭᠲᠠᠨ᠎ᠠ︶᠂ ︽ᠡᠩ ᠤᠨ ᠢᠲᠡᠬᠡᠮᠵᠢᠲᠦ ᠠᠵᠤ ᠠᠬᠤᠶᠢᠯᠠᠯ︾ ᠪᠣᠯᠤᠨ ︽ᠢᠲᠡᠭᠡᠯ ᠢᠶᠠᠨ ᠠᠯᠳᠠᠭᠰᠠᠨ ᠠᠵᠤ ᠠᠬᠤᠶᠢᠯᠠᠯ︾ ᠪᠣᠯᠤᠨ᠎ᠠ᠃ ︽ᠳᠡᠭᠡᠳᠦ ᠵᠡᠷᠭᠡ ᠶᠢᠨ ᠭᠡᠷᠡᠴᠢᠯᠡᠭᠡᠲᠦ ᠠᠵᠤ ᠠᠬᠤᠶᠢᠯᠠᠯ ᠢᠶᠠᠷ ᠦᠨᠡᠯᠡᠭᠳᠡᠪᠡᠯ ᠳᠠᠷᠤᠶ ᠪᠣᠭᠤᠮᠲᠠ ᠶᠢᠨ ᠲᠠᠯ᠎ᠠ ᠶᠢᠨ VIP᠎ ᠶᠢᠨ ᠬᠠᠷᠠᠭᠠᠯᠵᠠᠯ ᠢ ᠬᠦᠷᠲᠡᠨ᠎ᠡ᠃ ᠠᠵᠤ ᠠᠬᠤᠶᠢᠯᠠᠯ ᠨᠢ ᠪᠢᠴᠢᠭ ᠪᠠᠷᠢᠮᠲᠠ ᠶᠢᠨ ᠬᠢᠨᠠᠨ ᠬᠠᠷᠭᠤᠭᠤᠯᠤᠯᠲᠠ ᠶᠢ ᠳᠥᠭᠦᠮᠴᠢᠯᠡᠬᠦ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭ᠎ᠠ ᠶᠢ ᠪᠣᠭᠤᠮᠲᠠ ᠪᠠᠷ ᠥᠩᠭᠡᠷᠡᠭᠦᠯᠬᠦ ᠳᠤ ᠤᠷᠢᠳᠠᠪᠠᠷ ᠭᠦᠢᠴᠡᠳᠬᠡᠬᠦ ᠵᠡᠷᠭᠡ ᠬᠠᠷᠭᠠᠯᠵᠠᠯ ᠤᠨ ᠠᠷᠭ᠎ᠠ ᠬᠡᠮᠵᠢᠶ᠎ᠡ ᠶᠢ ᠡᠳ᠋ᠯᠡᠬᠦ ᠪᠣᠯᠣᠨ᠎ᠠ︾ ᠭᠡᠵᠦ ᠬᠥᠬᠡᠬᠤᠲᠠ ᠪᠣᠭᠤᠮᠲᠠ ᠶᠢᠨ ᠪᠠᠶᠢᠴᠠᠭᠠᠬᠤ ᠭᠠᠵᠠᠷ ᠤᠨ ᠣᠷᠢᠬᠠᠨ ᠲᠠᠨᠢᠯᠴᠠᠭᠤᠯᠵᠤ ᠪᠠᠶᠢᠯ᠎ᠠ᠃ ᠢᠲᠡᠬᠡᠮᠵᠢ ᠰᠠᠶᠢᠲᠠᠢ ᠠᠵᠤ ᠠᠬᠤᠶᠢᠯᠠᠯ ᠳᠤ ᠴᠢᠭᠯᠡᠭᠦᠯᠦᠨ᠂ ᠪᠣᠭᠤᠮᠲᠠ ᠠᠴᠠ ᠪᠠᠰᠠ ᠠᠵᠤ ᠠᠬᠤᠶᠢᠯᠠᠯ ᠳᠤ ᠵᠣᠬᠢᠴᠠᠭᠤᠯᠤᠭᠴᠢ ᠲᠣᠬᠢᠷᠠᠭᠤᠯᠤᠨ ᠥᠭᠴᠦ᠂ ᠸᠢᠴᠠᠲ ᠶᠢᠨ ᠰᠠᠨᠠᠯ ᠰᠣᠯᠢᠯᠴᠠᠬᠤ ᠪᠥᠯᠥᠭ ᠪᠠᠶᠢᠭᠤᠯᠤᠨ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ᠂ ᠲᠤᠬᠠᠶᠢᠯᠠᠭᠰᠠᠨ ᠠᠵᠢᠯ ᠤᠨ ᠮᠠᠳᠠᠭ ᠲᠠᠢ ᠠᠰᠠᠭᠤᠳᠠᠯ ᠢ ᠲᠠᠶᠢᠯᠪᠤᠷᠢᠯᠠᠬᠤ ᠪᠠ ᠵᠥᠪᠯᠡᠯᠭᠡ ᠥᠭᠬᠦ ᠦᠢᠯᠡᠴᠢᠯᠡᠭᠡ ᠥᠷᠨᠢᠭᠦᠯᠵᠦ᠂ ᠠᠵᠤ ᠠᠬᠤᠶᠢᠯᠠᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠭᠤᠭᠴᠤᠭ᠎ᠠ ᠳᠤ ᠲᠤᠯᠭᠠᠷᠠᠭᠰᠠᠨ ᠠᠰᠠᠭᠤᠳᠠᠯ ᠤᠳ ᠢ ᠴᠠᠭ ᠲᠤᠬᠠᠶ ᠳᠤᠨᠢ ᠵᠣᠬᠢᠴᠠᠭᠤᠯᠤᠨ ᠰᠢᠢᠳᠪᠦᠷᠢᠯᠡᠨ᠎ᠡ᠃ ᠪᠣᠭᠤᠮᠲᠠ ᠶᠢᠨ ᠠᠵᠤ ᠠᠬᠤᠶᠢᠯᠠᠯ ᠤᠨ ᠢᠲᠡᠭᠡᠮᠵᠢ ᠶᠢᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠬᠡᠷᠡᠭᠵᠢᠭᠦᠯᠦᠭᠰᠡᠨ ᠠᠴᠠ ᠨᠠᠰᠢ᠂ ᠬᠥᠬᠡᠬᠤᠲᠠ ᠪᠣᠭᠤᠮᠲᠠ ᠦᠨᠡᠨᠴᠢ ᠢᠲᠡᠬᠡᠮᠵᠢᠲᠦ ᠠᠵᠤ ᠠᠬᠤᠶᠢᠯᠠᠯ ᠢ ᠪᠤᠶᠢᠵᠢᠭᠤᠯᠬᠤ ᠪᠠ ᠬᠥᠳᠡᠯᠦᠩᠭᠦᠶ ᠪᠠᠷ ᠬᠠᠮᠢᠶᠠᠷᠬᠤ ᠶᠢ ᠴᠢᠷᠮᠠᠶᠢᠨ ᠪᠠᠷᠢᠮᠲᠠᠯᠠᠵᠤ᠂ ᠡᠳᠦᠷ ᠲᠤᠳᠤᠮ ᠤᠨ ᠬᠢᠨᠠᠨ ᠡᠵᠡᠮᠰᠢᠯᠲᠡ ᠶᠢ ᠰᠠᠶᠢᠲᠤᠷ ᠬᠢᠵᠦ᠂ ᠠᠵᠤ ᠠᠬᠤᠶᠢᠯᠠᠯ ᠤᠨ ᠦᠨᠡᠨᠴᠢ ᠢᠲᠡᠭᠡᠮᠵᠢ ᠶᠢᠨ ᠲᠤᠭ᠎ᠠ ᠪᠠᠷᠢᠮᠲᠠ ᠶᠢ ᠴᠠᠭ ᠲᠣᠬᠠᠢ ᠳᠤᠨᠢ ᠲᠣᠬᠢᠷᠠᠭᠤᠯᠤᠯᠲᠠ ᠬᠢᠵᠦ᠂ ᠪᠣᠭᠤᠮᠲᠠ ᠶᠢᠨ ᠣᠷᠣᠨ ᠤ ᠠᠵᠤ ᠠᠬᠤᠶᠢᠯᠠᠯ ᠢ ᠦᠨᠡᠯᠡᠨ ᠵᠢᠱᠢᠵᠦ᠂ ᠳᠣᠲᠣᠭᠠᠳᠤ ᠡᠵᠡᠮᠳᠡᠯ ᠤᠨ ᠲᠥᠷᠢᠮ ᠨᠢ ᠲᠡᠭᠦᠯᠳᠡᠷᠵᠢᠭᠰᠡᠨ᠂ ᠲᠤᠬᠠᠶᠢᠯᠠᠭᠰᠠᠨ ᠠᠵᠢᠯ ᠤᠨ ᠬᠥᠭᠵᠢᠯᠲᠡ ᠨᠢ ᠰᠠᠶᠢᠨ ᠠᠵᠤ ᠠᠬᠤᠶᠢᠯᠠᠯ ᠢ ᠭᠤᠣᠯᠳᠠᠯᠭ᠎ᠠ ᠲᠠᠢ ᠪᠣᠶᠢᠵᠢᠭᠤᠯᠤᠨ᠂ ᠲᠡᠰ ᠳᠡᠪᠰᠢᠭᠦᠯᠬᠦ ᠨᠥᠬᠦᠴᠡᠯ ᠳᠤ ᠨᠡᠶᠢᠴᠡᠭᠰᠡᠨ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠠᠵᠤ ᠠᠬᠤᠶᠢᠯᠠᠯ ᠤᠨ ᠢᠲᠡᠭᠡᠮᠵᠢ ᠶᠢᠨ ᠨᠡᠩ ᠰᠠᠶᠢᠨ ᠵᠡᠷᠭᠡ ᠳᠡᠰ ᠢ ᠭᠤᠶᠤᠴᠢᠯᠠᠭᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号