ᠥᠪᠥᠷ ᠮᠣᠩᠭᠤᠯ ᠤᠨ ᠬᠡᠭᠡᠷ᠎ᠡ ᠶᠢᠨ ᠠᠮᠢᠲᠠᠨ ᠤ ᠰᠦᠷᠦᠭ ᠤᠯᠠᠮ ᠠᠴᠠ ᠣᠯᠠᠰᠢᠷᠠᠵᠤ ᠪᠤᠢ
ᠨᠡᠶᠢᠲᠡᠯᠡᠭᠰᠡᠨ ᠴᠠᠭ᠄
2016/6/28
      ᠠᠯᠢ ᠣᠯᠠᠨ ᠴᠣᠬᠢᠯᠲᠠ ᠪᠠ ᠬᠠᠮᠠᠭᠠᠯᠠᠯᠲᠠ ᠪᠠᠷ ᠳᠠᠮᠵᠢᠭᠤᠯᠤᠨ᠂ ᠣᠳᠣᠬᠠᠨ ᠮᠠᠨ ᠤ ᠣᠷᠣᠨ ᠤ ᠬᠡᠭᠡᠷ᠎ᠡ ᠶᠢᠨ ᠠᠮᠢᠲᠠᠨ ᠤ ᠶᠡᠷᠦᠩᠬᠡᠶ ᠰᠥᠷᠥᠭᠵᠢᠯ ᠤᠨ ᠲᠤᠭ᠎ᠠ ᠬᠡᠮᠵᠢᠶ᠎ᠡ ᠵᠢᠯ ᠳᠠᠷᠠᠭᠠᠯᠠᠨ ᠣᠯᠠᠰᠢᠷᠠᠪᠠ᠃ ᠡᠨᠡ ᠵᠢᠯ ᠶᠡᠭᠡ ᠬᠢᠩᠭᠠᠨ ᠳᠠᠪᠠᠭᠠᠨ ᠤ ᠰᠢᠭᠤᠶᠢᠲᠤ ᠣᠷᠣᠨ ᠳᠤ᠂ ᠲᠤᠬᠠᠶ ᠶᠢᠨ ᠭᠠᠵᠠᠷ ᠤᠨ ᠭᠠᠴᠠᠭᠠᠨ ᠤ ᠠᠷᠠᠳ ᠮᠥᠭᠦ ᠲᠡᠭᠦᠬᠦ ᠪᠠᠷ ᠠᠭᠤᠯᠠᠨ ᠳᠤ ᠭᠠᠷᠤᠭᠠᠳ ᠪᠠᠭᠠᠪᠠᠭᠠᠢ ᠲᠠᠢ ᠲᠠᠭᠠᠷᠠᠯᠳᠤᠪᠠ᠃ ᠠᠯᠠᠱᠠ ᠠᠭᠤᠯᠠ ᠶᠢᠨ ᠲᠤᠷᠤᠭ ᠪᠤᠭᠤ ᠪᠠ ᠵᠡᠭᠡᠷ᠎ᠡ ᠶᠢᠨ ᠰᠦᠷᠦᠭ ᠤᠨ ᠲᠤᠭ᠎ᠠ ᠬᠡᠮᠵᠢᠶ᠎ᠡ ᠪᠠ ᠲᠥᠷᠥᠯ ᠵᠦᠢᠯ ᠴᠦ ᠪᠦᠷ ᠨᠡᠮᠡᠭᠳᠡᠭᠰᠡᠨ ᠪᠠᠶᠢᠨ᠎ᠠ᠃ ᠮᠠᠨ ᠤ ᠤᠯᠤᠰ ᠤᠨ ᠬᠡᠭᠡᠷ᠎ᠡ ᠶᠢᠨ ᠠᠮᠢᠲᠠᠨ ᠤ ᠡᠬᠢ ᠪᠠᠶᠠᠯᠢᠭ ᠤᠨ ᠶᠡᠭᠡ ᠮᠣᠵᠢ ᠪᠣᠯᠤᠭᠰᠠᠨ ᠤ ᠬᠤᠪᠢ ᠳᠤ᠂ ᠥᠪᠥᠷ ᠮᠣᠩᠭᠤᠯ ᠤᠨ ᠤᠢ ᠰᠢᠭᠤᠶ ᠶᠢᠨ ᠦᠢᠯᠡᠰ ᠤᠨ ᠰᠢᠰᠲ᠋ᠧᠮ ᠨᠢᠭᠡᠨᠲᠡ ᠤᠢ ᠰᠢᠭᠤᠶ᠂ ᠨᠤᠭᠤ ᠭᠠᠵᠠᠷ᠂ ᠬᠡᠭᠡᠷ᠎ᠡ ᠶᠢᠨ ᠠᠮᠢᠳᠡᠠ ᠤᠷᠭᠤᠮᠠᠯ᠂ ᠡᠯᠡᠰᠦᠨ ᠴᠥᠯ ᠤᠨ ᠵᠡᠷᠭᠡ ᠣᠯᠠᠨ ᠵᠦᠢᠯ ᠢ ᠪᠠᠭᠲᠠᠭᠠᠭᠰᠠᠨ 140 ᠬᠠᠮᠠᠭᠠᠯᠠᠯᠲᠠ ᠶᠢᠨ ᠣᠷᠣᠨ ᠢ ᠪᠠᠶᠢᠭᠤᠯᠪᠠ᠃ ᠵᠡᠭᠡᠷ᠎ᠡ᠂ ᠬᠤᠯᠠᠨ᠂ ᠤᠮᠠᠷᠠᠲᠤ ᠶᠢᠨ ᠢᠮᠠᠭ᠎ᠠ ᠵᠡᠷᠭᠡ ᠬᠡᠭᠡᠷ᠎ᠡ ᠶᠢᠨ ᠠᠮᠢᠲᠠᠨ ᠤ ᠨᠡᠭᠦᠳᠡᠯ ᠳᠤ ᠳᠥᠭᠦᠮ ᠪᠣᠯᠭᠠᠬᠤ ᠶᠢᠨ ᠲᠤᠰᠠᠳᠠ᠂ ᠮᠠᠨ ᠤ ᠣᠷᠣᠨ ᠤ ᠳᠣᠲᠣᠷ᠎ᠠ ᠬᠢ 8000 ᠭᠠᠵᠠᠷ ᠤᠨ ᠬᠢᠯᠢ ᠶᠢᠨ ᠱᠤᠭᠤᠮ ᠳᠡᠭᠡᠷ᠎ᠡ ︽ᠵᠡᠷᠯᠢᠭ ᠠᠮᠢᠲᠠᠨ ᠤ ᠰᠠᠭᠠᠳ ᠦᠭᠡᠢ ᠨᠡᠪᠲᠡᠷᠡᠬᠦ ᠵᠠᠮ︾᠎ ᠢ 8 ᠨᠡᠭᠡᠭᠡᠵᠦ ᠥᠭᠪᠡ᠃ ᠣᠳᠣ᠂ ᠰᠢᠪᠠᠭᠤᠳ ᠤᠨ ᠨᠡᠭᠦᠳᠡᠯᠯᠡᠬᠦ ᠤᠯᠠᠷᠢᠯ ᠪᠣᠯᠬᠤ ᠪᠦᠷᠢ ᠳᠤ᠂ ᠭᠤᠣᠯ ᠮᠥᠷᠡᠨ᠂ ᠨᠠᠭᠤᠷ ᠲᠣᠭᠤᠷᠢᠮ᠂ ᠨᠤᠭᠤ ᠭᠠᠵᠠᠷ ᠵᠡᠷᠭᠡ ᠭᠤᠣᠯᠳᠠᠯᠭ᠎ᠠ ᠲᠠᠢ ᠣᠷᠣᠨ ᠳᠤ ᠰᠦᠷᠦᠭ ᠰᠦᠷᠦᠭ ᠲᠣᠭᠤᠳᠠᠭ᠂ ᠬᠤᠨ ᠭᠠᠯᠠᠭᠤ᠂ ᠠᠯ ᠰᠡᠭᠦᠯ ᠤᠨ ᠮᠡᠲᠦ ᠶᠢᠨ ᠨᠡᠭᠦᠳᠡᠯ ᠤᠨ ᠰᠢᠪᠠᠭᠤᠳ ᠴᠤᠭᠯᠠᠷᠠᠵᠤ ᠪᠠᠶᠢᠭ᠎ᠠ ᠦᠵᠡᠮᠵᠢ ᠵᠥᠩᠳᠡᠭᠡᠨ ᠬᠠᠷᠠᠭᠳᠠᠨ᠎ᠠ᠃ ᠵᠤᠨ ᠪᠣᠯᠪᠠᠯ ᠬᠠᠯᠢᠭᠤᠨ ᠭᠠᠯᠠᠭᠤ᠂ ᠬᠠᠯᠲᠠᠷ ᠨᠤᠭᠤᠰᠤ᠂ ᠬᠠᠶᠢᠷᠠᠭᠤᠴᠠᠢ ᠵᠡᠷᠭᠡ ᠰᠢᠪᠠᠭᠤᠳ ᠡᠭᠦᠷᠯᠡᠵᠦ ᠥᠨᠳᠡᠭᠡᠯᠡᠬᠦ ᠪᠠᠷ ᠶᠠᠭᠠᠷᠠᠯᠳᠤᠵᠤ᠂ ᠡᠪᠦᠯ ᠪᠣᠯᠪᠠᠯ ᠪᠣᠷᠣ ᠭᠥᠷᠥᠭᠡᠰᠦ᠂ ᠦᠨᠡᠭᠡ᠂ ᠨᠠᠩᠭᠢᠶᠠᠳ ᠭᠤᠷᠭᠤᠤᠯ ᠵᠡᠷᠭᠡ ᠠᠮᠢᠲᠠᠨ ᠨᠤᠭᠤᠳ ᠥᠷᠭᠡᠨ ᠠᠭᠤᠳᠠᠮ ᠡᠬᠡ ᠨᠤᠲᠤᠭ ᠢ ᠠᠮᠢᠵᠢᠷᠠᠯ ᠤᠨ ᠬᠦᠴᠦᠨ ᠢᠶᠠᠷ ᠪᠢᠯᠬᠠᠭᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号