ᠤᠶᠢᠷ᠎ᠠ ᠳᠤ᠂ ᠳᠤᠮᠳᠠᠲᠤ ᠤᠯᠤᠰ ᠤᠨ ᠡᠪ ᠬᠠᠮᠳ᠋ᠪ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ᠂ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ︽ᠬᠠᠤᠯᠢᠴᠢ ᠶᠢᠨ ᠳᠦᠷᠢᠮ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠲᠤᠬᠠᠶ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ | ᠬᠠᠤᠯᠢᠴᠢ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤ ᠪᠦᠬᠦ ᠲᠠᠯ᠎ᠠ ᠶᠢᠨ ᠪᠠᠶᠢᠷᠢᠯᠠᠭᠤᠯᠤᠯᠲᠠ | ᠬᠢᠵᠡᠶ᠃ ᠬᠠᠤᠯᠢ ᠴᠠᠭᠠᠵᠠ ᠶᠢᠨ ᠶᠠᠮᠤᠨ ᠤ ᠬᠠᠷᠢᠭᠤᠴᠠᠯᠭᠠᠲᠠᠨ ᠨᠥᠬᠦᠷ ︽ᠰᠠᠨᠠᠯ︾ ᠢ ᠲᠣᠭᠲᠠᠭᠠᠨ ᠬᠡᠷᠡᠭᠵᠢᠬᠦᠯᠬᠦ | ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ | ᠠᠰᠠᠭᠤᠯᠲᠠ᠄ | ᠲᠠ ︽ᠰᠠᠨᠠᠯ︾ ᠤᠨ ᠨᠡᠶᠢᠲᠡᠯᠡᠭᠳᠡᠭᠰᠡᠨ ᠠᠬᠤᠶ ᠪᠠᠶᠢᠳᠠᠯ ᠪᠤᠯᠤᠨ ᠠᠴᠢ ᠬᠤᠯᠪᠣᠭᠳᠠᠯ ᠢ ᠲᠠᠨᠢᠯᠴᠠᠭᠤᠯᠤᠭᠠᠳ | ᠥᠭᠭᠦᠨ᠎ᠡ ᠤᠤ︖ | ᠬᠠᠷᠢᠭᠤᠯᠲᠠ᠄ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠬᠠᠤᠯᠢᠴᠢ ᠶᠢᠨ ᠠᠵᠢᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠨ ᠦᠵᠡᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠵᠢᠯ | ᠦᠢᠯᠡᠰ ᠤᠨ ᠳᠤᠮᠳᠠᠬᠢ ᠬᠠᠤᠯᠢᠴᠢ ᠶᠢᠨ ᠡᠩᠨᠡᠭᠡᠨ ᠤ ᠢᠳᠡᠪᠬᠢᠲᠡᠶ ᠦᠢᠯᠡᠳᠦᠯ ᠢ ᠳᠡᠭᠡᠳᠦ ᠬᠡᠮᠵᠢᠶ᠎ᠡ ᠪᠠᠷ ᠬᠦᠨᠳᠦᠳᠬᠡᠨ | ᠦᠵᠡᠪᠡ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠶᠡᠷᠦᠩᠬᠡᠶ ᠱᠦᠵᠢ ᠰᠢ ᠶᠢᠨ ᠫᠢᠩ | ᠬᠠᠤᠯᠢᠴᠢ ᠶᠢᠨ ᠠᠵᠢᠯ ᠪᠤᠯᠤᠨ ᠬᠠᠤᠯᠢᠴᠢ ᠶᠢᠨ ᠡᠩᠨᠡᠭᠡᠨ ᠤ ᠪᠠᠶᠢᠭᠤᠯᠤᠯᠲᠠ ᠶᠢᠨ ᠲᠤᠬᠠᠶ ᠣᠯᠠᠨᠲᠠ ᠴᠢᠬᠤᠯᠠ | ᠵᠢᠭᠠᠪᠤᠷᠢ ᠦᠭᠴᠦ᠂ ᠲᠣᠳᠣᠷᠬᠠᠶ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ ᠨᠠᠮ ᠤᠨ ᠠᠷᠪᠠᠨ ᠨᠠᠢᠮᠠᠳᠤᠭᠠᠷ | ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠥᠬᠦᠳᠡ ᠬᠤᠷᠠᠯ ᠠᠴᠠ ᠬᠠᠤᠯᠢᠴᠢ ᠶᠢᠨ ᠳᠦᠷᠢᠮ ᠳᠤ | ᠥᠭᠡᠷᠡᠴᠢᠯᠡᠯᠲᠡ ᠬᠢᠵᠤ ᠲᠡᠭᠦᠯᠳᠡᠷᠵᠢᠬᠦᠯᠬᠦ ᠶᠠᠪᠤᠳᠠᠯ ᠢ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ | ᠴᠢᠬᠤᠯᠠ ᠠᠭᠤᠯᠭ᠎ᠠ ᠪᠤᠯᠭᠠᠪᠠ᠃ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ | ᠳᠥᠷᠪᠡᠳᠦᠭᠡᠷ ᠪᠥᠬᠦᠳᠡ ᠬᠤᠷᠠᠯ ᠤᠨ ︽ᠲᠤᠭᠲᠠᠭᠠᠯ︾ ᠳᠤ᠂ ᠬᠠᠤᠯᠢᠴᠢ ᠶᠢᠨ ᠠᠵᠢᠯ ᠢ ᠬᠠᠤᠯᠢ ᠪᠠᠷ ᠤᠯᠤᠰ ᠢᠶᠠᠨ | ᠪᠦᠬᠦ ᠲᠠᠯ᠎ᠠ ᠪᠠᠷ ᠵᠠᠰᠠᠬᠤ ᠶᠡᠷᠦᠩᠬᠡᠶ ᠪᠠᠶᠢᠷᠢᠯᠠᠭᠤᠯᠤᠯᠲᠠ ᠳᠤ ᠤᠷᠤᠭᠤᠯᠵᠤ᠂ ᠬᠠᠤᠯᠢᠴᠢ ᠶᠢᠨ ᠠᠵᠢᠯ ᠪᠤᠯᠤᠨ | ᠬᠠᠤᠯᠢᠴᠢ ᠶᠢᠨ ᠡ᠊ᠡᠭᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠪᠠᠶᠢᠷᠢᠯᠠᠭᠤᠯᠤᠯᠲᠠ ᠬᠢᠭᠰᠡᠨ ᠪᠠᠶᠢᠨ᠎ᠠ᠃ ︽ | ᠰᠠᠨᠠᠯ︾ ᠢ ᠨᠡᠶᠢᠲᠡᠯᠡᠭᠰᠡᠨ ᠶᠠᠪᠤᠳᠠᠯ ᠨᠢ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠣᠯᠤᠨ ᠠᠷᠪᠠᠨ ᠨᠠᠢᠮᠠᠳᠤᠭᠠᠷ | ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠥᠬᠦᠳᠡ ᠬᠤᠷᠠᠯ ᠤᠨ ᠵᠣᠷᠢᠭ | ᠰᠠᠨᠠᠭ᠎ᠠ ᠪᠤᠯᠤᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠦᠨ᠂ ︽ᠳᠥᠷᠪᠡᠨ ᠪᠦᠬᠦ ᠲᠠᠯ᠎ᠠ︾ ᠶᠢᠨ | ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠭᠤᠯᠭ᠎ᠠ | ᠮᠦᠨ ᠪᠦᠭᠡᠳ ᠬᠠᠤᠯᠢᠴᠢ ᠶᠢᠨ ᠠᠵᠢᠯ ᠪᠤᠯᠤᠨ ᠬᠠᠤᠯᠢᠴᠢ ᠶᠢᠨ ᠡᠩᠨᠡᠭᠡᠨ ᠤ ᠪᠠᠶᠢᠭᠤᠯᠤᠯᠲᠠ ᠶᠢ ᠤᠯᠠᠮ ᠨᠢᠭᠡ | ᠠᠯᠬᠤᠮ ᠴᠢᠩᠭᠠᠳᠬᠠᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠠᠤᠯᠢᠴᠢ ᠶᠢᠨ | ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠠᠤᠯᠢ ᠶᠣᠰᠣᠭᠠᠷ ᠤᠯᠤᠰ ᠢᠶᠠᠨ ᠪᠦᠬᠦ ᠲᠠᠯ᠎ᠠ ᠪᠠᠷ ᠵᠠᠰᠠᠬᠤ | ᠳᠤᠮᠳᠠᠬᠢ ᠬᠠᠤᠯᠢᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | ︽ᠰᠠᠨᠠᠯ︾ ᠨᠢ ᠨᠠᠮ ᠤᠨ ᠤᠳᠤᠷᠢᠳᠤᠯᠭ᠎ᠠ ᠪᠤᠯᠤᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠬᠠᠤᠯᠢ ᠪᠠᠷ ᠵᠠᠰᠠᠬᠤ ᠵᠠᠮ ᠢ ᠪᠠᠷᠢᠮᠲᠠᠯᠠᠵᠤ᠂ ᠬᠠᠤᠯᠢ ᠪᠠᠷ ᠤᠯᠤᠰ ᠢᠶᠠᠨ ᠵᠠᠰᠠᠬᠤ ᠶᠠᠪᠤᠳᠠᠯ ᠢ ᠪᠦᠬᠦ ᠲᠠᠯ᠎ᠠ ᠪᠠᠷ | ᠲᠦᠯᠬᠢᠨ ᠠᠬᠢᠭᠤᠯᠬᠤ ᠶᠡᠷᠦᠩᠬᠡᠶ ᠬᠠᠷᠠᠯᠲᠠ ᠲᠠᠢ ᠨᠢᠭᠲᠠ ᠤᠶᠠᠯᠳᠤᠭᠤᠯᠤᠨ᠂ ᠬᠠᠤᠯᠢᠴᠢ ᠶᠢᠨ ᠳᠦᠷᠢᠮ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠢᠯᠣᠭᠤᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ᠂ ᠬᠥᠭᠵᠢᠯᠲᠡ ᠶᠢᠨ | ᠬᠠᠷᠠᠯᠲᠠ ᠪᠣᠯᠤᠨ ᠡᠭᠦᠷᠭᠡ ᠠᠷᠭ᠎ᠠ ᠬᠡᠮᠵᠢᠶ᠎ᠡ ᠶᠢ ᠳᠤᠷᠠᠳᠴᠤ᠂ ᠰᠢᠨ᠎ᠡ ᠪᠠᠶᠢᠳᠠᠯ ᠳᠤᠤᠷ᠎ᠠ ᠬᠠᠤᠯᠢᠴᠢ ᠶᠢᠨ | ᠳᠦᠷᠢᠮ ᠤᠨ ᠥᠭᠡᠷᠡᠴᠢᠯᠡᠯᠲᠡ ᠶᠢ ᠬᠦᠨᠵᠡᠭᠡᠶᠢᠷᠡᠬᠦᠯᠬᠦ ᠳᠤ ᠪᠦᠬᠦ ᠲᠠᠯ᠎ᠠ ᠶᠢᠨ ᠪᠠᠶᠢᠷᠢᠯᠠᠭᠤᠯᠤᠯᠲᠠ ᠬᠢᠭᠰᠡᠨ ᠢᠶᠠᠷ ᠮᠠᠨ ᠤ | ᠤᠯᠤᠰ ᠤᠨ ᠬᠠᠤᠯᠢᠴᠢ ᠶᠢᠨ ᠠᠵᠢᠯ ᠦᠢᠯᠡᠰ ᠤᠨ ᠬᠥᠭᠵᠢᠯᠲᠡ ᠶᠢ ᠵᠢᠯᠣᠭᠤᠳᠬᠤ ᠬᠥᠲᠥᠯᠪᠦᠷᠢ ᠶᠢᠨ ᠴᠢᠨᠠᠷᠲᠠᠶ | ᠪᠢᠴᠢᠭ ᠮᠠᠲ᠋ᠧᠷᠢᠶᠠᠯ ᠪᠤᠯᠤᠭᠰᠠᠨ ᠮᠦᠷᠲᠡᠭᠡᠨ ᠮᠠᠨ ᠤ ᠤᠯᠤᠰ ᠤᠨ ᠬᠠᠤᠯᠢᠴᠢ ᠶᠢᠨ ᠠᠵᠢᠯ ᠢ ᠲᠦᠯᠬᠢᠨ ᠠᠬᠢᠭᠤᠯᠵᠤ | ᠰᠢᠨ᠎ᠡ ᠨᠢᠭᠡᠨ ᠬᠥᠭᠵᠢᠯᠲᠡ ᠶᠢᠨ ᠱᠠᠲᠤᠨ ᠳᠤ ᠤᠷᠤᠭᠤᠯᠬᠤ ᠨᠢ ᠯᠠᠪᠲᠠᠢ ᠶᠤᠮ᠃ ᠡᠯ᠎ᠡ ᠱᠠᠲᠤᠨ ᠤ ᠬᠠᠤᠯᠢ | ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠨᠤᠭᠤᠳ ᠤᠯᠤᠰ ᠲᠦᠷᠦ ᠪᠤᠯᠤᠨ ᠪᠦᠬᠦ ᠲᠠᠯ᠎ᠠ ᠶᠢᠨ | ᠦᠨᠳᠦᠷᠴᠡ ᠠᠴᠠ᠂ ︽ᠰᠠᠨᠠᠯ︾ ᠢ ᠨᠡᠶᠢᠲᠡᠯᠡᠭᠰᠡᠨ ᠴᠢᠬᠤᠯᠠ ᠠᠴᠢ ᠬᠤᠯᠪᠣᠭᠳᠠᠯ ᠢ ᠨᠠᠷᠢᠨ ᠬᠢᠨᠠᠮᠠᠭᠠᠶ ᠰᠤᠷᠤᠯᠴᠠᠨ | ᠣᠶᠢᠯᠠᠭᠠᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠲᠥᠪ ᠬᠤᠷᠢᠶ᠎ᠠ ᠶᠢᠨ ᠪᠠᠶᠢᠷᠢᠯᠠᠭᠤᠯᠤᠯᠲᠠ ᠪᠤᠯᠤᠨ | ᠶᠡᠷᠦᠩᠬᠡᠶ ᠱᠦᠵᠢ ᠰᠢ ᠶᠢᠨ ᠫᠢᠩ ᠶᠢᠨ ᠬᠠᠤᠯᠢᠴᠢ ᠶᠢᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠳᠡᠭᠡᠷ᠎ᠡ ᠨᠢᠬᠡᠳᠦᠬᠦᠯᠵᠤ᠂ ᠡᠭᠦᠷᠭᠡᠲᠦ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ ᠪᠤᠯᠤᠨ ᠪᠠᠴᠢᠮ | ᠲᠤᠯᠭᠠᠮ᠎ᠠ ᠰᠡᠳᠬᠢᠯᠭᠡ ᠪᠠᠨ ᠦᠨᠡᠨ ᠬᠦ ᠴᠢᠩᠭᠠᠳᠬᠠᠬᠤ ᠬᠡᠷᠡᠭᠲᠠᠢ︔ ︽ᠰᠠᠨᠠᠯ︾ ᠢ ᠰᠤᠷᠤᠯᠴᠠᠨ ᠲᠤᠤᠱᠯᠠᠭᠤᠯᠬᠤ | ᠠᠵᠢᠯ ᠢ ᠬᠢᠨᠠᠮᠠᠭᠠᠢ ᠰᠠᠶᠢᠨ ᠠᠳᠬᠤᠵᠤ᠂ ᠵᠥᠪ ᠣᠨᠣᠪᠴᠢᠲᠠᠶ ᠤᠯᠤᠰ ᠲᠦᠷᠦ ᠶᠢᠨ ᠴᠢᠭᠯᠡᠯ ᠢ ᠪᠠᠷᠢᠮᠲᠠᠯᠠᠵᠤ᠂ | ᠬᠠᠤᠯᠢᠴᠢ ᠶᠢᠨ ᠳᠦᠷᠢᠮ ᠤᠨ ᠥᠭᠡᠷᠡᠴᠢᠯᠡᠯᠲᠡ ᠶᠢ ᠬᠦᠨᠵᠡᠭᠡᠶᠢᠷᠡᠭᠦᠯᠵᠤ᠂ ᠬᠠᠤᠯᠢᠴᠢ ᠶᠢᠨ ᠡ᠊ᠡᠭᠨᠡᠭᠡ ᠶᠢᠨ | ᠪᠠᠶᠢᠭᠤᠯᠤᠯᠲᠠ ᠶᠢ ᠴᠢᠩᠭᠠᠳᠬᠠᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠬᠠᠤᠯᠢᠴᠢ ᠶᠢᠨ ᠦᠢᠯᠡᠰ ᠤᠨ ᠰᠢᠨ᠎ᠡ ᠬᠥᠭᠵᠢᠯᠲᠡ ᠲᠠᠢ ᠪᠤᠯᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ︽ | ᠳᠥᠷᠪᠡᠨ ᠪᠦᠬᠦ ᠲᠠᠯ᠎ᠠ ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠳᠤᠮᠳᠠᠬᠢ ᠬᠠᠤᠯᠢᠴᠢ ᠶᠢᠨ ᠴᠢᠬᠤᠯᠠ | ᠦᠢᠯᠡᠳᠦᠯ ᠢ ᠭᠦᠢᠴᠡᠳ ᠪᠠᠳᠠᠷᠠᠭᠤᠯᠵᠤ᠂ ︽ᠬᠤᠣᠰ ᠵᠠᠭᠤᠨ ᠵᠢᠯ︾ ᠤᠨ ᠲᠡᠮᠡᠴᠡᠬᠦ ᠬᠠᠷᠠᠯᠲᠠ ᠪᠣᠯᠤᠨ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ | ᠲᠡᠷᠭᠡᠯᠰᠢᠬᠦᠯᠬᠦ ᠳᠤ ᠴᠢᠨᠠᠷ ᠰᠠᠶᠢᠲᠠᠶ ᠪᠦᠭᠡᠳ ᠦᠷ᠎ᠡ ᠠᠰᠢᠭ ᠶᠡᠬᠡᠲᠡᠶ ᠬᠠᠤᠯᠢ ᠴᠠᠭᠠᠵᠠ ᠶᠢᠨ ᠦᠢᠯᠡᠴᠢᠯᠡᠭᠡ | ᠬᠠᠨᠭ᠍ᠭᠠᠬᠤ ᠬᠡᠷᠡᠭᠲᠠᠢ᠃ | ᠠᠰᠠᠭᠤᠯᠲᠠ᠄ | ᠬᠠᠤᠯᠢᠴᠢ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠢᠯᠣᠭᠤᠳᠬᠤ ᠦᠵᠡᠯ ᠰᠠᠨᠠᠭ᠎ᠠ ᠪᠤᠯᠤᠨ | ᠦᠨᠳᠦᠰᠦᠨ ᠵᠠᠷᠴᠢᠮ ᠨᠢ ᠶᠠᠭᠤ ᠪᠤᠢ︖ | ᠬᠠᠷᠢᠭᠤᠯᠲᠠ᠄ | ︽ᠰᠠᠨᠠᠯ︾ ᠳᠤ ᠴᠢᠬᠤᠯᠠᠴᠢᠯᠠᠭᠰᠠᠨ ᠨᠢ᠂ ᠬᠠᠤᠯᠢᠴᠢ ᠶᠢᠨ ᠳᠦᠷᠢᠮ ᠤᠨ ᠥᠭᠡᠷᠡᠴᠢᠯᠡᠯᠲᠡ ᠶᠢ | ᠬᠦᠨᠵᠡᠭᠡᠶᠢᠷᠡᠬᠦᠯᠬᠦ ᠳᠤ ᠡᠷᠬᠡᠪᠰᠢ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠭᠡ | ᠲᠤᠭ ᠢ ᠥᠨᠳᠥᠷ ᠮᠠᠨᠳᠤᠭᠤᠯᠤᠨ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠣᠯᠤᠨ ᠠᠷᠪᠠᠨ ᠨᠠᠢᠮᠠᠳᠤᠭᠠᠷ | ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠥᠬᠦᠳᠡ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠳ᠋ᠧᠩ ᠰᠢᠶᠤᠤ ᠫᠢᠩ ᠤᠨ ᠣᠨᠣᠯ᠂ ︽ᠭᠤᠷᠪᠠ ᠶᠢ ᠲᠥᠯᠥᠭᠡᠯᠡᠬᠦ︾ | ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠪᠠᠷ ᠵᠢᠯᠤᠭᠤᠳᠤᠯᠭ᠎ᠠ ᠪᠣᠯᠭᠠᠨ᠂ | ᠶᠡᠷᠦᠩᠬᠡᠶ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ | ᠨᠠᠮ ᠤᠨ ᠤᠳᠤᠷᠢᠳᠤᠯᠭ᠎ᠠ ᠪᠤᠯᠤᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠠᠤᠯᠢ ᠪᠠᠷ | ᠵᠠᠰᠠᠬᠤ ᠵᠠᠮ ᠢ ᠪᠠᠷᠢᠮᠲᠠᠯᠠᠵᠤ᠂ ᠦᠵᠡᠯ ᠰᠠᠨᠠᠭ᠎ᠠ ᠪᠠᠨ ᠴᠢᠯᠦᠬᠡᠯᠡᠬᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ | ᠪᠣᠳᠠᠲᠠᠶ ᠶᠢ ᠡᠷᠬᠢᠮᠯᠡᠨ ᠤᠷᠤᠭᠰᠢᠯᠠᠨ ᠲᠠᠪᠰᠢᠬᠤ ᠶᠢ ᠪᠠᠷᠢᠮᠲᠠᠯᠠᠵᠤ᠂ ᠬᠠᠤᠯᠢ ᠪᠠᠷ ᠤᠯᠤᠰ ᠢᠶᠠᠨ ᠵᠠᠰᠠᠬᠤ ᠶᠠᠪᠤᠳᠠᠯ ᠢ | ᠪᠦᠬᠦ ᠲᠠᠯ᠎ᠠ ᠪᠠᠷ ᠲᠦᠯᠬᠢᠨ ᠠᠬᠢᠭᠤᠯᠬᠤ ᠶᠡᠷᠦᠩᠬᠡᠶ ᠬᠠᠷᠠᠯᠲᠠ ᠲᠠᠢ ᠨᠢᠭᠲᠠ ᠤᠶᠠᠯᠳᠤᠭᠤᠯᠤᠨ᠂ ᠬᠠᠤᠯᠢᠴᠢ ᠶᠢᠨ | ᠠᠵᠢᠯ ᠡᠷᠬᠢᠯᠡᠬᠦ ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠬᠦᠯᠵᠤ᠂ ᠬᠠᠤᠯᠢᠴᠢ ᠶᠢᠨ ᠬᠠᠤᠯᠢ ᠴᠠᠭᠠᠵᠠ ᠬᠠᠤᠯᠢ | ᠲᠤᠭᠲᠠᠭᠠᠯ ᠠᠴᠠ ᠵᠥᠷᠢᠴᠡᠨ ᠠᠵᠢᠯ ᠡᠷᠬᠢᠯᠡᠬᠦ ᠶᠢ ᠵᠠᠯᠬᠠᠭᠠᠨ ᠴᠡᠭᠡᠷᠯᠡᠭᠦᠯᠬᠦ ᠳᠦᠷᠢᠮ ᠢ ᠲᠡᠭᠦᠯᠳᠡᠷᠵᠢᠭᠦᠯᠵᠦ᠂ | ᠬᠠᠤᠯᠢᠴᠢ ᠶᠢᠨ ᠡ᠊ᠡᠭᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠢᠭᠡᠨ ᠨᠠᠮ ᠤᠨ ᠤᠳᠤᠷᠢᠳᠤᠯᠭ᠎ᠠ ᠶᠢ | ᠬᠦᠷᠢᠶᠡᠯᠡᠳᠡᠭ᠂ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠶᠢ ᠬᠦᠷᠢᠶᠡᠯᠡᠳᠡᠭ ᠳᠡᠭᠡᠳᠦ ᠬᠡᠪ ᠪᠤᠯᠪᠠᠰᠤᠷᠠᠯ ᠪᠦᠬᠦᠢ | ᠬᠠᠤᠯᠢᠴᠢ ᠶᠢᠨ ᠡᠩᠨᠡᠭᠡ ᠶᠢ ᠪᠠᠶᠢᠭᠤᠯᠵᠤ᠂ ᠬᠠᠤᠯᠢ ᠪᠠᠷ ᠤᠯᠤᠰ ᠢᠶᠠᠨ ᠪᠦᠬᠦ ᠲᠠᠯ᠎ᠠ ᠪᠠᠷ ᠵᠠᠰᠠᠬᠤ ᠳᠤᠮᠳᠠᠬᠢ | ᠬᠠᠤᠯᠢᠴᠢ ᠶᠢᠨ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ ︽ᠬᠤᠣᠰ ᠵᠠᠭᠤᠨ ᠵᠢᠯ︾ ᠤᠨ ᠲᠡᠮᠡᠴᠡᠬᠦ | ᠬᠠᠷᠠᠯᠲᠠ ᠪᠣᠯᠤᠨ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ | ᠵᠡᠭᠦᠳᠦ ᠶᠢ ᠲᠡᠷᠬᠡᠯᠰᠢᠬᠦᠯᠬᠦ ᠳᠤ ᠴᠢᠨᠠᠷ ᠰᠠᠶᠢᠲᠠᠶ ᠦᠷ᠎ᠡ ᠠᠰᠢᠭ ᠶᠡᠬᠡᠲᠡᠶ ᠬᠠᠤᠯᠢ ᠴᠠᠭᠠᠵᠠ ᠶᠢᠨ ᠦᠢᠯᠡᠴᠢᠯᠡᠭᠡ ᠶᠢ | ᠬᠠᠩᠭᠠᠬᠤ ᠬᠡᠷᠡᠭᠲᠠᠢ ᠬᠡᠵᠠᠢ᠃ | ︽ᠰᠠᠨᠠᠯ︾ ᠳᠤ ᠬᠠᠤᠯᠢᠴᠢ ᠶᠢᠨ ᠳᠦᠷᠢᠮ ᠤᠨ ᠥᠭᠡᠷᠡᠴᠢᠯᠡᠯᠲᠡ ᠶᠢ ᠬᠦᠨᠵᠡᠭᠡᠶᠢᠷᠡᠭᠦᠯᠬᠦ ᠳᠤ 5 ᠵᠦᠢᠯ ᠤᠨ | ᠵᠠᠷᠴᠢᠮ ᠢ ᠡᠷᠬᠡᠪᠰᠢ ᠪᠠᠷᠢᠮᠲᠠᠯᠠᠬᠤ ᠬᠡᠷᠡᠭᠲᠡᠶ ᠬᠡᠵᠤ ᠲᠤᠲᠤᠷᠬᠠᠶᠢᠯᠠᠪᠠ᠃ ᠨᠢᠭᠡ ᠳᠤ ᠨᠠᠮ ᠤᠨ ᠤᠳᠤᠷᠢᠳᠤᠯᠭ᠎ᠠ ᠶᠢ | ᠪᠠᠷᠢᠮᠲᠠᠯᠠᠬᠤ ᠬᠡᠷᠡᠭᠲᠡᠶ᠃ ᠨᠠᠮ ᠤᠨ ᠤᠨᠤᠯ ᠪᠤᠯᠤᠨ ᠱᠤᠭᠤᠮ᠂ ᠴᠢᠭᠯᠡᠯᠲᠡ᠂ ᠲᠦᠷᠦ ᠶᠢᠨ ᠪᠤᠳᠤᠯᠭ᠎ᠠ ᠶᠢ ᠡᠷᠡᠰ | ᠲᠤᠤᠱᠯᠠᠭᠤᠯᠵᠤ᠂ ᠬᠠᠤᠯᠢᠴᠢ ᠶᠢᠨ ᠠᠵᠢᠯ ᠲᠦᠷᠦᠯ ᠤᠨ ᠨᠠᠮ ᠤᠨ ᠪᠠᠶᠢᠭᠤᠯᠤᠯᠲᠠ ᠶᠢ ᠴᠢᠩᠭᠠᠳᠬᠠᠵᠤ᠂ | ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠲᠠᠬᠢ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ | ᠭᠤᠣᠯᠯᠠᠭᠴᠢ ᠦᠢᠯᠡᠳᠦᠯ ᠪᠤᠯᠤᠨ ᠨᠠᠮ ᠤᠨ ᠭᠡᠰᠢᠭᠦᠨ ᠬᠠᠤᠯᠢᠴᠢ ᠶᠢᠨ ᠬᠤᠰᠢᠭᠤᠴᠢ ᠵᠢᠱᠢᠶᠡᠴᠢ ᠦᠢᠯᠡᠳᠦᠯ ᠢ ᠨᠢ | ᠦᠨᠡᠨ ᠬᠦ ᠪᠠᠳᠠᠷᠠᠭᠤᠯᠬᠤ ᠬᠡᠷᠡᠭᠲᠠᠢ᠃ ᠬᠤᠶᠠᠷ ᠲᠤ ᠵᠥᠪ ᠤᠨᠤᠪᠴᠢᠲᠠᠢ ᠤᠯᠤᠰ ᠲᠦᠷᠦ ᠶᠢᠨ ᠴᠢᠭᠯᠡᠯ ᠢ | ᠪᠠᠷᠢᠮᠲᠠᠯᠠᠬᠤ ᠬᠡᠷᠡᠭᠲᠡᠶ᠃ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ | ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠬᠤ ᠬᠡᠷᠡᠭᠲᠡᠶ᠃ ᠭᠤᠷᠪᠠ ᠳᠤ ᠠᠷᠠᠳ ᠤᠨ ᠲᠦᠯᠦᠭᠡ ᠠᠵᠢᠯ ᠡᠷᠬᠢᠯᠡᠬᠦ ᠶᠢ | ᠪᠠᠷᠢᠮᠲᠠᠯᠠᠬᠤ ᠬᠡᠷᠡᠭᠲᠡᠶ᠃ ᠥᠷᠭᠡᠨ ᠤᠯᠠᠨ ᠬᠠᠤᠯᠢᠴᠢᠳ ᠢ ᠬᠦᠮᠦᠵᠢᠬᠦᠯᠦᠨ ᠵᠢᠯᠤᠭᠤᠳᠴᠤ ᠪᠠᠶᠢᠭᠠᠳ ᠠᠵᠢᠯ | ᠡᠷᠬᠢᠯᠡᠬᠦ ᠪᠠ ᠠᠷᠠᠳ ᠲᠦᠮᠡᠨ ᠳᠤ ᠦᠢᠯᠡᠴᠢᠯᠡᠬᠦ ᠶᠢ ᠨᠢᠭᠲᠠ ᠤᠶᠠᠯᠳᠤᠭᠤᠯᠵᠤ᠂ ᠠᠷᠠᠳ ᠣᠯᠠᠨ ᠤ ᠬᠠᠤᠯᠢ | ᠶᠣᠰᠣᠨ ᠤ ᠡᠷᠬᠡ ᠠᠰᠢᠭ ᠢ ᠪᠠᠲᠤᠯᠠᠬᠤ ᠪᠠ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠬᠤ | ᠠᠵᠢᠯ ᠤᠨ ᠳᠤᠮᠳᠠᠬᠢ ᠬᠠᠤᠯᠢᠴᠢ ᠶᠢᠨ ᠴᠢᠬᠤᠯᠠ ᠦᠢᠯᠡᠳᠦᠯ ᠢ ᠪᠠᠳᠠᠷᠠᠭᠤᠯᠬᠤ ᠬᠡᠷᠡᠭᠲᠠᠢ᠃ ᠲᠦᠷᠪᠡ ᠳᠤ ᠬᠠᠤᠯᠢ | ᠶᠣᠰᠣᠭᠠᠷ ᠠᠵᠢᠯ ᠡᠷᠬᠢᠯᠡᠬᠦ ᠶᠢ ᠪᠠᠷᠢᠮᠲᠠᠯᠠᠬᠤ ᠬᠡᠷᠡᠭᠲᠠᠢ᠃ ᠥᠷᠭᠡᠨ ᠤᠯᠠᠨ ᠬᠠᠤᠯᠢᠴᠢᠳ ᠢ ᠬᠦᠮᠦᠵᠢᠬᠦᠯᠦᠨ | ᠵᠢᠯᠤᠭᠤᠳᠴᠤ ᠦᠨᠳᠦᠰᠦᠨ ᠬᠠᠤᠯᠢ ᠪᠤᠯᠤᠨ ᠬᠠᠤᠯᠢ ᠴᠠᠭᠠᠵᠠ ᠶᠢᠨ ᠡᠷᠬᠡ ᠰᠦᠷ ᠢ ᠤᠬᠠᠮᠰᠠᠷ ᠠᠴᠠ ᠪᠠᠨ | ᠬᠠᠮᠠᠭᠠᠯᠠᠵᠤ᠂ ᠦᠨᠳᠦᠰᠦᠨ ᠬᠠᠤᠯᠢ᠂ ᠬᠠᠤᠯᠢ ᠴᠠᠭᠠᠵᠠ ᠶᠢᠨ ᠨᠡᠷ᠎ᠡ ᠬᠦᠨᠳᠦ ᠶᠢ ᠬᠠᠮᠠᠭᠠᠯᠠᠵᠤ᠂ ᠬᠠᠤᠯᠢ ᠶᠢ ᠴᠢᠩᠭ᠎ᠠ | ᠵᠢᠷᠤᠮᠯᠠᠨ ᠠᠵᠢᠯ ᠡᠷᠬᠢᠯᠡᠬᠦ ᠡᠷᠬᠡ ᠪᠠᠨ ᠬᠡᠷᠡᠭᠵᠢᠬᠦᠯᠦᠨ᠂ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠨ᠂ ᠠᠵᠢᠯ | ᠡᠷᠬᠢᠯᠡᠬᠦ ᠠᠵᠢᠯᠯᠠᠭ᠎ᠠ ᠪᠠᠨ ᠵᠢᠷᠤᠮᠵᠢᠭᠤᠯᠵᠤ᠂ ᠬᠠᠤᠯᠢ ᠶᠣᠰᠣᠭᠠᠷ ᠠᠵᠢᠯ ᠡᠷᠬᠢᠯᠡᠬᠦ ᠬᠤᠷᠢᠭ᠎ᠠ ᠱᠤᠭᠤᠮ ᠢ ᠪᠠᠲᠤ | ᠰᠠᠬᠢᠵᠤ᠂ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠶᠢᠨ ᠦᠨᠡᠨᠴᠢ ᠳᠡᠭᠡᠳᠦᠯᠡᠭᠴᠢ᠂ ᠤᠬᠠᠮᠰᠠᠷᠲᠤ ᠰᠠᠬᠢᠭᠴᠢ᠂ | ᠡᠷᠡᠰ ᠪᠠᠲᠤ ᠬᠠᠮᠠᠭᠠᠯᠠᠭᠴᠢ ᠪᠤᠯᠬᠤ ᠬᠡᠷᠡᠭᠲᠡᠶ᠃ ᠲᠠᠪᠤ ᠳᠤ ᠳᠤᠮᠳᠠᠳᠤ ᠤᠯᠤᠰ ᠤᠨ ᠪᠤᠳᠠᠲᠠᠢ ᠪᠠᠶᠢᠳᠠᠯ ᠠᠴᠠ | ᠡᠭᠦᠰᠬᠦ ᠶᠢ ᠪᠠᠷᠢᠮᠲᠠᠯᠠᠬᠤ ᠭᠡᠷᠡᠭᠲᠠᠢ᠃ ᠮᠠᠨ ᠤ ᠤᠯᠤᠰ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ | ᠪᠤᠯᠤᠨ ᠠᠷᠠᠳᠴᠢᠯᠠᠯᠲᠤ ᠬᠠᠤᠯᠢ ᠳᠦᠷᠢᠮ ᠤᠨ ᠪᠠᠶᠢᠭᠤᠯᠤᠯᠲᠠ ᠶᠢᠨ ᠠᠬᠢᠴᠠ ᠲᠠᠢ ᠵᠤᠬᠢᠴᠠᠵᠤ᠂ ᠬᠠᠤᠯᠢᠴᠢ ᠶᠢᠨ | ᠠᠵᠢᠯ ᠤᠨ ᠬᠥᠭᠵᠢᠯᠲᠡ ᠶᠢᠨ ᠵᠢᠮ᠎ᠡ ᠶᠣᠰᠣ ᠶᠢ ᠵᠢᠷᠤᠮᠯᠠᠨ᠂ ᠬᠠᠤᠯᠢᠴᠢ ᠶᠢᠨ ᠳᠦᠷᠢᠮ ᠤᠨ ᠥᠭᠡᠷᠡᠴᠢᠯᠡᠯᠲᠡ ᠶᠢ | ᠢᠳᠡᠪᠬᠢᠲᠡᠶ ᠪᠥᠭᠡᠳ ᠯᠠᠪᠳᠠᠭᠤᠨ ᠢᠶᠠᠷ ᠲᠦᠯᠬᠢᠨ ᠠᠬᠢᠭᠤᠯᠬᠤ ᠬᠡᠷᠡᠭᠲᠠᠢ᠃ | ᠠᠰᠠᠭᠤᠯᠲᠠ᠄ | ︽ᠰᠠᠨᠠᠯ︾ ᠳᠤ ᠬᠠᠤᠯᠢᠴᠢ ᠶᠢᠨ ᠠᠵᠢᠯ ᠡᠷᠬᠢᠯᠡᠬᠦ ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠭᠦᠯᠬᠦ | ᠲᠠᠯ᠎ᠠ ᠪᠠᠷ ᠶᠠᠮᠠᠷ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠳᠤᠷᠠᠳᠤᠭᠰᠠᠨ ᠪᠤᠢ︖ | ᠬᠠᠷᠢᠭᠤᠯᠲᠠ᠄ | ᠬᠠᠤᠯᠢᠴᠢ ᠶᠢᠨ ᠠᠵᠢᠯ ᠡᠷᠬᠢᠯᠡᠬᠦ ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠭᠦᠯᠬᠦ ᠶᠢᠨ ᠲᠤᠰᠠᠳᠠ᠂ ︽ᠰᠠᠨᠠᠯ︾ | ᠳᠤ ᠵᠢᠷᠭᠤᠭᠠᠨ ᠲᠠᠯ᠎ᠠ ᠶᠢᠨ ᠠᠷᠭ᠎ᠠ ᠬᠡᠮᠵᠢᠶ᠎ᠡ ᠶᠢ ᠳᠤᠷᠠᠳᠪᠠ᠃ ᠨᠢᠭᠡ ᠳᠤ ᠬᠠᠤᠯᠢᠴᠢ ᠶᠢᠨ ᠵᠠᠷᠭᠤᠯᠳᠤᠬᠤ ᠡᠷᠬᠡ ᠶᠢ | ᠪᠠᠲᠤᠯᠠᠨ᠎ᠠ᠃ ᠬᠠᠤᠯᠢᠴᠢ ᠶᠢᠨ ᠠᠵᠢᠯ ᠡᠷᠬᠢᠯᠡᠬᠦ ᠡᠷᠬᠡ ᠠᠰᠢᠭ ᠢ ᠪᠠᠲᠤᠯᠠᠬᠤ ᠠᠷᠭ᠎ᠠ ᠬᠡᠮᠵᠢᠶ᠎ᠡ ᠶᠢ ᠲᠣᠭᠲᠠᠭᠠᠵᠤ᠂ | ᠵᠠᠷᠭᠤᠯᠳᠤᠬᠤ ᠶᠠᠪᠤᠴᠠ ᠳᠤ ᠬᠠᠤᠯᠢᠴᠢ ᠶᠢᠨ ᠪᠠᠶᠢᠳᠠᠯ ᠢ ᠮᠡᠳᠡᠬᠦ ᠡᠷᠬᠡ᠂ ᠭᠤᠶᠤᠴᠢᠯᠠᠬᠤ ᠡᠷᠬᠡ᠂ ᠭᠤᠮᠣᠳᠠᠯ | ᠲᠣᠭᠠᠴᠢᠬᠤ ᠡᠷᠬᠡ ᠵᠡᠷᠭᠡ ᠡᠯ᠎ᠡ ᠵᠦᠢᠯ ᠤᠨ ᠡᠷᠬᠡ ᠠᠰᠢᠭ ᠤᠨ ᠳᠦᠷᠢᠮ ᠤᠨ ᠪᠠᠲᠤᠯᠠᠭ᠎ᠠ ᠶᠢ ᠴᠢᠩᠭᠠᠳᠬᠠᠵᠤ᠂ | ᠬᠠᠤᠯᠢᠴᠢ ᠵᠠᠷᠭᠤᠯᠳᠤᠭᠠᠨ ᠤ ᠳᠤᠮᠳᠠ ᠠᠭᠤᠯᠵᠠᠬᠤ᠂ ᠳᠠᠩᠰᠠ ᠡᠪᠬᠡᠮᠡᠯ ᠢ ᠦᠵᠡᠬᠦ᠂ ᠭᠡᠷᠡᠴᠢ ᠪᠠᠷᠢᠮᠲᠠ | ᠴᠤᠭᠯᠠᠭᠤᠯᠬᠤ ᠪᠠ ᠠᠰᠠᠭᠤᠯᠲᠠ ᠲᠠᠯᠪᠢᠬᠤ᠂ ᠲᠤᠯᠭᠠᠵᠤ ᠭᠡᠷᠡᠴᠢᠯᠡᠬᠦ᠂ ᠮᠠᠷᠭᠤᠯᠳᠤᠬᠤ ᠵᠡᠷᠭᠡ ᠲᠠᠯ᠎ᠠ ᠪᠠᠷ ᠬᠢ ᠬᠠᠮᠢᠶ᠎ᠠ | ᠪᠦᠬᠦᠢ ᠬᠠᠤᠯᠢ ᠴᠠᠭᠠᠵᠠ ᠠᠴᠠ ᠣᠯᠭᠤᠭᠰᠠᠨ ᠠᠵᠢᠯ ᠡᠷᠬᠢᠯᠡᠬᠦ ᠡᠷᠬᠡ ᠠᠰᠢᠭ ᠢ ᠨᠢ ᠬᠠᠤᠯᠢ ᠶᠣᠰᠣᠭᠠᠷ ᠴᠢᠩᠭ᠎ᠠ | ᠨᠠᠶᠢᠳᠠᠪᠤᠷᠢᠵᠢᠭᠤᠯᠤᠨ᠎ᠠ᠃ ᠬᠠᠤᠯᠢᠴᠢ ᠶᠢᠨ ᠭᠡᠷᠡᠴᠢ ᠪᠠᠷᠢᠮᠲᠠ ᠴᠤᠭᠯᠠᠭᠤᠯᠬᠤ ᠲᠦᠷᠢᠮ ᠢ ᠪᠥᠷᠢᠨᠰᠢᠭᠦᠯᠵᠦ᠂ | ᠬᠠᠤᠯᠢᠴᠢ ᠵᠠᠷᠭᠤ ᠶᠢᠨ ᠪᠠ ᠵᠠᠷᠭᠤ ᠶᠢᠨ ᠪᠤᠰᠤ ᠬᠠᠤᠯᠢ ᠴᠠᠭᠠᠵᠠ ᠶᠢᠨ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠡᠭᠡᠨ | ᠦᠢᠯᠡᠳᠪᠦᠷᠢ ᠬᠤᠳᠠᠯᠳᠤᠭ᠎ᠠ᠂ ᠳᠣᠲᠣᠭᠠᠳᠤ ᠶᠢ ᠬᠠᠮᠠᠭᠠᠯᠠᠬᠤ᠂ ᠪᠣᠭᠤᠮᠲᠠ᠂ ᠮᠥᠩᠭᠦᠨ ᠭᠦᠢᠯᠭᠡᠭᠡ ᠪᠠ ᠦᠯᠦ | ᠬᠥᠳᠡᠯᠬᠦ ᠬᠦᠷᠦᠩᠭᠡ ᠶᠢᠨ ᠲᠠᠩᠰᠠᠯᠠᠯᠳᠠ ᠵᠡᠷᠭᠡ ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ ᠪᠠᠶᠢᠳᠠᠯ ᠢ ᠬᠠᠤᠯᠢ | ᠶᠣᠰᠣᠭᠠᠷ ᠪᠠᠶᠢᠴᠠᠭᠠᠨ ᠬᠠᠷᠭᠤᠭᠤᠯᠵᠤ ᠪᠣᠯᠤᠨ᠎ᠠ᠃ ᠬᠤᠶᠠᠷ ᠲᠤ ᠬᠠᠤᠯᠢᠴᠢ ᠶᠢᠨ ᠵᠠᠷᠭᠤ ᠳᠤ ᠣᠷᠣᠯᠴᠠᠬᠤ ᠳᠤ | ᠳᠥᠭᠦᠮ ᠦᠵᠡᠭᠦᠯᠬᠦ ᠲᠣᠭᠲᠠᠴᠠ ᠶᠢ ᠪᠦᠷᠢᠨᠰᠢᠭᠦᠯᠦᠨ᠎ᠡ᠃ ᠬᠠᠤᠯᠢᠴᠢ ᠠᠷᠠᠳ ᠤᠨ ᠰᠢᠭᠦᠬᠦ ᠬᠤᠷᠢᠶᠠᠨ ᠳᠤ ᠣᠷᠣᠵᠤ | ᠵᠠᠷᠭᠤᠯᠳᠤᠭᠠᠨ ᠳᠤ ᠣᠷᠣᠯᠴᠠᠬᠤ ᠳᠤ ᠠᠮᠤᠷ ᠲᠦᠪᠰᠢᠨ ᠤ ᠪᠠᠶᠢᠴᠠᠭᠠᠯᠲᠠ ᠬᠢᠬᠦ ᠴᠢᠬᠤᠯᠠ ᠲᠠᠢ ᠪᠣᠯ᠂ ᠰᠢᠭᠦᠯᠲᠡ ᠳᠤ | ᠣᠷᠣᠯᠴᠠᠵᠤ ᠡᠭᠦᠷᠭᠡ ᠲᠤᠰᠢᠶᠠᠯ ᠢᠶᠠᠨ ᠭᠦᠢᠴᠡᠳᠬᠡᠬᠦ ᠪᠠᠶᠢᠴᠠᠭᠠᠬᠤ ᠠᠵᠢᠯᠲᠠᠨ ᠲᠠᠢ ᠡᠷᠬᠡ ᠲᠡᠭᠰᠢ ᠬᠠᠨᠳᠤᠨ᠎ᠠ᠃ | ᠬᠠᠤᠯᠢᠴᠢ ᠶᠢᠨ ᠠᠭᠤᠯᠵᠠᠬᠤ ᠭᠡᠷ᠂ ᠳᠠᠩᠰᠠ ᠡᠪᠬᠡᠮᠡᠯ ᠦᠵᠡᠬᠦ ᠭᠡᠷ᠂ ᠵᠠᠷᠭᠤ ᠬᠢᠬᠦ ᠬᠦᠯᠢᠶᠡᠨ ᠠᠪᠬᠤ | ᠦᠢᠯᠡᠴᠢᠯᠡᠭᠡᠨ ᠤ ᠲᠥᠪ᠂ ᠲᠤᠰᠬᠠᠶ ᠨᠡᠪᠲᠡᠷᠡᠬᠦ ᠵᠠᠮ ᠵᠡᠷᠭᠡ ᠬᠦᠯᠢᠶᠡᠨ ᠠᠪᠬᠤ ᠦᠢᠯᠡᠴᠢᠯᠡᠭᠡᠨ ᠤ ᠪᠡᠯᠡᠳᠬᠡᠮᠵᠢ ᠶᠢ | ᠪᠦᠷᠢᠨᠰᠢᠭᠦᠯᠵᠦ᠂ ᠠᠵᠢᠯ ᠤᠨ ᠶᠠᠪᠤᠴᠠ ᠶᠢ ᠵᠢᠷᠤᠮᠵᠢᠭᠤᠯᠵᠤ᠂ ᠬᠠᠤᠯᠢᠴᠢ ᠶᠢᠨ ᠬᠡᠷᠡᠭ ᠪᠣᠯᠭᠠᠨ ᠳᠠᠩᠰᠠᠯᠠᠬᠤ᠂ | ᠠᠭᠤᠯᠵᠠᠬᠤ᠂ ᠳᠠᠩᠰᠠ ᠡᠪᠬᠡᠮᠡᠯ ᠦᠵᠡᠬᠦ᠂ ᠲᠢᠩᠬᠢᠮ ᠤᠨ ᠰᠢᠭᠦᠯᠲᠡ ᠳᠤ ᠣᠷᠣᠯᠴᠠᠵᠤ᠂ ᠭᠦᠢᠴᠡᠳᠬᠡᠭᠦᠯᠬᠦ ᠪᠠᠷ | ᠭᠤᠶᠤᠴᠢᠯᠠᠬᠤ ᠵᠡᠷᠭᠡ ᠬᠡᠷᠡᠭ ᠶᠠᠪᠤᠳᠠᠯ ᠳᠤ ᠳᠥᠭᠦᠮ ᠦᠵᠡᠭᠦᠯᠦᠨ᠎ᠡ᠃ ᠭᠤᠷᠪᠠ ᠳᠤ ᠬᠠᠤᠯᠢᠴᠢ ᠶᠢᠨ ᠠᠵᠢᠯ | ᠡᠷᠬᠢᠯᠡᠬᠦ ᠡᠷᠬᠡ ᠳᠤ ᠲᠤᠰᠠᠯᠠᠮᠵᠢ ᠦᠵᠡᠭᠦᠯᠬᠦ ᠲᠣᠭᠲᠠᠴᠠ ᠶᠢ ᠪᠦᠷᠢᠨᠰᠢᠭᠦᠯᠦᠨ᠎ᠡ᠃ ᠬᠠᠤᠯᠢᠴᠢ ᠶᠢᠨ ᠵᠠᠷᠭᠤᠯᠳᠤᠬᠤ | ᠡᠷᠬᠡ ᠪᠠᠨ ᠬᠠᠤᠯᠢ ᠶᠣᠰᠣᠭᠠᠷ ᠬᠡᠷᠡᠭᠵᠢᠭᠦᠯᠬᠦ ᠶᠢ ᠬᠠᠷᠰᠢᠯᠠᠭᠰᠠᠨ ᠶᠠᠪᠤᠳᠠᠯ ᠳᠤ᠂ ᠬᠠᠮᠢᠶ᠎ᠠ ᠪᠦᠬᠦᠢ ᠬᠠᠤᠯᠢ | ᠴᠠᠭᠠᠵᠠ ᠶᠢᠨ ᠪᠠᠶᠢᠭᠤᠯᠭ᠎ᠠ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠬᠠᠤᠯᠢ ᠶᠣᠰᠣᠭᠠᠷ ᠵᠣᠬᠢᠴᠠᠩᠭᠤᠶ ᠲᠡᠰ | ᠳᠠᠷᠠᠭᠠᠯᠠᠯ ᠢ ᠠᠪᠴᠤ ᠵᠠᠰᠠᠨ ᠵᠠᠯᠠᠷᠠᠭᠤᠯᠵᠦ᠂ ᠬᠠᠮᠢᠶ᠎ᠠ ᠪᠦᠬᠦᠢ ᠬᠥᠮᠦᠰ ᠠᠴᠠ ᠬᠠᠷᠢᠭᠤᠴᠠᠯᠭ᠎ᠠ ᠨᠡᠬᠡᠮᠵᠢᠯᠡᠨ᠎ᠡ᠃ | ᠬᠠᠤᠯᠢᠴᠢ ᠬᠠᠤᠯᠢ ᠶᠣᠰᠣᠭᠠᠷ ᠠᠵᠢᠯ ᠡᠷᠬᠢᠯᠡᠬᠦ ᠶᠠᠪᠤᠴᠠ ᠳᠠᠭᠠᠨ ᠭᠤᠲᠤᠭᠠᠨ ᠳᠣᠷᠣᠮᠵᠢᠯᠠᠭᠳᠠᠵᠤ᠂ ᠭᠦᠳᠭᠡᠭᠳᠡᠵᠦ᠂ | ᠰᠦᠷᠳᠡᠭᠦᠯᠦᠭᠳᠡᠵᠦ᠂ ᠬᠠᠷᠢᠭᠤ ᠠᠪᠤᠭᠤᠯᠤᠭᠰᠠᠨ ᠪᠠ ᠪᠡᠶ᠎ᠡ ᠮᠠᠬᠠᠪᠣᠳ ᠨᠢ ᠰᠢᠷᠬᠠᠲᠤᠵᠤ ᠭᠡᠮᠲᠦᠭᠰᠡᠨ ᠪᠣᠯ᠂ | ᠬᠤᠯᠪᠣᠭᠳᠠᠯ ᠪᠦᠬᠦᠢ ᠪᠠᠶᠢᠭᠤᠯᠭ᠎ᠠ ᠴᠠᠭ ᠳᠠᠷᠤᠢ ᠳᠤᠨᠢ ᠬᠤᠷᠢᠭᠯᠠᠨ ᠵᠣᠭᠰᠣᠭᠠᠬᠤ ᠶᠢᠨ ᠬᠠᠮᠲᠤ ᠬᠠᠤᠯᠢ ᠶᠣᠰᠣᠭᠠᠷ | ᠰᠢᠢᠳᠪᠦᠷᠢᠯᠡᠨ᠎ᠡ᠃ ᠲᠦᠷᠪᠡ ᠳᠤ ᠵᠠᠰᠠᠭ ᠤᠨ ᠣᠷᠳᠣᠨ ᠬᠠᠤᠯᠢ ᠴᠠᠭᠠᠵᠠ ᠶᠢᠨ ᠦᠢᠯᠡᠴᠢᠯᠡᠭᠡᠨ ᠬᠤᠳᠠᠯᠳᠤᠨ ᠠᠪᠬᠤ | ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠬᠠᠤᠯᠢᠴᠢ ᠨᠠᠮ ᠵᠠᠰᠠᠭ ᠤᠨ ᠪᠠᠶᠢᠭᠤᠯᠭ᠎ᠠ ᠪᠠ ᠠᠷᠠᠳ ᠤᠨ | ᠪᠦᠯᠬᠦᠮ ᠳᠤ ᠬᠠᠤᠯᠢ ᠴᠠᠭᠠᠵᠠ ᠶᠢᠨ ᠵᠥᠪᠯᠡᠭᠴᠢ ᠶᠢᠨ ᠲᠤᠰᠢᠶᠠᠯ ᠡᠭᠦᠷᠭᠡᠯᠡᠬᠦ᠂ ᠵᠠᠬᠢᠳᠠᠯ ᠰᠤᠷᠪᠤᠯᠵᠢᠯᠠᠭ᠎ᠠ ᠶᠢ | ᠬᠦᠯᠢᠶᠡᠨ ᠠᠪᠬᠤ ᠪᠠ ᠰᠢᠢᠳᠪᠦᠷᠢᠯᠡᠬᠦ᠂ ᠡᠶᠡᠳᠡᠭᠦᠯᠭᠡ ᠳᠤ ᠣᠷᠣᠯᠴᠠᠬᠤ ᠵᠡᠷᠭᠡ ᠬᠡᠷᠡᠭ ᠶᠠᠪᠤᠳᠠᠯ ᠢ ᠵᠠᠰᠠᠭ ᠤᠨ | ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠭᠠᠷᠴᠠᠭ ᠲᠤ ᠨᠢᠭᠡᠳᠦᠯᠲᠡᠶ ᠲᠥᠯᠥᠪᠯᠡᠨ ᠣᠷᠣᠭᠤᠯᠤᠨ᠎ᠠ᠃ | ᠲᠠᠪᠤ ᠳᠤ ᠬᠠᠤᠯᠢᠴᠢ ᠶᠢᠨ ᠠᠵᠢᠯ ᠲᠦ᠋ᠷᠦᠯ ᠤᠨ ᠡᠳ᠋ ᠤᠨ ᠵᠠᠰᠠᠭ ᠭᠠᠶᠢᠯᠢ ᠲᠠᠲᠠᠪᠤᠷᠢ ᠪᠣᠯᠤᠨ ᠨᠡᠶᠢᠭᠡᠮ ᠤᠨ | ᠪᠠᠲᠤᠯᠠᠭ᠎ᠠ ᠶᠢᠨ ᠲᠦᠷᠦ ᠶᠢᠨ ᠪᠤᠳᠤᠯᠭ᠎ᠠ ᠶᠢ ᠰᠤᠳᠤᠯᠤᠨ ᠪᠦᠷᠢᠨᠰᠢᠭᠦᠯᠦᠨ᠎ᠡ᠃ ᠬᠠᠤᠯᠢᠴᠢ ᠶᠢᠨ ᠬᠡᠷᠡᠭ ᠡᠷᠬᠢᠯᠡᠬᠦ | ᠭᠠᠵᠠᠷ ᠪᠣᠯᠤᠨ ᠬᠠᠤᠯᠢᠴᠢ ᠶᠢᠨ ᠠᠯᠪᠠᠳᠠᠯᠭ᠎ᠠ ᠶᠢᠨ ᠠᠵᠢᠯ ᠮᠡᠷᠭᠡᠵᠢᠯ ᠤᠨ ᠬᠠᠷᠢᠭᠤᠴᠠᠯᠭ᠎ᠠ ᠶᠢᠨ ᠳᠠᠭᠠᠳᠬᠠᠯ ᠢ | ᠬᠡᠷᠡᠭᠵᠢᠭᠦᠯᠦᠨ᠎ᠡ᠃ ᠵᠢᠷᠭᠤᠭ᠎ᠠ ᠳᠤ᠂ ᠬᠠᠤᠯᠢᠴᠢ ᠶᠢᠨ ᠠᠵᠢᠯᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃ | ᠬᠤᠳᠠᠯ ᠬᠠᠭᠤᠷᠮᠠᠭ ᠢᠶᠠᠷ ᠬᠠᠤᠯᠢᠴᠢ ᠶᠢᠨ ᠠᠵᠢᠯ ᠡᠷᠬᠢᠯᠡᠬᠦ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ | ᠰᠢᠢᠳᠪᠦᠷᠢᠯᠡᠵᠦ᠂ ᠬᠤᠳᠠᠯ ᠬᠠᠭᠤᠷᠮᠠᠭ ᠢᠶᠠᠷ ᠬᠠᠤᠯᠢᠴᠢ ᠶᠢᠨ ᠠᠵᠢᠯ ᠡᠷᠬᠢᠯᠡᠭᠰᠡᠳ ᠠᠴᠠ᠂ ᠬᠠᠤᠯᠢ ᠶᠣᠰᠣᠭᠠᠷ | ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠠᠰᠠᠭᠤᠯᠲᠠ᠄ | ︽ᠰᠠᠨᠠᠯ︾ ᠳᠤ ᠬᠠᠤᠯᠢᠴᠢ ᠶᠢᠨ ᠠᠵᠢᠯ ᠡᠷᠭᠢᠯᠡᠭᠦ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠬᠦ | ᠲᠠᠯ᠎ᠠ ᠪᠠᠷ ᠶᠠᠮᠠᠷ ᠬᠡᠳᠦᠨ ᠱᠠᠭᠠᠷᠳᠠᠯᠭ᠎ᠠ ᠳᠤᠷᠠᠳᠤᠭᠰᠠᠨ ᠪᠤᠶ︖ | ᠬᠠᠷᠢᠭᠤᠯᠲᠠ᠄ | ︽ᠰᠠᠨᠠᠯ︾ ᠳᠤ ᠬᠠᠤᠯᠢᠴᠢ ᠶᠢᠨ ᠠᠵᠢᠯ ᠡᠷᠭᠢᠯᠡᠭᠦ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠬᠦ ᠳᠤ | ᠲᠠᠪᠤᠨ ᠲᠠᠯ᠎ᠠ ᠶᠢᠨ ᠱᠠᠭᠠᠷᠳᠠᠯᠭ᠎ᠠ ᠳᠤᠷᠠᠳᠪᠠ᠃ ᠨᠢᠭᠡ ᠳᠤ ᠬᠠᠤᠯᠢᠴᠢ ᠶᠢᠨ ᠠᠵᠢᠯ ᠡᠷᠬᠢᠯᠡᠬᠦ | ᠠᠵᠢᠯᠯᠠᠭ᠎ᠠ ᠵᠢᠷᠤᠮᠵᠢᠭᠤᠯᠤᠯ ᠢ ᠲᠡᠭᠦᠯᠳᠡᠷᠵᠢᠭᠦᠯᠦᠨ᠎ᠡ᠃ ᠬᠠᠤᠯᠢᠴᠢ ᠶᠢᠨ ᠠᠵᠢᠯ ᠡᠷᠬᠢᠯᠡᠬᠦ ᠠᠵᠢᠯᠯᠠᠭ᠎ᠠ ᠶᠢ ᠤᠯᠠᠮ | ᠵᠢᠷᠤᠮᠵᠢᠭᠤᠯᠬᠤ ᠳᠦᠷᠢᠮ ᠪᠣᠯᠣᠨ ᠠᠵᠢᠯ ᠲᠦᠷᠤᠯ ᠤᠨ ᠵᠢᠷᠤᠮᠵᠢᠯ ᠢ ᠪᠦᠷᠢᠨᠰᠢᠭᠦᠯᠵᠦ᠂ ᠬᠠᠤᠯᠢᠴᠢ ᠬᠤᠷᠢᠭᠳᠠᠵᠤ | ᠪᠠᠶᠢᠭ᠎ᠠ ᠬᠥᠮᠦᠰ ᠲᠠᠢ ᠠᠭᠤᠯᠵᠠᠬᠤ ᠪᠠ ᠲᠢᠩᠬᠢᠮ ᠤᠨ ᠰᠢᠭᠦᠯᠲᠡ ᠳᠤ ᠣᠷᠣᠯᠴᠠᠬᠤ ᠳᠤ ᠵᠢᠷᠤᠮᠯᠠᠬᠤ ᠶᠣᠰᠣᠲᠠᠶ | ᠲᠣᠭᠲᠠᠭᠠᠯ ᠵᠢᠴᠢ ᠵᠠᠯᠬᠠᠭᠠᠨ ᠴᠡᠭᠡᠷᠯᠡᠭᠦᠯᠬᠦ ᠠᠷᠭ᠎ᠠ ᠶᠢ ᠲᠣᠭᠲᠠᠭᠠᠵᠤ᠂ ᠬᠠᠤᠯᠢᠴᠢ ᠪᠣᠯᠤᠨ ᠬᠠᠤᠯᠢᠴᠢ ᠶᠢᠨ ᠬᠡᠷᠡᠭ | ᠡᠷᠬᠢᠯᠡᠬᠦ ᠭᠠᠵᠠᠷ ᠤᠨ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠰᠢᠳᠬᠡᠬᠦ ᠠᠷᠭ᠎ᠠ᠂ ᠬᠠᠤᠯᠢᠴᠢ ᠶᠢᠨ ᠨᠡᠶᠢᠭᠡᠮᠯᠢᠭ ᠤᠨ | ᠭᠡᠰᠢᠭᠦᠨ ᠤ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠳᠤ ᠰᠢᠳᠬᠡᠯ ᠥᠭᠬᠦ ᠲᠦᠷᠢᠮ ᠢ ᠪᠥᠷᠢᠨᠰᠢᠭᠦᠯᠵᠦ᠂ | ᠬᠠᠤᠯᠢᠴᠢ ᠬᠢᠭᠡᠳ ᠬᠠᠤᠯᠢ ᠴᠠᠭᠠᠵᠠ ᠶᠢᠨ ᠠᠵᠢᠯᠲᠠᠨ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯᠳᠡᠠ ᠤ | ᠠᠭᠤᠯᠵᠠᠵᠤ ᠶᠠᠪᠤᠯᠴᠠᠬᠤ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠵᠢᠷᠤᠮᠵᠢᠭᠤᠯᠤᠨ᠎ᠠ᠃ ᠬᠤᠶᠠᠷ ᠲᠤ ᠠᠵᠢᠯ | ᠡᠷᠬᠢᠯᠡᠬᠦ ᠵᠠᠯᠬᠠᠭᠠᠨ ᠴᠡᠭᠡᠷᠯᠡᠭᠦᠯᠬᠦ ᠲᠦᠷᠢᠮ ᠢ ᠴᠢᠩᠭ᠎ᠠ ᠬᠡᠷᠡᠭᠵᠢᠭᠦᠯᠦᠨ᠎ᠡ᠃ ᠵᠠᠭᠠᠯᠳᠤᠯᠭ᠎ᠠ ᠶᠢ ᠬᠦᠯᠢᠶᠡᠨ ᠠᠪᠬᠤ᠂ | ᠪᠠᠶᠢᠴᠠᠭᠠᠬᠤ᠂ ᠭᠡᠷᠡᠴᠢᠯᠡᠭᠡ ᠰᠣᠨᠣᠰᠬᠤ ᠰᠢᠢᠳᠪᠦᠷᠢᠯᠡᠬᠦ ᠵᠡᠷᠭᠡ ᠠᠵᠢᠯ ᠤᠨ ᠲᠡᠰ ᠳᠠᠷᠠᠭᠠᠯᠠᠯ ᠢ ᠪᠠᠶᠢᠭᠤᠯᠤᠨ | ᠪᠥᠷᠢᠨᠰᠢᠭᠦᠯᠵᠦ᠂ ᠵᠠᠰᠠᠭ ᠵᠠᠬᠢᠷᠭᠠᠨ ᠤ ᠰᠢᠳᠬᠡᠯ ᠥᠭᠬᠦ ᠪᠠ ᠠᠵᠢᠯ ᠲᠦᠷᠦᠯ ᠤᠨ ᠵᠠᠯᠬᠠᠭᠠᠨ ᠴᠡᠭᠡᠷᠯᠡᠭᠦᠯᠬᠦ ᠠᠵᠢᠯ ᠢ | ᠵᠣᠯᠭᠠᠭᠤᠯᠬᠤ ᠶᠢ ᠴᠢᠩᠭᠠᠳᠬᠠᠨ᠎ᠠ᠃ ᠰᠢᠳᠬᠡᠯ ᠥᠭᠬᠦ ᠲᠥᠷᠥᠯ ᠵᠦᠢᠯ ᠢ ᠪᠥᠷᠢᠨᠰᠢᠭᠦᠯᠦᠨ᠎ᠡ᠃ ᠬᠠᠤᠯᠢᠴᠢ ᠬᠠᠤᠯᠢ ᠶᠢ | ᠵᠥᠷᠢᠴᠡᠵᠦ ᠰᠠᠬᠢᠯᠭ᠎ᠠ ᠪᠠᠲᠤ ᠶᠢ ᠵᠥᠷᠢᠴᠡᠭᠰᠡᠨ ᠠᠴᠠ ᠪᠤᠯᠵᠤ ᠠᠵᠢᠯ ᠡᠷᠬᠢᠯᠡᠬᠦ ᠦᠨᠡᠮᠯᠡᠯ ᠢᠶᠠᠨ ᠬᠦᠴᠦᠨ ᠦᠭᠡᠢ | ᠪᠣᠯᠭ᠋ᠭᠰᠠᠨ ᠪᠣᠯ ᠬᠠᠤᠯᠢ ᠴᠠᠭᠠᠵᠠ ᠶᠢᠨ ᠠᠵᠢᠯ ᠮᠡᠷᠭᠡᠵᠢᠯ ᠡᠷᠬᠢᠯᠡᠬᠦ ᠶᠢ ᠨᠢ ᠨᠠᠰᠤᠨ ᠲᠤᠷᠰᠢᠳᠠ ᠴᠠᠭᠠᠵᠠᠯᠠᠨ᠎ᠠ᠃ | ᠬᠠᠤᠯᠢᠴᠢ ᠶᠢᠨ ᠮᠠᠭᠤ ᠠᠵᠢᠯ ᠡᠷᠬᠢᠯᠡᠭᠰᠡᠨ ᠮᠡᠳᠡᠭᠡ ᠵᠠᠩᠭᠢ ᠶᠢ ᠲᠡᠮᠳᠡᠭᠯᠡᠨ ᠨᠡᠶᠢᠲᠡᠯᠡᠬᠦ ᠪᠠ ᠪᠠᠶᠢᠴᠠᠭᠠᠨ ᠯᠠᠪᠯᠠᠬᠤ | ᠲᠦᠷᠢᠮ ᠢ ᠬᠡᠷᠡᠭᠵᠢᠭᠦᠯᠵᠦ᠂ ᠬᠠᠤᠯᠢᠴᠢ ᠶᠢᠨ ᠢᠲᠡᠭᠡᠯ ᠠᠯᠳᠠᠭᠰᠠᠨ ᠢ ᠵᠠᠯᠬᠠᠭᠠᠨ ᠴᠡᠭᠡᠷᠯᠡᠭᠦᠯᠬᠦ ᠮᠡᠳᠡᠭᠡ ᠵᠠᠩᠭᠢ ᠶᠢ | ᠴᠠᠭ ᠲᠤᠬᠠᠶ ᠳᠤᠨᠢ ᠨᠡᠶᠢᠲᠡᠯᠡᠨ᠎ᠡ᠃ ᠬᠠᠤᠯᠢᠴᠢ ᠶᠢᠨ ᠠᠵᠢᠯ ᠡᠷᠬᠢᠯᠡᠬᠦ ᠦᠨᠡᠮᠯᠡᠯ ᠢᠶᠠᠨ ᠬᠦᠴᠦᠨ ᠦᠭᠡᠢ ᠬᠦᠴᠦᠨ | ᠤᠢᠭᠡᠢ ᠪᠣᠯᠭᠠᠭᠰᠠᠨ ᠪᠠ ᠬᠠᠰᠤᠭᠳᠠᠭᠰᠠᠨ ᠬᠥᠮᠥᠨ ᠤ ᠲᠤᠬᠠᠢ ᠠᠯᠪᠠᠨ ᠵᠠᠷ ᠢ ᠲᠣᠭᠲᠠᠮᠠᠯ ᠬᠤᠭᠤᠴᠠᠭ᠎ᠠ ᠲᠠᠢ ᠪᠠᠷ | ᠨᠡᠶᠢᠲᠡᠯᠡᠨ᠎ᠡ᠃ ᠭᠤᠷᠪᠠ ᠳᠤ ᠠᠵᠢᠯ ᠮᠡᠷᠭᠡᠵᠢᠯ ᠤᠨ ᠦᠨᠡᠯᠡᠯᠲᠡ ᠶᠢᠨ ᠰᠢᠰᠲ᠋ᠧᠮᠵᠢ ᠶᠢ ᠪᠦᠷᠢᠨᠰᠢᠭᠦᠯᠦᠨ᠎ᠡ᠃ | ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠣᠨ ᠤ ᠬᠢᠨᠠᠨ ᠰᠢᠯᠭᠠᠯᠲᠠ ᠪᠠ ᠬᠠᠤᠯᠢᠴᠢ ᠶᠢᠨ ᠣᠨ ᠤ ᠬᠢᠨᠠᠨ | ᠰᠢᠯᠭᠠᠯᠲᠠ ᠶᠢᠨ ᠲᠦᠷᠢᠮ ᠢ ᠪᠥᠷᠢᠨᠰᠢᠭᠦᠯᠵᠦ᠂ ᠬᠠᠤᠯᠢᠴᠢ ᠶᠢᠨ ᠠᠵᠢᠯ ᠮᠡᠷᠭᠡᠵᠢᠯ ᠤᠨ ᠬᠢᠷᠢ ᠬᠡᠮᠵᠢᠶ᠎ᠡ ᠶᠢ ᠦᠨᠡᠯᠡᠬᠦ | ᠲᠦᠷᠢᠮ ᠢ ᠪᠦᠷᠢᠨᠰᠢᠭᠦᠯᠵᠦ᠂ ᠰᠢᠯᠢᠳᠡᠭ ᠨᠢ ᠰᠣᠩᠭᠤᠭᠳᠠᠵᠤ ᠰᠢᠭᠠᠷᠤ ᠨᠢ ᠰᠢᠭᠰᠢᠭᠳᠡᠬᠦ ᠤᠷᠮᠠᠰᠢᠭᠤᠯᠬᠤ | ᠬᠢᠵᠠᠭᠠᠷᠯᠠᠬᠤ ᠲᠣᠭᠲᠠᠴᠠ ᠶᠢ ᠪᠠᠶᠢᠭᠤᠯᠤᠨ᠎ᠠ᠃ ᠲᠦᠷᠪᠡ ᠳᠤ ᠠᠵᠢᠯ ᠡᠷᠬᠢᠯᠡᠬᠦ ᠬᠠᠮᠢᠶᠠᠷᠤᠯᠲᠠ ᠶᠢᠨ ᠪᠠᠶᠢᠭᠤᠯᠤᠯ ᠢ | ᠲᠡᠭᠦᠯᠳᠡᠷᠵᠢᠭᠦᠯᠦᠨ᠎ᠡ᠃ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠠᠰᠠᠭ ᠵᠠᠬᠢᠷᠭᠠᠨ ᠤ | ᠬᠠᠮᠢᠶᠠᠷᠤᠯᠲᠠ ᠪᠠ ᠬᠠᠤᠯᠢᠴᠢ ᠶᠢᠨ ᠨᠡᠶᠢᠭᠡᠮᠯᠢᠭ ᠤᠨ ᠠᠵᠢᠯ ᠲᠦᠷᠦᠯ ᠤᠨ ᠪᠡᠶ᠎ᠡ ᠪᠠᠨ ᠪᠠᠷᠢᠬᠤ ᠬᠠᠮᠢᠶᠠᠷᠤᠯᠲᠠ ᠶᠢ | ᠤᠶᠠᠯᠳᠤᠭᠤᠯᠤᠭᠰᠠᠨ ᠬᠠᠤᠯᠢᠴᠢ ᠶᠢᠨ ᠠᠵᠢᠯ ᠤᠨ ᠬᠠᠮᠢᠶᠠᠷᠤᠯᠲᠠ ᠶᠢᠨ ᠪᠠᠶᠢᠭᠤᠯᠤᠯ ᠢ ᠪᠠᠷᠢᠮᠲᠠᠯᠠᠨ | ᠲᠡᠭᠦᠯᠳᠡᠷᠵᠢᠭᠦᠯᠦᠨ᠎ᠡ᠃ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠨᠢ ᠬᠠᠤᠯᠢᠴᠢ᠂ ᠬᠠᠤᠯᠢᠴᠢ ᠶᠢᠨ | ᠬᠡᠷᠡᠭ ᠡᠷᠬᠢᠯᠡᠬᠦ ᠭᠠᠵᠠᠷ ᠪᠣᠯᠤᠨ ᠬᠠᠤᠯᠢᠴᠢ ᠶᠢᠨ ᠨᠡᠶᠢᠭᠡᠮᠯᠢᠭ ᠲᠤ ᠬᠢᠨᠠᠯᠲᠠ ᠲᠠᠯᠪᠢᠬᠤ᠂ ᠵᠢᠭᠠᠨ ᠵᠢᠯᠣᠭᠤᠳᠬᠤ | ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠬᠤᠲᠠ᠂ ᠰᠢᠶᠠᠨ ᠤ ᠬᠤᠶᠠᠷ ᠱᠠᠲᠤᠨ ᠤ ᠬᠠᠤᠯᠢ | ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠳᠠᠬᠢ ᠡᠳᠦᠷ ᠲᠤᠲᠤᠮ ᠤᠨ ᠬᠢᠨᠠᠯᠲᠠ ᠲᠠᠯᠪᠢᠬᠤ ᠡᠭᠦᠷᠭᠡ | ᠴᠢᠳᠠᠪᠤᠷᠢ ᠪᠠᠨ ᠴᠢᠩᠭᠠᠳᠬᠠᠬᠤ ᠬᠡᠷᠡᠭᠲᠡᠢ᠃ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ | ᠪᠠᠶᠢᠴᠠᠭᠠᠨ ᠰᠢᠢᠳᠪᠦᠷᠢᠯᠡᠬᠦ ᠠᠵᠢᠯ ᠤᠨ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠬᠠᠤᠯᠢᠴᠢ ᠶᠢᠨ | ᠳᠠᠩᠰᠠᠯᠠᠭᠤᠯᠤᠭᠰᠠᠨ ᠭᠠᠵᠠᠷ ᠠᠴᠠ ᠪᠤᠰᠤᠳ ᠭᠠᠵᠠᠷ ᠲᠤ ᠠᠵᠢᠯ ᠡᠷᠬᠢᠯᠡᠬᠦ ᠬᠠᠮᠢᠶᠠᠷᠤᠯᠲᠠ ᠶᠢᠨ ᠲᠣᠭᠲᠠᠴᠠ ᠶᠢ | ᠪᠥᠷᠢᠨᠰᠢᠭᠦᠯᠵᠦ᠂ ᠣᠨᠳᠣᠣ ᠭᠠᠵᠠᠷ ᠲᠤ ᠠᠵᠢᠯ ᠡᠷᠬᠢᠯᠡᠬᠦ ᠬᠠᠮᠢᠶᠠᠷᠤᠯᠲᠠ ᠶᠢ ᠵᠢᠷᠤᠮᠵᠢᠭᠤᠯᠤᠨ᠎ᠠ᠃ ᠬᠠᠤᠯᠢ | ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠤᠯᠢᠴᠢ ᠶᠢ ᠬᠠᠮᠢᠶᠠᠷᠬᠤ ᠬᠦᠴᠦᠨ ᠢ ᠴᠢᠩᠭᠠᠳᠬᠠᠵᠤ᠂ | ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠴᠢᠩᠭᠠᠷᠠᠭᠤᠯᠤᠨ᠎ᠠ᠃ ᠬᠠᠤᠯᠢᠴᠢ ᠶᠢᠨ ᠨᠡᠶᠢᠭᠡᠮᠯᠢᠭ ᠤᠨ | ᠪᠠᠶᠢᠭᠤᠯᠤᠯᠲᠠ ᠶᠢ ᠴᠢᠩᠭᠠᠳᠬᠠᠵᠤ᠂ ᠨᠠᠮ ᠪᠠ ᠵᠠᠰᠠᠭ ᠤᠨ ᠣᠷᠳᠣᠨ ᠠᠴᠠ ᠥᠷᠭᠡᠨ ᠤᠯᠠᠨ ᠬᠠᠤᠯᠢᠴᠢ ᠲᠠᠢ | ᠬᠠᠷᠢᠯᠴᠠᠬᠤ ᠬᠥᠭᠦᠷᠭᠡ ᠬᠤᠯᠪᠣᠭᠠᠰᠤ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠠᠵᠢᠯ ᠲᠥᠷᠥᠯ ᠤᠨ | ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠬᠠᠤᠯᠢ ᠲᠦᠷᠢᠮ ᠶᠣᠰᠣᠭᠠᠷ ᠭᠦᠢᠴᠡᠳᠬᠡᠵᠦ᠂ ᠠᠵᠢᠯ ᠲᠥᠷᠥᠯ ᠤᠨ | ᠪᠡᠶ᠎ᠡ ᠪᠠᠨ ᠪᠠᠷᠢᠬᠤ ᠬᠠᠮᠢᠶᠠᠷᠤᠯᠲᠠ ᠶᠢᠨ ᠴᠢᠳᠠᠪᠤᠷᠢ ᠶᠢ ᠨᠢ ᠳᠡᠭᠡᠭᠰᠢᠯᠡᠭᠦᠯᠵᠦ᠂ ᠬᠠᠤᠯᠢᠴᠢ ᠶᠢᠨ ᠬᠠᠤᠯᠢ ᠶᠣᠰᠣᠨ ᠤ | ᠡᠷᠬᠡ ᠠᠰᠢᠭ ᠢ ᠬᠠᠮᠠᠭᠠᠯᠠᠵᠤ᠂ ᠪᠡᠶ᠎ᠡ ᠪᠠᠨ ᠪᠠᠷᠢᠬᠤ ᠵᠢᠷᠤᠮᠵᠢᠭᠤᠯᠤᠯ ᠤᠨ ᠰᠢᠰᠲ᠋ᠧᠮᠵᠢ ᠶᠢ ᠲᠡᠭᠦᠯᠳᠡᠷᠵᠢᠭᠦᠯᠦᠨ᠂ | ᠬᠠᠤᠯᠢᠴᠢ ᠶᠢᠨ ᠠᠵᠢᠯ ᠡᠷᠬᠢᠯᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠵᠤ ᠪᠣᠯᠤᠨ᠎ᠠ᠃ ᠬᠠᠤᠯᠢᠴᠢ ᠶᠢᠨ ᠬᠡᠷᠡᠭ | ᠡᠷᠬᠢᠯᠡᠬᠦ ᠭᠠᠵᠠᠷ ᠲᠠᠢ ᠬᠠᠮᠢᠶᠠᠷᠤᠯᠲᠠ ᠶᠢ ᠴᠢᠩᠭᠠᠳᠬᠠᠵᠤ᠂ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠢ ᠬᠠᠮᠢᠶᠠᠷᠬᠤ | ᠰᠢᠨᠵᠢᠯᠡᠬᠦ ᠤᠬᠠᠭᠠᠨᠴᠢ ᠪᠦᠲᠦᠴᠡ ᠶᠢ ᠪᠠᠶᠢᠭᠤᠯᠵᠤ᠂ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠲᠤᠰᠬᠠᠶ ᠲᠣᠰᠢᠶᠠᠯᠲᠣ | ᠬᠠᠮᠢᠶᠠᠷᠤᠯᠲᠠ ᠶᠢᠨ ᠬᠤᠷᠰᠢᠬᠴᠢ ᠲᠣᠬᠢᠷᠠᠭᠤᠯᠬᠤ ᠶᠢ ᠬᠠᠶᠢᠨ ᠰᠦᠪᠡᠭᠴᠢᠯᠡᠨ᠎ᠡ᠃ ᠬᠠᠤᠯᠢᠴᠢ ᠶᠢᠨ ᠬᠡᠷᠡᠭ ᠡᠷᠬᠢᠯᠡᠬᠦ | ᠭᠠᠵᠠᠷ ᠵᠢᠴᠢ ᠲᠡᠭᠦᠨ ᠤ ᠬᠠᠷᠢᠭᠤᠴᠠᠯᠭᠠᠲᠠᠨ ᠠᠴᠠ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠢ ᠪᠦᠷᠢᠨᠰᠢᠭᠦᠯᠦᠨ᠎ᠡ᠃ | ᠲᠠᠪᠤ ᠳᠤ᠂ ᠰᠠᠯᠠᠭ᠎ᠠ ᠮᠥᠴᠢᠷ ᠠᠯᠤᠰᠯᠠᠭᠰᠠᠨ ᠬᠢᠨᠠᠨ ᠬᠠᠮᠢᠶᠠᠷᠴᠤ ᠵᠣᠬᠢᠴᠠᠭᠤᠯᠬᠤ ᠲᠣᠭᠲᠠᠴᠠ ᠶᠢ | ᠲᠡᠭᠦᠯᠳᠡᠷᠵᠢᠭᠦᠯᠦᠨ᠎ᠡ᠃ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠬᠠᠮᠢᠶ᠎ᠠ ᠪᠦᠬᠦᠢ ᠰᠠᠯᠠᠭ᠎ᠠ | ᠮᠥᠴᠢᠷ ᠲᠠᠢ ᠬᠠᠮᠲᠤᠷᠠᠨ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ ᠪᠠ ᠠᠵᠢᠯ ᠢᠶᠠᠨ ᠵᠣᠬᠢᠴᠠᠭᠤᠯᠬᠤ ᠲᠣᠭᠲᠠᠴᠠ ᠶᠢ | ᠪᠥᠷᠢᠨᠰᠢᠭᠦᠯᠵᠦ᠂ ᠠᠰᠠᠭᠤᠳᠠᠯ ᠢ ᠴᠠᠭ ᠲᠤᠬᠠᠶ ᠳᠤᠨᠢ ᠣᠯᠵᠤ ᠮᠡᠳᠡᠵᠦ᠂ ᠰᠢᠢᠳᠪᠦᠷᠢᠯᠡᠬᠦ ᠰᠠᠨᠠᠯ ᠢᠶᠠᠨ ᠰᠤᠳᠤᠯᠤᠨ | ᠳᠤᠷᠠᠳᠤᠨ᠎ᠠ᠃ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ᠂ ᠬᠠᠤᠯᠢᠴᠢ ᠶᠢᠨ ᠨᠡᠶᠢᠭᠡᠮᠯᠢᠭ ᠤᠨ ᠬᠢᠨ ᠤ | ᠬᠠᠤᠯᠢᠴᠢ ᠶᠢᠨ ᠲᠤᠬᠠᠶᠢᠯᠠᠭᠰᠠᠨ ᠠᠵᠢᠯ ᠤᠨ ᠶᠣᠰᠣ ᠮᠣᠷᠠᠯ᠂ ᠠᠵᠢᠯ ᠡᠷᠬᠢᠯᠡᠬᠦ ᠰᠠᠬᠢᠯᠭ᠎ᠠ ᠪᠠᠲᠤ ᠶᠢ ᠵᠢᠷᠤᠮᠯᠠᠭᠰᠠᠨ | ᠪᠠᠶᠢᠳᠠᠯ ᠳᠤ ᠰᠠᠨᠠᠯ ᠬᠤᠷᠢᠶᠠᠬᠤ ᠠᠵᠢᠯ ᠤᠨ ᠲᠣᠭᠲᠠᠴᠠ ᠶᠢ ᠪᠠᠶᠢᠭᠤᠯᠤᠨ᠎ᠠ᠃ ᠬᠠᠮᠢᠶ᠎ᠠ ᠪᠦᠬᠦᠢ ᠪᠠᠶᠢᠭᠤᠯᠭ᠎ᠠ ᠠᠴᠠ | ᠬᠠᠤᠯᠢᠴᠢ ᠶᠢᠨ ᠬᠡᠷᠡᠭ ᠰᠢᠢᠳᠪᠦᠷᠢᠯᠡᠬᠦ ᠶᠠᠪᠤᠴᠠ ᠳᠠᠬᠢ ᠠᠵᠢᠯ ᠡᠷᠬᠢᠯᠡᠭᠰᠡᠨ ᠢᠯᠡᠷᠡᠯ ᠢ ᠦᠨᠳᠦᠰᠦᠯᠡᠨ ᠬᠠᠤᠯᠢ | ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ᠂ ᠬᠠᠤᠯᠢᠴᠢ ᠶᠢᠨ ᠨᠡᠶᠢᠭᠡᠮᠯᠢᠭ ᠲᠤ ᠰᠢᠢᠳᠪᠦᠷᠢᠯᠡᠭᠦᠯᠬᠦ ᠰᠠᠨᠠᠭᠤᠯᠭ᠎ᠠ | ᠳᠤᠷᠠᠳᠬᠤ ᠠᠵᠢᠯ ᠤᠨ ᠲᠦᠷᠢᠮ ᠢ ᠪᠠᠶᠢᠭᠤᠯᠤᠨ᠎ᠠ᠃ | ᠠᠰᠠᠭᠤᠯᠲᠠ᠄ | ᠬᠠᠤᠯᠢᠴᠢ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠥᠭᠵᠢᠯᠲᠡ ᠶᠢᠨ ᠬᠠᠷᠠᠯᠲᠠ ᠨᠢ ᠶᠠᠭᠤ | ᠪᠤᠢ︖ | ᠬᠠᠷᠢᠭᠤᠯᠲᠠ᠄ | ᠬᠠᠤᠯᠢᠴᠢ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠥᠭᠵᠢᠯᠲᠡ ᠶᠢᠨ ᠬᠠᠷᠠᠯᠲᠠ ᠪᠣᠯ | ᠬᠦᠴᠦᠨ ᠲᠡᠭᠦᠯᠳᠡᠷ ᠪᠦᠬᠦᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢᠴᠢ ᠶᠢᠨ | ᠳᠦᠷᠢᠮ ᠢ ᠪᠠᠶᠢᠭᠤᠯᠵᠤ᠂ ᠬᠠᠤᠯᠢᠴᠢ ᠶᠢᠨ ᠠᠵᠢᠯ ᠡᠷᠬᠢᠯᠡᠬᠦ ᠳᠤ ᠬᠦᠴᠦᠨ ᠪᠦᠬᠦᠢ ᠪᠠᠲᠤᠯᠠᠭ᠎ᠠ ᠣᠯᠭᠤᠵᠤ᠂ ᠠᠵᠢᠯ | ᠡᠷᠬᠢᠯᠡᠬᠦ ᠣᠷᠴᠢᠨ ᠲᠣᠭᠤᠷᠢᠨ ᠢ ᠦᠨᠡᠨ ᠬᠦ ᠰᠠᠶᠢᠵᠢᠷᠠᠭᠤᠯᠤᠨ᠎ᠠ︔ ᠬᠠᠤᠯᠢᠴᠢ ᠶᠢᠨ ᠠᠵᠢᠯ ᠡᠷᠬᠢᠯᠡᠬᠦ ᠳᠡᠭᠡᠨ ᠬᠠᠤᠯᠢ | ᠲᠣᠭᠲᠠᠭᠠᠯ ᠠᠴᠠ ᠵᠥᠷᠢᠴᠡᠭᠰᠡᠨ ᠶᠠᠪᠤᠳᠠᠯ ᠢ ᠵᠠᠯᠬᠠᠭᠠᠨ ᠴᠡᠭᠡᠷᠯᠡᠭᠦᠯᠬᠦ ᠳᠦᠷᠢᠮ ᠢ ᠲᠡᠭᠦᠯᠳᠡᠷᠵᠢᠭᠦᠯᠦᠨ | ᠪᠦᠷᠢᠨᠰᠢᠭᠦᠯᠵᠦ᠂ ᠬᠠᠤᠯᠢᠴᠢ ᠶᠢᠨ ᠬᠠᠤᠯᠢ ᠶᠣᠰᠣᠭᠠᠷ ᠠᠵᠢᠯ ᠡᠷᠬᠢᠯᠡᠬᠦ ᠴᠢᠳᠠᠪᠤᠷᠢ ᠶᠢ ᠨᠢ ᠢᠯᠡᠳᠲᠡ ᠨᠡᠮᠡᠭᠳᠡᠭᠦᠯᠦᠨ᠎ᠡ︔ | ᠬᠠᠤᠯᠢᠴᠢ ᠶᠢᠨ ᠡ᠊ᠡᠭᠨᠡᠭᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠡᠩᠨᠡᠭᠡᠨ ᠤ ᠪᠦᠬᠦᠯᠢ | ᠴᠣᠭᠴᠠ ᠶᠢᠨ ᠬᠡᠪ ᠪᠣᠯᠪᠠᠰᠤᠷᠠᠯ ᠢ ᠢᠯᠡᠳᠲᠡ ᠳᠡᠭᠡᠭᠰᠢᠯᠡᠭᠦᠯᠦᠨ᠎ᠡ︔ ᠬᠠᠤᠯᠢᠴᠢ ᠶᠢᠨ ᠦᠢᠯᠡᠴᠢᠯᠡᠭᠡ ᠶᠢᠨ | ᠬᠦᠷᠢᠶ᠎ᠡ ᠶᠢ ᠤᠯᠠᠮ ᠨᠢᠭᠡ ᠠᠯᠬᠤᠮ ᠥᠷᠭᠡᠳᠬᠡᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ | ᠪᠡᠶᠡᠯᠡᠭᠦᠯᠬᠦ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠪᠦᠬᠦ ᠲᠠᠯ᠎ᠠ ᠪᠠᠷ ᠬᠠᠤᠯᠢ ᠪᠠᠷ | ᠤᠯᠤᠰ ᠢᠶᠠᠨ ᠵᠠᠰᠠᠬᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠳᠤᠮᠳᠠᠬᠢ ᠡᠭᠦᠷᠭᠡ ᠴᠢᠳᠠᠪᠤᠷᠢ ᠶᠢᠨ | ᠦᠢᠯᠡᠳᠦᠯ ᠢ ᠨᠢ ᠭᠦᠢᠴᠡᠳ ᠪᠠᠳᠠᠷᠠᠭᠤᠯᠤᠨ᠎ᠠ᠃ | ᠠᠰᠠᠭᠤᠯᠲᠠ᠄ | ᠬᠠᠤᠯᠢᠴᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠲᠠᠯ᠎ᠠ ᠪᠠᠷ᠂ ︽ᠰᠠᠨᠠᠯ︾ ᠳᠤ ᠶᠠᠮᠠᠷ ᠶᠠᠮᠠᠷ | ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠳᠤᠷᠠᠳᠤᠭᠰᠠᠨ ᠪᠤᠢ︖ | ᠬᠠᠷᠢᠭᠤᠯᠲᠠ ᠄ | ᠬᠠᠤᠯᠢᠴᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠶᠢᠨ ᠲᠣᠭᠤᠷᠢᠨ ᠳᠤ᠂ ︽ᠰᠠᠨᠠᠯ︾ ᠳᠤ | ᠳᠤᠷᠠᠳᠤᠭᠰᠠᠨ ᠢᠶᠠᠷ ᠪᠣᠯ᠄ ᠨᠢᠭᠡ ᠳᠤ ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ | ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ | ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠬᠦᠷᠢᠶᠡᠯᠡᠬᠦ᠂ ᠨᠡᠶᠢᠭᠡᠮ ᠵᠢᠷᠤᠮ ᠤᠨ ᠬᠠᠤᠯᠢ ᠪᠠᠷ | ᠵᠠᠰᠠᠬᠤ ᠶᠢ ᠬᠦᠷᠢᠶᠡᠯᠡᠬᠦ ᠶᠢ ᠬᠠᠤᠯᠢᠴᠢ ᠶᠢᠨ ᠠᠵᠢᠯ ᠡᠷᠬᠢᠯᠡᠬᠦ ᠦᠨᠳᠦᠰᠦᠨ ᠱᠠᠭᠠᠷᠳᠠᠯᠭ᠎ᠠ ᠪᠣᠯᠭᠠᠬᠤ ᠶᠢ ᠢᠮᠠᠭᠲᠠ | ᠪᠠᠷᠢᠮᠲᠠᠯᠠᠵᠤ᠂ ᠥᠷᠭᠡᠨ ᠤᠯᠠᠨ ᠬᠠᠤᠯᠢᠴᠢ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠬᠠᠤᠯᠢ ᠪᠠᠷ ᠵᠠᠰᠠᠬᠤ ᠵᠠᠮ ᠢᠶᠠᠷ ᠵᠠᠮᠨᠠᠬᠤ ᠤᠬᠠᠮᠰᠠᠷᠲᠤ ᠴᠢᠨᠠᠷ ᠪᠠ ᠡᠷᠡᠰ ᠪᠠᠲᠤ ᠴᠢᠨᠠᠷ ᠨᠢ ᠳᠡᠭᠡᠭᠰᠢᠯᠡᠭᠦᠯᠦᠨ᠎ᠡ᠃ | ᠬᠠᠤᠯᠢ ᠪᠠᠷ ᠵᠠᠰᠠᠬᠤ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠬᠠᠤᠯᠢᠴᠢ ᠶᠢᠨ ᠠᠵᠢᠯ ᠡᠷᠬᠢᠯᠡᠬᠦ ᠵᠣᠷᠢᠭ ᠰᠠᠨᠠᠭ᠎ᠠ ᠶᠢ ᠪᠤᠶᠢᠵᠢᠭᠤᠯᠤᠨ᠎ᠠ᠃ ᠬᠤᠶᠠᠷ ᠲᠤ᠂ | ᠠᠵᠢᠯ ᠮᠡᠷᠭᠡᠵᠢᠯ ᠤᠨ ᠶᠣᠰᠣ ᠮᠣᠷᠠᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠬᠠᠤᠯᠢᠴᠢ ᠨᠢᠭᠡᠪᠦᠷᠢ ᠵᠢᠯ ᠪᠦᠷᠢ | 12 ᠬᠢᠴᠢᠶᠡᠯᠯᠡᠬᠦ ᠴᠠᠭ ᠠᠴᠠ ᠴᠥᠭᠡᠨ ᠦᠭᠡᠢ ᠠᠵᠢᠯ ᠮᠡᠷᠭᠡᠵᠢᠯ ᠤᠨ ᠶᠣᠰᠣ ᠮᠣᠷᠠᠯ ᠤᠨ ᠪᠣᠯᠪᠠᠰᠤᠷᠠᠭᠤᠯᠤᠯ | ᠬᠦᠷᠲᠡᠵᠦ᠂ ᠬᠢᠨᠠᠨ ᠰᠢᠯᠭᠠᠬᠤ ᠪᠠᠷᠢᠮᠵᠢᠶ᠎ᠠ ᠶᠢ ᠬᠡᠮᠵᠢᠶᠡᠵᠢᠭᠦᠯᠵᠦ᠂ ᠬᠠᠤᠯᠢᠴᠢ ᠶᠢᠨ ᠲᠤᠬᠠᠶᠢᠯᠠᠭᠰᠠᠨ ᠠᠵᠢᠯ ᠤᠨ | ᠶᠣᠰᠣ ᠮᠣᠷᠠᠯ ᠤᠨ ᠬᠥᠮᠦᠵᠢᠯ ᠢ ᠪᠠᠶᠢᠩᠭᠤᠵᠢᠭᠤᠯᠵᠤ᠂ ᠳᠦᠷᠢᠮᠵᠢᠭᠦᠯᠦᠨ᠎ᠡ᠃ ᠬᠠᠤᠯᠢᠴᠢ ᠶᠢᠨ ᠠᠵᠢᠯ ᠡᠷᠬᠢᠯᠡᠬᠦ | ᠮᠡᠳᠡᠭᠡ ᠵᠠᠩᠭᠢ ᠶᠢ ᠢᠯᠡ ᠪᠣᠯᠭᠠᠬᠤ ᠶᠢ ᠲᠥᠯᠬᠢᠨ ᠠᠬᠢᠭᠤᠯᠵᠤ᠂ ᠪᠥᠬᠦ ᠤᠯᠤᠰ ᠤᠨ ᠬᠠᠤᠯᠢᠴᠢᠳ ᠤᠨ ᠮᠡᠳᠡᠭᠡ | ᠵᠠᠩᠭᠢ ᠶᠢ ᠪᠠᠶᠢᠴᠠᠭᠠᠨ ᠯᠠᠪᠯᠠᠬᠤ ᠰᠢᠰᠲ᠋ᠧᠮ ᠢ ᠪᠠᠶᠢᠭᠤᠯᠵᠤ᠂ ᠳᠤᠮᠳᠠᠳᠤ ᠤᠯᠤᠰ ᠤᠨ ᠬᠠᠤᠯᠢᠴᠢ ᠶᠢᠨ ᠢᠲᠡᠭᠡᠮᠵᠢ ᠶᠢᠨ | ᠰᠦᠯᠵᠢᠶ᠎ᠡ ᠶᠢ ᠪᠠᠶᠢᠭᠤᠯᠵᠤ᠂ ᠬᠠᠤᠯᠢᠴᠢ ᠶᠢᠨ ᠠᠵᠢᠯᠯᠠᠭ᠎ᠠ ᠶᠢᠨ ᠢᠲᠡᠭᠡᠮᠵᠢ ᠶᠢᠨ ᠲᠡᠮᠳᠡᠭᠯᠡᠯ ᠤᠨ ᠲᠦᠷᠢᠮ ᠢ | ᠪᠦᠷᠢᠨᠰᠢᠭᠦᠯᠵᠦ᠂ ᠪᠦᠬᠦ ᠤᠯᠤᠰ ᠤᠨ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ ᠨᠢᠭᠡᠳᠦᠯᠲᠡᠶ | ᠰᠣᠯᠢᠯᠴᠠᠬᠤ ᠲᠠᠪᠴᠠᠩ ᠳᠤ ᠣᠷᠣᠭᠤᠯᠤᠨ᠎ᠠ᠃ ᠭᠤᠷᠪᠠ ᠳᠤ᠂ ᠲᠤᠬᠠᠶᠢᠯᠠᠭᠰᠠᠨ ᠠᠵᠢᠯ ᠤᠨ ᠬᠡᠪ ᠪᠣᠯᠪᠠᠰᠤᠷᠠᠯ ᠤᠨ | ᠪᠠᠶᠢᠭᠤᠯᠤᠯᠲᠠ ᠶᠢ ᠴᠢᠩᠭᠠᠳᠬᠠᠨ᠎ᠠ᠃ ᠬᠠᠤᠯᠢᠴᠢ ᠶᠢᠨ ᠬᠥᠮᠦᠵᠢᠯ ᠪᠣᠯᠪᠠᠰᠤᠷᠠᠭᠤᠯᠤᠯ ᠤᠨ ᠠᠵᠢᠯ ᠢ ᠶᠡᠬᠡᠪᠡᠷ | ᠴᠢᠩᠭᠠᠳᠬᠠᠵᠤ᠂ ᠲᠤᠰᠬᠠᠶ ᠠᠵᠢᠯ ᠤᠨ ᠬᠤᠪᠢᠶᠠᠷᠢᠯᠠᠯᠲᠠ ᠠᠬᠢᠭᠤᠯᠤᠨ᠎ᠠ᠃ ᠬᠠᠤᠯᠢᠴᠢ ᠶᠢᠨ ᠬᠡᠷᠡᠭ ᠡᠷᠬᠢᠯᠡᠬᠦ | ᠭᠠᠵᠠᠷ ᠤᠨ ᠪᠠᠭᠰᠢ ᠶᠢᠨ ᠳᠦᠷᠢᠮ ᠢ ᠪᠠᠶᠢᠭᠤᠯᠵᠤ᠂ ᠳᠠᠳᠤᠯᠭ᠎ᠠ ᠶᠢᠨ ᠬᠢᠨᠠᠨ ᠰᠢᠯᠭᠠᠯᠲᠠ ᠶᠢ ᠴᠢᠩᠭᠠᠷᠠᠭᠤᠯᠤᠨ᠎ᠠ᠃ | ᠤᠯᠤᠰ ᠤᠨ ᠬᠠᠤᠯᠢᠴᠢ ᠶᠢᠨ ᠳᠡᠭᠡᠳᠦ ᠰᠤᠷᠭᠠᠭᠤᠯᠢ ᠪᠠ ᠬᠠᠤᠯᠢᠴᠢ ᠶᠢᠨ ᠬᠥᠮᠦᠵᠢᠯ ᠪᠣᠯᠪᠠᠰᠤᠷᠠᠭᠤᠯᠤᠯ ᠤᠨ ᠰᠠᠭᠤᠷᠢᠨ | ᠭᠠᠵᠠᠷ ᠤᠨ ᠪᠥᠳᠥᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠲᠦᠷᠪᠡ ᠳᠤ ᠬᠠᠤᠯᠢᠴᠢ ᠶᠢᠨ ᠠᠵᠢᠯ ᠲᠦᠷᠦᠯ ᠳᠠᠬᠢ | ᠨᠠᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠠᠵᠢᠯ ᠲᠦᠷᠦᠯ ᠳᠠᠬᠢ ᠨᠠᠮ ᠤᠨ ᠪᠠᠶᠢᠭᠤᠯᠤᠯᠲᠠ ᠶᠢᠨ ᠠᠵᠢᠯ ᠤᠨ | ᠬᠠᠮᠢᠶᠠᠷᠤᠯᠲᠠ ᠶᠢᠨ ᠪᠠᠶᠢᠭᠤᠯᠤᠯ ᠢ ᠪᠠᠶᠢᠭᠤᠯᠤᠨ ᠲᠡᠭᠦᠯᠳᠡᠷᠵᠢᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ ᠪᠠ | ᠠᠵᠢᠯ ᠤᠨ ᠪᠦᠷᠬᠦᠭᠦᠯᠲᠡ ᠶᠢᠨ ᠬᠡᠪᠴᠢᠶ᠎ᠡ ᠶᠢ ᠲᠠᠰᠤᠷᠠᠯᠲᠠ ᠦᠭᠡᠶ ᠪᠠᠬᠢᠵᠢᠭᠦᠯᠦᠨ ᠥᠷᠭᠡᠳᠬᠡᠨ᠎ᠡ᠃ ᠠᠵᠢᠯ ᠡᠷᠬᠢᠯᠡᠬᠦ | ᠭᠠᠵᠠᠷ ᠲᠠᠭᠠᠨ ᠰᠢᠢᠳᠪᠦᠷᠢᠲᠦ ᠪᠤᠳᠤᠯᠭ᠎ᠠ ᠲᠣᠭᠲᠠᠭᠠᠬᠤ᠂ ᠬᠠᠮᠢᠶᠠᠷᠤᠯᠲᠠ ᠶᠢ ᠵᠢᠷᠤᠮᠵᠢᠭᠤᠯᠬᠤ᠂ ᠬᠠᠤᠯᠢ | ᠲᠣᠭᠲᠠᠭᠠᠯ ᠠᠴᠠ ᠵᠥᠷᠢᠴᠡᠭᠰᠡᠨ ᠢ ᠵᠠᠯᠬᠠᠭᠠᠨ ᠴᠡᠭᠡᠷᠯᠡᠭᠦᠯᠬᠦ ᠳᠤᠮᠳᠠ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ | ᠨᠠᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠪᠠᠳᠠᠷᠠᠭᠤᠯᠬᠤ ᠠᠵᠢᠯ ᠤᠨ ᠲᠣᠭᠲᠠᠴᠠ ᠶᠢ ᠪᠠᠶᠢᠭᠤᠯᠤᠨ | ᠪᠦᠷᠢᠨᠰᠢᠭᠦᠯᠦᠨ᠎ᠡ᠃ ᠨᠠᠮ ᠤᠨ ᠭᠡᠰᠢᠭᠦᠨ ᠡᠯᠰᠡᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ | ᠬᠠᠤᠯᠢᠴᠢ ᠶᠢᠨ ᠡᠩᠨᠡᠭᠡᠨ ᠲᠣᠲᠣᠷᠠᠬᠢ ᠨᠠᠮ ᠤᠨ ᠭᠡᠰᠢᠭᠦᠨ ᠤ ᠬᠠᠷᠢᠴᠠᠯ ᠢ ᠴᠢᠷᠮᠠᠶᠢᠨ ᠳᠡᠭᠡᠭᠰᠢᠯᠡᠭᠦᠯᠦᠨ᠎ᠡ᠃ ᠲᠠᠪᠤ ᠳᠤ | ᠬᠠᠤᠯᠢᠴᠢ ᠶᠢᠨ ᠡᠩᠨᠡᠭᠡᠨ ᠤ ᠪᠦᠲᠦᠴᠡ ᠶᠢ ᠪᠦᠷᠢᠨᠰᠢᠭᠦᠯᠦᠨ᠎ᠡ᠃ ᠬᠠᠤᠯᠢᠴᠢ ᠶᠢᠨ ᠲᠤᠬᠠᠶᠢᠯᠠᠭᠰᠠᠨ ᠠᠵᠢᠯ ᠤᠨ | ᠪᠦᠲᠦᠴᠡ ᠶᠢ ᠪᠦᠷᠢᠨᠰᠢᠭᠦᠯᠵᠦ᠂ ᠤᠯᠠᠨ ᠤᠯᠤᠰ ᠤᠨ ᠬᠠᠤᠯᠢ ᠴᠠᠭᠠᠵᠠ ᠶᠢᠨ ᠲᠦᠷᠢᠮ ᠳᠤ ᠨᠡᠪᠲᠡᠷᠬᠡᠢ᠂ | ᠭᠠᠳᠠᠭᠠᠳᠤ ᠳᠤ ᠬᠤᠯᠪᠣᠭᠳᠠᠬᠤ ᠬᠠᠤᠯᠢ ᠴᠠᠭᠠᠵᠠ ᠶᠢᠨ ᠬᠡᠷᠡᠭ ᠶᠠᠪᠤᠳᠠᠯ ᠢ ᠰᠢᠢᠳᠪᠦᠷᠢᠯᠡᠬᠦ ᠳᠡᠭᠡᠨ ᠴᠢᠳᠠᠮᠠᠭᠠᠶ | ᠭᠠᠳᠠᠭᠠᠳᠤ ᠳᠤ ᠬᠤᠯᠪᠣᠭᠳᠠᠬᠤ ᠬᠠᠤᠯᠢᠴᠢ ᠴᠢᠳᠠᠪᠤᠷᠢᠲᠠᠨ ᠤ ᠡᠩᠨᠡᠭᠡ ᠶᠢ ᠪᠠᠶᠢᠭᠤᠯᠣᠨ᠎ᠠ᠃ ᠬᠤᠳᠠ ᠬᠥᠳᠡᠭᠡ᠂ | ᠣᠷᠣᠨ ᠪᠦᠰᠡ ᠶᠢᠨ ᠬᠠᠤᠯᠢᠴᠢ ᠶᠢᠨ ᠡᠬᠢ ᠪᠠᠶᠠᠯᠢᠭ ᠢ ᠨᠢᠭᠡᠳᠦᠯᠲᠡᠶ ᠲᠥᠯᠥᠪᠵᠢᠭᠦᠯᠵᠦ᠂ ᠬᠠᠤᠯᠢᠴᠢ | ᠴᠢᠳᠠᠪᠤᠷᠢᠲᠠᠨ ᠢ ᠣᠷᠣᠨ ᠪᠦᠰᠡ ᠠᠯᠤᠰᠯᠠᠨ ᠰᠣᠯᠢᠯᠴᠠᠬᠤ ᠤᠷᠠᠮᠰᠢᠭᠤᠯᠤᠯ ᠤᠨ ᠲᠣᠭᠲᠠᠴᠠ ᠶᠢ ᠪᠠᠶᠢᠭᠤᠯᠤᠨ᠂ | ᠦᠨᠳᠦᠰᠦᠨ ᠱᠠᠳᠤ ᠪᠠ ᠬᠥᠭᠵᠢᠭᠡᠳᠦᠶ ᠭᠠᠵᠠᠷ ᠣᠷᠣᠨ ᠤ ᠬᠠᠤᠯᠢᠴᠢ ᠶᠢᠨ ᠡᠬᠢ ᠪᠠᠶᠠᠯᠢᠭ ᠬᠦᠷᠦᠯᠴᠡᠬᠦ ᠦᠭᠡᠢ | ᠪᠠᠶᠢᠬᠤ ᠠᠰᠠᠭᠤᠳᠠᠯ ᠢ ᠰᠢᠢᠳᠪᠦᠷᠢᠯᠡᠨ᠎ᠠ᠃ ᠠᠯᠪᠠᠨ ᠲᠤᠰᠢᠶᠠᠯᠳᠤ ᠬᠠᠤᠯᠢᠴᠢ᠂ ᠺᠣᠮᠫᠠᠨᠢ ᠶᠢᠨ ᠬᠠᠤᠯᠢᠴᠢ ᠶᠢᠨ | ᠡᠩᠨᠡᠭᠡ ᠶᠢ ᠢᠳᠡᠪᠬᠢᠲᠡᠶ ᠬᠥᠭᠵᠢᠭᠦᠯᠵᠦ᠂ ᠨᠡᠶᠢᠭᠡᠮ ᠤᠨ ᠬᠠᠤᠯᠢᠴᠢ᠂ ᠠᠯᠪᠠᠨ ᠲᠤᠰᠢᠶᠠᠯᠳᠤ ᠬᠠᠤᠯᠢᠴᠢ᠂ | ᠺᠣᠮᠫᠠᠨᠢ ᠶᠢᠨ ᠬᠠᠤᠯᠢᠴᠢ ᠵᠡᠷᠭᠡ ᠳᠠᠪᠠᠭᠤᠯᠢᠭ ᠲᠠᠯ᠎ᠠ ᠪᠠᠨ ᠬᠠᠷᠢᠯᠴᠠᠨ ᠨᠥᠬᠦᠪᠥᠷᠢᠯᠡᠭᠰᠡᠨ᠂ ᠪᠦᠲᠦᠴᠡ ᠨᠢ ᠵᠦᠢ | ᠵᠣᠬᠢᠰᠲᠠᠶ ᠬᠠᠤᠯᠢᠴᠢ ᠶᠢᠨ ᠡᠩᠨᠡᠭᠡ ᠶᠢ ᠪᠠᠶᠢᠭᠤᠯᠤᠨ᠎ᠠ᠃ ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠭ᠎ᠠ ᠪᠠ | ᠠᠷᠠᠳ ᠤᠨ ᠪᠦᠯᠬᠦᠮ ᠳᠤ ᠨᠡᠶᠢᠳᠡᠮ ᠳᠤᠨᠢ ᠠᠯᠪᠠᠨ ᠲᠤᠰᠢᠶᠠᠯᠳᠤ ᠬᠠᠤᠯᠢᠴᠢ ᠲᠣᠬᠢᠷᠠᠭᠤᠯᠤᠨ᠎ᠠ᠂ ᠠᠵᠤ | ᠠᠬᠤᠶᠢᠯᠠᠯ ᠳᠤ ᠺᠣᠮᠫᠠᠨᠢ ᠶᠢᠨ ᠬᠠᠤᠯᠢᠴᠢ ᠲᠣᠬᠢᠷᠠᠭᠤᠯᠵᠤ ᠪᠣᠯᠤᠨ᠎ᠠ᠃ ᠠᠯᠪᠠᠨ ᠲᠤᠰᠢᠶᠠᠯᠳᠤ ᠬᠠᠤᠯᠢᠴᠢ᠂ | ᠺᠣᠮᠫᠠᠨᠢ ᠶᠢᠨ ᠬᠠᠤᠯᠢᠴᠢ ᠶᠢᠨ ᠲᠤᠬᠠᠶᠢᠯᠠᠭᠰᠠᠨ ᠠᠵᠢᠯ ᠤᠨ ᠣᠨᠴᠠᠯᠢᠭ ᠲᠤ ᠴᠢᠭᠯᠡᠭᠦᠯᠦᠨ᠂ ᠲᠡᠭᠦᠨ ᠤ ᠬᠠᠤᠯᠢ | ᠴᠠᠭᠠᠵᠠ ᠶᠢᠨ ᠪᠠᠶᠢᠷᠢ ᠰᠠᠭᠤᠷᠢ ᠪᠠ ᠡᠷᠬᠡ ᠡᠭᠦᠷᠭᠡ ᠶᠢ ᠲᠣᠳᠣᠷᠬᠠᠶᠢᠯᠠᠵᠤ ᠥᠭᠭᠦᠨ᠎ᠡ᠃ ᠵᠢᠷᠭᠤᠭ᠎ᠠ ᠳᠤ ᠬᠠᠤᠯᠢᠴᠢ | ᠴᠢᠳᠠᠪᠤᠷᠢᠲᠠᠨ ᠢ ᠬᠥᠮᠦᠵᠢᠭᠦᠯᠬᠦ ᠰᠣᠩᠭᠤᠨ ᠬᠡᠷᠡᠭᠯᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ | ᠬᠠᠤᠯᠢᠴᠢ ᠶᠢ ᠲᠤᠰᠬᠠᠶ ᠴᠢᠳᠠᠪᠤᠷᠢᠲᠠᠨ ᠢᠶᠠᠷ ᠤᠯᠤᠰ ᠤᠨ ᠳᠤᠮᠳᠠ ᠤᠷᠳᠤ ᠬᠤᠭᠤᠴᠠᠭᠠᠨ ᠤ ᠴᠢᠳᠠᠪᠤᠷᠢᠲᠠᠨ ᠤ | ᠬᠥᠭᠵᠢᠭᠦᠯᠦᠯᠲᠡ ᠶᠢᠨ ᠲᠥᠯᠥᠪᠵᠢᠭᠦᠯᠭᠡ ᠳᠤ ᠣᠷᠣᠭᠤᠯᠤᠨ᠎ᠠ᠃ ᠡᠯ᠎ᠡ ᠱᠠᠲᠤᠨ ᠤ ᠬᠠᠤᠯᠢ ᠲᠣᠭᠲᠠᠭᠠᠬᠤ | ᠪᠠᠶᠢᠭᠤᠯᠭ᠎ᠠ᠂ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ ᠨᠥᠬᠦᠴᠡᠯ ᠳᠤ ᠨᠡᠶᠢᠴᠡᠭᠰᠡᠨ | ᠬᠠᠤᠯᠢᠴᠢ ᠶᠢᠨ ᠲᠣᠲᠣᠷ᠎ᠠ ᠠᠴᠠ ᠬᠠᠤᠯᠢ ᠲᠣᠭᠲᠠᠭᠠᠬᠤ ᠠᠵᠢᠯᠳᠠᠨ᠂ ᠰᠢᠭᠦᠬᠦ ᠲᠤᠰᠢᠶᠠᠯᠲᠠᠨ᠂ ᠪᠠᠶᠢᠴᠠᠭᠠᠬᠤ | ᠲᠤᠰᠢᠶᠠᠯᠲᠠᠨ ᠡᠯᠰᠡᠬᠦ ᠡᠷᠴᠢᠮ ᠢ ᠨᠡᠮᠡᠭᠳᠡᠭᠦᠯᠵᠦ᠂ ᠰᠢᠯᠢᠳᠡᠭ ᠬᠠᠤᠯᠢᠴᠢ ᠶᠢ ᠲᠦᠷᠦ ᠶᠢᠨ ᠬᠡᠷᠡᠭ ᠲᠤ ᠣᠷᠣᠯᠴᠠᠨ | ᠵᠠᠰᠠᠭ ᠤᠨ ᠶᠠᠪᠤᠳᠠᠯ ᠢ ᠵᠥᠪᠯᠡᠬᠦ ᠳᠤ ᠢᠳᠡᠪᠬᠢᠲᠡᠢ ᠲᠠᠨᠢᠯᠴᠠᠭᠤᠯᠵᠤ᠂ ᠡᠯ᠎ᠡ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠪᠣᠯᠭᠠᠵᠤ᠂ | ᠰᠢᠯᠢᠳᠡᠭ ᠬᠠᠤᠯᠢᠴᠢ ᠨᠠᠷ ᠢᠯᠠ ᠪᠠᠷ ᠰᠣᠩᠭᠤᠬᠤ᠂ ᠠᠯᠪᠠᠲᠠᠨ ᠢᠶᠠᠷ ᠡᠯᠰᠡᠨ ᠬᠡᠷᠡᠭᠯᠡᠬᠦ ᠰᠢᠯᠭᠠᠯᠲᠠ ᠶᠢᠨ ᠠᠷᠭ᠎ᠠ | ᠵᠠᠮ ᠢᠶᠠᠷ ᠨᠠᠮ ᠵᠠᠰᠠᠭ ᠤᠨ ᠪᠠᠶᠢᠭᠤᠯᠭ᠎ᠠ ᠳᠤ ᠣᠷᠣᠬᠤ ᠶᠢ ᠨᠢ ᠵᠣᠷᠢᠭᠵᠢᠭᠤᠯᠤᠨ᠎ᠠ᠃ | ᠠᠰᠠᠭᠤᠯᠲᠠ᠄ | ᠬᠠᠤᠯᠢ ᠪᠠᠷ ᠤᠯᠤᠰ ᠢᠶᠠᠨ ᠪᠦᠬᠦ ᠲᠠᠯ᠎ᠠ ᠪᠠᠷ ᠵᠠᠰᠠᠬᠤ ᠶᠠᠪᠤᠳᠠᠯ ᠳᠤᠮᠳᠠᠬᠢ ᠬᠠᠤᠯᠢᠴᠢ ᠶᠢᠨ ᠴᠢᠬᠤᠯᠠ | ᠦᠢᠯᠡᠳᠦᠯ ᠢ ᠬᠡᠷᠬᠢᠨ ᠭᠦᠢᠴᠡᠳ ᠪᠠᠳᠠᠷᠠᠭᠤᠯᠬᠤ ᠪᠤᠢ︖ | ᠬᠠᠷᠢᠭᠤᠯᠲᠠ᠄ | ᠬᠠᠤᠯᠢᠴᠢ ᠶᠢᠨ ᠬᠠᠤᠯᠢ ᠪᠠᠷ ᠤᠯᠤᠰ ᠢᠶᠠᠨ ᠪᠦᠬᠦ ᠲᠠᠯ᠎ᠠ ᠪᠠᠷ ᠵᠠᠰᠠᠬᠤ ᠳᠤᠮᠳᠠᠬᠢ ᠴᠢᠬᠤᠯᠠ ᠦᠢᠯᠡᠳᠦᠯ ᠢ | ᠭᠦᠢᠴᠡᠳ ᠪᠠᠳᠠᠷᠠᠭᠤᠯᠬᠤ ᠶᠢᠨ ᠲᠥᠯᠥᠭᠡ᠂ ︽ᠰᠠᠨᠠᠯ︾ ᠳᠤ ᠲᠣᠳᠣᠷᠬᠠᠶ ᠲᠣᠭᠲᠠᠭᠠᠭᠰᠠᠨ ᠢᠶᠠᠷ ᠪᠤᠯ᠄ ᠨᠢᠭᠡ ᠳᠤ | ᠬᠠᠤᠯᠢᠴᠢ ᠶᠢᠨ ᠬᠠᠤᠯᠢ ᠲᠣᠭᠲᠠᠭᠠᠬᠤ᠂ ᠬᠠᠤᠯᠢ ᠬᠡᠷᠡᠭᠵᠢᠭᠦᠯᠬᠦ᠂ ᠬᠠᠤᠯᠢ ᠴᠠᠭᠠᠵᠠ᠂ ᠬᠠᠤᠯᠢ ᠶᠢ ᠰᠠᠬᠢᠬᠤ ᠳᠤᠮᠳᠠ | ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠬᠠᠤᠯᠢᠴᠢ ᠬᠠᠤᠯᠢ ᠴᠠᠭᠠᠵᠠ ᠬᠠᠤᠯᠢ ᠲᠣᠭᠲᠠᠭᠠᠯ ᠶᠢ | ᠲᠤᠭᠤᠷᠪᠢᠨ ᠪᠢᠴᠢᠬᠦ᠂ ᠵᠠᠰᠠᠪᠤᠷᠢ ᠣᠷᠣᠭᠤᠯᠬᠤ ᠵᠡᠷᠭᠡ ᠠᠵᠢᠯ ᠳᠤ ᠤᠷᠤᠯᠴᠠᠬᠤ ᠳᠦᠷᠢᠮ ᠤᠨ ᠴᠢᠨᠠᠷᠲᠠᠶ ᠠᠷᠭ᠎ᠠ | ᠵᠠᠮ ᠢ ᠪᠠᠶᠢᠭᠤᠯᠤᠨ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨᠴᠢ ᠪᠠᠷ ᠬᠠᠤᠯᠢ ᠲᠣᠭᠲᠠᠭᠠᠬᠤ ᠶᠢ ᠠᠬᠢᠭᠤᠯᠤᠨ᠎ᠠ᠃ | ᠬᠠᠤᠯᠢ ᠶᠢᠨ ᠵᠥᠪᠯᠡᠭᠴᠢ ᠶᠢᠨ ᠳᠦᠷᠢᠮ ᠢ ᠨᠡᠶᠢᠳᠡᠮ ᠪᠠᠶᠢᠭᠤᠯᠬᠤ ᠱᠠᠭᠠᠷᠳᠠᠯᠭ᠎ᠠ ᠶᠣᠰᠣᠭᠠᠷ᠂ ᠡᠯ᠎ᠡ ᠱᠠᠲᠤᠨ ᠤ ᠨᠠᠮ | ᠵᠠᠰᠠᠭ ᠤᠨ ᠪᠠᠶᠢᠭᠤᠯᠭ᠎ᠠ᠂ ᠠᠷᠠᠳ ᠤᠨ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ | ᠬᠠᠤᠯᠢ ᠶᠢᠨ ᠵᠦᠪᠯᠡᠭᠴᠢ ᠶᠢᠨ ᠲᠤᠰᠢᠶᠠᠯ ᠢ ᠬᠠᠤᠯᠢᠴᠢ ᠡᠭᠦᠷᠭᠡᠯᠡᠭᠦᠯᠦᠨ᠎ᠡ᠃ ᠬᠠᠤᠯᠢᠴᠢ ᠶᠢ ᠬᠥᠲᠥᠯᠥᠨ ᠵᠢᠯᠣᠭᠤᠳᠴᠤ | ᠬᠡᠷᠡᠭ ᠢ ᠥᠮᠥᠭᠯᠡᠬᠦ ᠤᠷᠤᠭᠯᠠᠭᠴᠢ ᠶᠢᠨ ᠠᠵᠢᠯ ᠢ ᠬᠢᠨᠠᠮᠠᠭᠠᠢ ᠰᠠᠶᠢᠨ ᠬᠢᠯᠭᠡᠵᠦ᠂ ᠬᠠᠤᠯᠢ ᠴᠠᠭᠠᠵᠠ ᠶᠢ ᠲᠥᠪ | ᠭᠤᠣᠯᠴᠢ ᠪᠠᠶᠢᠯᠭᠠᠬᠤ ᠶᠢ ᠠᠬᠢᠭᠤᠯᠤᠨ᠎ᠠ᠃ ᠬᠠᠤᠯᠢᠴᠢ ᠶᠢᠨ ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ ᠳᠦᠷᠢᠮ ᠢ | ᠪᠠᠶᠢᠭᠤᠯᠵᠤ᠂ ᠠᠵᠢᠯ ᠡᠷᠬᠢᠯᠡᠬᠦ ᠶᠠᠪᠤᠴᠠ ᠳᠤ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠤᠨᠤᠯᠵᠠᠬᠤᠨ ᠪᠣᠯᠤᠨ | ᠡᠷᠬᠡ ᠡᠭᠦᠷᠭᠡ ᠶᠢᠨ ᠦᠵᠡᠯᠲᠡ ᠶᠢ ᠤᠯᠠᠮᠵᠢᠯᠠᠨ᠎ᠠ᠃ ᠬᠤᠶᠠᠷ ᠲᠤ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ | ᠪᠠᠶᠢᠳᠠᠯ ᠢ ᠬᠠᠮᠠᠭᠠᠯᠠᠬᠤ ᠳᠤᠮᠳᠠ ᠬᠠᠤᠯᠢᠴᠢ ᠶᠢᠨ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ | ᠬᠠᠤᠯᠢᠴᠢ ᠶᠢᠨ ᠵᠠᠷᠭᠤ ᠪᠠ ᠵᠠᠷᠭᠤ ᠶᠢᠨ ᠪᠤᠰᠤ ᠬᠠᠤᠯᠢ ᠴᠠᠭᠠᠵᠠ ᠶᠢᠨ ᠦᠢᠯᠡᠴᠢᠯᠡᠭᠡᠨ ᠤ ᠠᠷᠭ᠎ᠠ ᠪᠠᠷᠢᠯ ᠢᠶᠠᠷ ᠵᠠᠬᠢᠳᠠᠯ | ᠰᠤᠷᠪᠤᠯᠵᠢᠯᠠᠭ᠎ᠠ ᠶᠢ ᠬᠦᠯᠢᠶᠡᠨ ᠠᠪᠬᠤ ᠪᠠ ᠰᠢᠢᠳᠪᠦᠷᠢᠯᠡᠬᠦ ᠳᠤ ᠤᠷᠤᠯᠴᠠᠬᠤ ᠶᠢ ᠬᠦᠨᠳᠦᠳᠬᠡᠨ᠎ᠡ᠃ ᠬᠠᠤᠯᠢ | ᠴᠠᠭᠠᠵᠠ ᠶᠢᠨ ᠪᠠᠶᠢᠭᠤᠯᠭ᠎ᠠ ᠶᠢᠨ ᠬᠦᠴᠦᠨ ᠪᠦᠬᠦᠢ ᠲᠠᠰᠤᠯᠠᠯᠲᠠ᠂ ᠲᠣᠭᠲᠠᠭᠠᠯ ᠢ ᠲᠡᠪᠴᠢᠭᠰᠡᠨ ᠭᠤᠮᠣᠳᠠᠯ ᠳᠤ | ᠬᠠᠤᠯᠢᠴᠢ ᠶᠢᠨ ᠤᠷᠤᠯᠠᠬᠤ ᠲᠥᠷᠢᠮ ᠢ ᠠᠯᠬᠤᠮ ᠠᠯᠬᠤᠮ ᠢᠶᠠᠷ ᠬᠡᠷᠡᠭᠵᠢᠭᠦᠯᠦᠨ᠎ᠡ᠃ ᠬᠠᠤᠯᠢᠴᠢ ᠵᠠᠷᠭᠤᠯᠳᠤᠬᠤ ᠠᠴᠠ | ᠡᠮᠦᠨᠡᠬᠢ᠂ ᠵᠠᠷᠭᠤᠯᠳᠤᠬᠤ ᠳᠤᠮᠳᠠᠬᠢ ᠡᠶᠡᠳᠡᠭᠦᠯᠭᠡ ᠳᠤ ᠤᠷᠤᠯᠴᠠᠬᠤ ᠲᠦᠷᠢᠮ ᠢ ᠪᠦᠷᠢᠨᠰᠢᠭᠦᠯᠵᠦ᠂ ᠠᠳᠠᠯ | ᠠᠬᠤᠶ ᠶᠢᠨ ᠵᠢᠭᠤᠷᠠᠯᠳᠤᠭᠠᠨ᠂ ᠡᠮᠴᠢ ᠬᠢᠭᠡᠳ ᠡᠪᠡᠳᠴᠢᠲᠡᠨ ᠤ ᠬᠤᠭᠤᠷᠣᠨᠳᠣᠬᠢ ᠵᠢᠭᠤᠷᠠᠯᠳᠤᠭᠠᠨ᠂ ᠬᠤᠬᠢᠷᠠᠯ ᠤᠨ | ᠲᠥᠯᠥᠪᠦᠷᠢ ᠶᠢᠨ ᠵᠢᠭᠤᠷᠠᠯᠳᠤᠭᠠᠨ ᠵᠡᠷᠭᠡ ᠬᠦᠷᠢᠶᠡᠨ ᠳᠠᠬᠢ ᠲᠤᠰᠬᠠᠶ ᠡᠶᠡᠳᠡᠭᠦᠯᠭᠡ ᠳᠤ ᠬᠠᠤᠯᠢᠴᠢ ᠶᠢᠨ | ᠤᠷᠤᠯᠴᠠᠬᠤ ᠶᠢ ᠴᠢᠩᠭᠠᠳᠬᠠᠨ᠎ᠠ᠃ ᠭᠤᠷᠪᠠ ᠳᠤ ᠠᠵᠤ ᠠᠬᠤᠶ ᠨᠡᠶᠢᠭᠡᠮ ᠤᠨ ᠬᠡᠷᠡᠭ ᠶᠠᠪᠤᠳᠠᠯ ᠢ ᠬᠠᠤᠯᠢ ᠶᠣᠰᠣᠭᠠᠷ | ᠬᠠᠮᠢᠶᠠᠷᠬᠤ ᠳᠤᠮᠳᠠ ᠬᠠᠤᠯᠢᠴᠢ ᠶᠢᠨ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠵᠠᠬ᠎ᠠ ᠳᠡᠯᠭᠡᠭᠦᠷ ᠤᠨ | ᠠᠵᠤ ᠠᠬᠤᠶ ᠶᠢᠨ ᠲᠤᠰᠬᠠᠶ ᠮᠡᠷᠭᠡᠵᠢᠯ ᠤᠨ ᠬᠦᠷᠢᠶᠡᠨ ᠳᠠᠬᠢ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠢ | ᠴᠢᠩᠭᠠᠳᠬᠠᠵᠤ᠂ ᠪᠠᠩᠬᠢ᠂ ᠦᠨᠡᠲᠦ ᠲᠡᠮᠳᠡᠭᠲᠦ᠂ ᠳᠠᠭᠠᠳᠬᠠᠯ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ | ᠬᠦᠷᠢᠶᠡᠨ ᠳᠠᠬᠢ ᠬᠠᠤᠯᠢᠴᠢ ᠶᠢᠨ ᠲᠤᠰᠬᠠᠶ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠤᠨ | ᠳᠡᠮᠵᠢᠵᠦ᠂ ᠬᠠᠤᠯᠢᠴᠢ ᠶᠢᠨ ᠲᠤᠰᠬᠠᠶ ᠰᠠᠨᠠᠯ ᠢ ᠣᠨᠴᠠ ᠲᠣᠭᠲᠠᠭᠰᠠᠨ ᠵᠠᠬ᠎ᠠ ᠳᠡᠯᠭᠡᠭᠦᠷ ᠤᠨ ᠠᠵᠤ ᠠᠬᠤᠶ ᠶᠢᠨ | ᠠᠵᠢᠯᠯᠠᠭ᠎ᠠ ᠶᠢᠨ ᠡᠷᠬᠡᠪᠰᠢ ᠪᠦᠷᠢᠯᠳᠦᠭᠦᠯᠬᠦ ᠬᠠᠤᠯᠢ ᠴᠠᠭᠠᠵᠠ ᠶᠢᠨ ᠪᠢᠴᠢᠭ ᠬᠠᠷ᠎ᠠ ᠪᠤᠯᠭᠠᠨ᠎ᠠ᠃ ᠲᠦᠷᠪᠡ ᠳᠤ | ᠭᠦᠢᠴᠡᠳ ᠪᠠᠳᠠᠷᠠᠭᠤᠯᠵᠤ᠂ ᠠᠷᠠᠳ ᠤᠨ ᠠᠮᠢᠳᠤᠷᠠᠯ ᠳᠤ ᠦᠢᠯᠡᠴᠢᠯᠡᠬᠦ ᠪᠠ ᠪᠠᠲᠤᠯᠠᠬᠤ ᠳᠤᠮᠳᠠ ᠬᠠᠤᠯᠢᠴᠢ ᠶᠢᠨ | ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠬᠤᠳᠠ ᠬᠥᠳᠡᠭᠡ ᠶᠢᠨ ᠰᠠᠭᠤᠭᠠᠯᠢ ᠠᠷᠠᠳ ᠢ ᠬᠠᠮᠤᠷᠠᠭᠰᠠᠨ | ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠲᠥᠯᠬᠢᠨ | ᠠᠬᠢᠭᠤᠯᠵᠤ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠬᠠᠤᠯᠢ ᠴᠠᠭᠠᠵᠠ ᠶᠢᠨ ᠦᠢᠯᠡᠴᠢᠯᠡᠭᠡ ᠶᠢ | ᠴᠢᠩᠭᠠᠳᠬᠠᠨ᠎ᠠ᠃ ᠨᠡᠶᠢᠲᠡ ᠶᠢᠨ ᠠᠰᠠᠷᠠᠮᠵᠢ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠪᠠᠶᠢᠭᠤᠯᠤᠮᠵᠢ ᠪᠠ | ᠨᠡᠶᠢᠲᠡ ᠶᠢᠨ ᠠᠰᠠᠷᠠᠮᠵᠢ ᠶᠢᠨ ᠬᠠᠤᠯᠢᠴᠢ ᠶᠢᠨ ᠡᠩᠨᠡᠭᠡ ᠶᠢ ᠬᠦᠭᠵᠢᠭᠦᠯᠵᠦ᠂ ᠬᠠᠤᠯᠢ ᠴᠠᠭᠠᠵᠠ ᠶᠢᠨ ᠦᠢᠯᠡᠴᠢᠯᠡᠭᠡᠨ ᠤ | ᠰᠠᠶᠢᠨ ᠳᠤᠷ᠎ᠠ ᠶᠢᠨ ᠠᠵᠢᠯᠯᠠᠭᠴᠢ ᠶᠢᠨ ᠡᠩᠨᠡᠭᠡᠨ ᠤ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠬᠠᠤᠯᠢ | ᠴᠠᠭᠠᠵᠠ ᠶᠢᠨ ᠲᠤᠰᠠᠯᠠᠮᠵᠢ ᠶᠢᠨ ᠠᠵᠢᠯ ᠳᠤ ᠬᠠᠤᠯᠢᠴᠢ ᠶᠢᠨ ᠤᠷᠤᠯᠴᠠᠬᠤ ᠶᠢ ᠴᠢᠩᠭᠠᠳᠬᠠᠵᠤ᠂ ᠬᠠᠤᠯᠢᠴᠢ ᠶᠢᠨ ᠵᠢᠯ | ᠪᠦᠷᠢ ᠬᠠᠤᠯᠢ ᠴᠠᠭᠠᠵᠠ ᠶᠢᠨ ᠲᠤᠰᠠᠯᠠᠮᠵᠢ ᠶᠢ ᠳᠠᠭᠠᠭᠠᠨ ᠭᠦᠢᠴᠡᠳᠬᠡᠬᠦ ᠠᠵᠢᠯ ᠤᠨ ᠬᠡᠮᠵᠢᠶ᠎ᠡ ᠶᠢ ᠲᠣᠳᠣᠷᠬᠠᠶ | ᠲᠤᠭᠲᠠᠭᠠᠨ᠎ᠠ᠃ ᠬᠠᠤᠯᠢ ᠴᠠᠭᠠᠵᠠ ᠶᠢᠨ ᠲᠤᠰᠠᠯᠠᠮᠵᠢ ᠶᠢᠨ ᠵᠢᠵᠢᠭᠦᠷ ᠤᠨ ᠬᠠᠤᠯᠢᠴᠢ ᠶᠢᠨ ᠳᠦᠷᠢᠮ ᠢ ᠪᠠᠶᠢᠭᠤᠯᠤᠨ᠎ᠠ᠃ | ᠲᠠᠪᠤ ᠳᠤ ᠭᠠᠳᠠᠭᠠᠳᠤ ᠳᠤ ᠬᠤᠯᠪᠣᠭᠳᠠᠬᠤ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠢ ᠴᠢᠩᠭᠠᠳᠬᠠᠨ᠎ᠠ᠃ | ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠨᠢ ᠬᠢᠯᠢ ᠶᠢᠨ ᠭᠠᠳᠠᠨ᠎ᠠ ᠰᠠᠯᠪᠤᠷᠢ ᠪᠠᠶᠢᠭᠤᠯᠤᠮᠵᠢ ᠪᠠᠶᠢᠭᠤᠯᠬᠤ ᠶᠢ ᠨᠢ | ᠳᠡᠮᠵᠢᠵᠦ᠂ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠨᠢ ᠤᠯᠤᠰ ᠠᠯᠤᠰᠯᠠᠨ ᠬᠢᠯᠢ ᠠᠯᠤᠰᠯᠠᠨ ᠲᠤᠬᠠᠶᠢᠯᠠᠭᠰᠠᠨ | ᠠᠵᠢᠯ ᠳᠠᠭᠠᠭᠠᠨ ᠠᠪᠬᠤ ᠶᠢ ᠳᠡᠮᠵᠢᠨ᠎ᠡ᠃ ᠮᠠᠨ ᠤ ᠤᠯᠤᠰ ᠤᠨ ᠬᠠᠤᠯᠢᠴᠢ ᠤᠯᠠᠨ ᠤᠯᠤᠰ ᠤᠨ ᠢᠷᠭᠡᠨ ᠤ | ᠬᠤᠳᠠᠯᠳᠤᠭᠠᠨ ᠤ ᠬᠡᠷᠡᠭ ᠤᠨ ᠬᠠᠤᠯᠢ ᠴᠠᠭᠠᠵᠠ ᠶᠢᠨ ᠵᠣᠬᠢᠶᠠᠨ ᠪᠠᠶᠢᠭᠤᠯᠤᠯᠲᠠ᠂ ᠬᠥᠨᠳᠡᠯᠡᠨ ᠠᠴᠠ ᠲᠠᠰᠤᠯᠬᠤ | ᠪᠠᠶᠢᠭᠤᠯᠤᠮᠵᠢ ᠶᠢᠨ ᠠᠵᠢᠯᠯᠠᠭ᠎ᠠ ᠳᠤ ᠤᠷᠤᠯᠴᠠᠬᠤ ᠪᠠ ᠲᠤᠰᠢᠶᠠᠯ ᠡᠭᠦᠷᠭᠡᠯᠡᠬᠦ ᠶᠢ ᠨᠢ ᠵᠤᠷᠢᠭᠵᠢᠭᠤᠯᠤᠨ ᠳᠡᠮᠵᠢᠨ᠎ᠡ᠃ | 2020 ᠣᠨ ᠪᠣᠯᠬᠤ ᠳᠤ᠂ ᠨᠢᠭᠡ ᠪᠦᠯᠦᠭ ᠬᠡᠪᠴᠢᠶ᠎ᠡ ᠪᠠᠷ ᠶᠡᠭᠡ᠂ ᠪᠣᠳᠠᠲᠤ ᠬᠦᠴᠦᠨ ᠢᠶᠠᠷ ᠴᠢᠩᠭ᠎ᠠ᠂ ᠳᠡᠯᠡᠬᠡᠶ | ᠳᠡᠭᠡᠷ᠎ᠡ ᠥᠷᠢᠰᠥᠯᠳᠦᠬᠦ ᠬᠦᠴᠦᠨ ᠪᠠ ᠨᠥᠯᠥᠭᠡᠯᠡᠬᠦ ᠬᠦᠴᠦᠨ ᠲᠠᠢ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠢ | ᠪᠠᠶᠢᠭᠤᠯᠤᠨ᠎ᠠ᠃ | ᠠᠰᠠᠭᠤᠯᠲᠠ᠄ | ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ︽ᠰᠠᠨᠠᠯ︾ ᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢ ᠬᠡᠷᠬᠢᠨ ᠰᠠᠶᠢᠲᠤᠷ ᠠᠳᠬᠤᠬᠤ ᠪᠤᠢ︖ | ᠬᠠᠷᠢᠭᠤᠯᠲᠠ᠄ | ︽ᠰᠠᠨᠠᠯ︾ ᠢ ᠰᠠᠶᠢᠲᠤᠷ ᠰᠤᠷᠤᠯᠴᠠᠨ᠂ ᠰᠠᠶᠢᠲᠤᠷ ᠲᠤᠤᠱᠯᠠᠭᠤᠯᠵᠤ᠂ ᠰᠠᠶᠢᠲᠤᠷ ᠨᠠᠶᠢᠳᠠᠪᠤᠷᠢᠵᠢᠭᠤᠯᠬᠤ ᠨᠢ | ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ | ᠪᠠᠶᠢᠭᠤᠯᠭ᠎ᠠ ᠶᠢᠨ ᠨᠢᠭᠡᠨ ᠴᠢᠬᠤᠯᠠ ᠡᠭᠦᠷᠭᠡ ᠮᠥᠨ᠃ ᠨᠢᠭᠡ ᠳᠤ ︽ᠰᠠᠨᠠᠯ︾ ᠢ ᠨᠠᠷᠢᠨ ᠬᠢᠨᠠᠮᠠᠭᠠᠶ ᠰᠤᠷᠤᠯᠴᠠᠬᠤ | ᠬᠡᠷᠡᠭᠲᠡᠢ᠃ ᠡᠯ᠎ᠡ ᠱᠠᠲᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠤᠯᠭ᠎ᠠ ᠨᠤᠭᠤᠳ ︽ᠰᠠᠨᠠᠯ︾ ᠢ | ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠡᠳᠦᠷ ᠲᠤᠳᠤᠮ ᠤᠨ ᠴᠢᠬᠤᠯᠠ ᠵᠥᠪᠯᠡᠬᠦ ᠵᠦᠢᠯ ᠳᠡᠭᠡᠨ | ᠣᠷᠣᠭᠤᠯᠵᠤ᠂ ᠨᠠᠷᠢᠨ ᠬᠢᠨᠠᠮᠠᠭᠠᠶ ᠰᠤᠳᠤᠯᠵᠤ᠂ ᠲᠤᠰᠬᠠᠶ ᠪᠠᠶᠢᠷᠢᠯᠠᠭᠤᠯᠬᠤ ᠬᠡᠷᠡᠭᠲᠡᠢ᠃ ᠳᠠᠭᠠᠭᠠᠮᠠᠭᠠᠶ ᠪᠠᠷ ᠬᠦᠴᠦ | ᠲᠠᠯᠪᠢᠵᠤ᠂ ᠴᠢᠩᠭ᠎ᠠ ᠠᠳᠬᠤᠨ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠱᠠᠲᠤᠨ ᠤ ᠬᠠᠤᠯᠢ ᠴᠠᠭᠠᠵᠠ ᠶᠢᠨ ᠵᠠᠰᠠᠭ | ᠵᠠᠬᠢᠷᠭᠠᠨ ᠤ ᠺᠠᠳ᠋ᠷ᠂ ᠬᠠᠤᠯᠢᠴᠢ ᠶᠢᠨ ᠬᠠᠮᠢᠶᠠᠷᠤᠯᠲᠠ ᠶᠢᠨ ᠠᠵᠢᠯᠳᠠᠨ ᠪᠠ ᠥᠷᠭᠡᠨ ᠤᠯᠠᠨ ᠬᠠᠤᠯᠢᠴᠢ ᠶᠢ ᠵᠤᠬᠢᠶᠠᠨ | ᠪᠠᠶᠢᠭᠤᠯᠤᠨ ︽ᠰᠠᠨᠠᠯ︾ ᠤᠨ ᠵᠣᠷᠢᠭ ᠰᠠᠨᠠᠭ᠎ᠠ ᠶᠢ ᠬᠢᠨᠠᠮᠠᠭᠠᠶ ᠰᠤᠷᠤᠯᠴᠠᠵᠤ᠂ ︽ᠰᠠᠨᠠᠯ︾ ᠢ ᠨᠡᠶᠢᠲᠡᠯᠡᠭᠰᠡᠨ | ᠴᠢᠬᠤᠯᠠ ᠠᠴᠢ ᠬᠤᠯᠪᠤᠭᠳᠠᠯ ᠢ ᠭᠦᠨᠵᠡᠭᠡᠶ ᠣᠶᠢᠯᠠᠭᠠᠵᠤ᠂ ︽ᠰᠠᠨᠠᠯ︾ ᠤᠨ ᠵᠣᠷᠢᠭ ᠰᠠᠨᠠᠭᠠᠨ ᠤ ᠮᠥᠨ ᠴᠢᠨᠠᠷ ᠢ | ᠭᠦᠨᠵᠡᠭᠡᠢ ᠤᠶᠢᠯᠭᠠᠵᠤ᠂ ᠬᠠᠤᠯᠢᠴᠢ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠢᠯᠣᠭᠤᠳᠬᠤ | ᠦᠵᠡᠯ ᠰᠠᠨᠠᠭ᠎ᠠ᠂ ᠦᠨᠳᠦᠰᠦᠨ ᠵᠠᠷᠴᠢᠮ᠂ ᠬᠦᠭᠵᠢᠯᠲᠡ ᠶᠢᠨ ᠬᠠᠷᠠᠯᠲᠠ ᠪᠣᠯᠤᠨ ᠡᠭᠦᠷᠭᠡ ᠠᠷᠭ᠎ᠠ ᠬᠡᠮᠵᠢᠶ᠎ᠡ ᠶᠢ | ᠭᠦᠨᠵᠡᠭᠡᠢ ᠤᠶᠢᠯᠭᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ | ᠳᠡᠭᠡᠷ᠎ᠡ ᠦᠨᠡᠨ ᠬᠦ ᠨᠢᠭᠡᠳᠬᠡᠬᠦ ᠬᠡᠷᠡᠭᠲᠡᠶ᠃ ᠬᠤᠶᠠᠷ ᠲᠤ ᠠᠵᠢᠯ ᠤᠨ ᠬᠠᠷᠢᠭᠤᠴᠠᠯᠭ᠎ᠠ ᠪᠠᠨ ᠲᠤᠳᠤᠷᠬᠠᠶᠢᠯᠠᠬᠤ | ᠬᠡᠷᠡᠭᠲᠡᠶ᠃ ᠬᠠᠤᠯᠢ ᠴᠠᠭᠠᠵᠠ ᠶᠢᠨ ᠶᠠᠮᠤᠨ ᠠᠵᠢᠯ ᠤᠨ ᠲᠥᠰᠦᠯ ᠲᠣᠭᠲᠠᠭᠠᠨ᠂ ᠠᠵᠢᠯ ᠤᠨ ᠠᠷᠭ᠎ᠠ ᠬᠡᠮᠵᠢᠶ᠎ᠡ ᠶᠢ | ᠨᠠᠷᠢᠯᠢᠭᠵᠢᠭᠤᠯᠵᠤ᠂ ᠬᠠᠷᠢᠭᠤᠴᠠᠯᠭ᠎ᠠ ᠶᠢᠨ ᠬᠤᠪᠢᠶᠠᠷᠢᠯᠠᠯ ᠢ ᠲᠤᠳᠤᠷᠬᠠᠶᠢᠯᠠᠬᠤ ᠪᠠᠷ ᠪᠤᠢ᠃ ᠡᠯ᠎ᠡ ᠭᠠᠵᠠᠷ ᠤᠳ ᠲᠤᠰ | ᠭᠠᠵᠠᠷ ᠣᠷᠣᠨ ᠤ ᠪᠣᠳᠠᠲᠠᠶ ᠬᠡᠷᠡᠭᠵᠢᠭᠦᠯᠬᠦ ᠰᠠᠨᠠᠯ ᠢ ᠲᠤᠭᠲᠠᠭᠠᠵᠤ᠂ ᠨᠠᠷᠢᠨ ᠨᠢᠮᠪᠠᠶ ᠵᠢᠯᠣᠭᠤᠳᠴᠤ᠂ ᠦᠨᠡᠨ ᠬᠦ | ᠠᠳᠬᠤᠨ ᠪᠣᠳᠠᠲᠠᠶ ᠪᠠᠷ ᠠᠵᠢᠯᠯᠠᠵᠤ᠂ ︽ᠰᠠᠨᠠᠯ︾ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠡᠯ᠎ᠡ ᠵᠦᠢᠯ ᠤᠨ | ᠠᠵᠢᠯ ᠤᠨ ᠡᠭᠦᠷᠭᠡ ᠠᠷᠭ᠎ᠠ ᠬᠡᠮᠵᠢᠶ᠎ᠡ ᠶᠢ ᠦᠨᠡᠨ ᠬᠦ ᠤᠷᠤᠭᠰᠢᠲᠠᠶ ᠲᠦᠯᠬᠢᠨ ᠠᠬᠢᠭᠤᠯᠵᠤ᠂ ᠬᠤᠭᠤᠴᠠᠭ᠎ᠠ | ᠶᠣᠰᠣᠭᠠᠷ ᠪᠡᠶᠡᠯᠡᠭᠦᠯᠦᠨ᠂ ᠠᠮᠵᠢᠯᠲᠠ ᠪᠦᠲᠦᠮᠵᠢ ᠤᠯᠬᠤ ᠬᠡᠷᠡᠭᠲᠡᠢ᠃ ᠭᠤᠷᠪᠠ ᠳᠤ ᠠᠵᠢᠯ ᠢ ᠬᠢᠨᠠᠨ | ᠵᠢᠯᠤᠭᠤᠳᠬᠤ ᠪᠠᠨ ᠴᠢᠩᠭᠠᠳᠬᠠᠬᠤ ᠬᠡᠷᠡᠭᠲᠡᠢ᠃ ᠡᠯ᠎ᠡ ᠭᠠᠵᠠᠷ ᠤᠳ ︽ᠰᠠᠨᠠᠯ︾ ᠢ ᠲᠤᠤᠱᠯᠠᠭᠤᠯᠤᠨ | ᠬᠡᠷᠡᠭᠵᠢᠭᠦᠯᠦᠭᠰᠡᠨ ᠪᠠᠶᠢᠳᠠᠯ ᠳᠤ ᠬᠢᠨᠠᠨ ᠵᠢᠯᠣᠭᠤᠳᠬᠤ ᠪᠠᠨ ᠴᠢᠩᠭᠠᠳᠬᠠᠵᠤ᠂ ᠦᠨᠳᠦᠰᠦᠨ ᠱᠠᠲᠤᠨ ᠳᠤ | ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ︽ᠰᠠᠨᠠᠯ︾ ᠢ ᠲᠤᠤᠱᠯᠠᠭᠤᠯᠬᠤ ᠶᠠᠪᠤᠴᠠ ᠳᠤᠮᠳᠠ ᠢᠯᠡᠷᠡᠭᠰᠡᠨ | ᠰᠢᠨ᠎ᠡ ᠪᠠᠶᠢᠳᠠᠯ ᠰᠢᠨ᠎ᠡ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠬᠦ ᠬᠡᠷᠡᠭᠲᠡᠢ᠃ ᠬᠠᠤᠯᠢᠴᠢ ᠶᠢᠨ | ᠨᠡᠶᠢᠭᠡᠮᠯᠢᠭ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠠᠤᠯᠢᠴᠢ ᠶᠢᠨ ᠨᠡᠶᠢᠭᠡᠮᠯᠢᠭ ᠤᠨ ︽ | ᠰᠠᠨᠠᠯ︾ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠳᠤᠮᠳᠠᠬᠢ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠶ᠃ | ᠲᠦᠷᠪᠡ ᠳᠤ ᠨᠡᠪᠲᠡᠷᠡᠯᠴᠡᠨ ᠵᠣᠬᠢᠴᠠᠭᠤᠯᠬᠤ ᠶᠢ ᠴᠢᠩᠭᠠᠳᠬᠠᠬᠤ ᠬᠡᠷᠡᠭᠲᠡᠶ᠃ ᠬᠠᠤᠯᠢᠴᠢ ᠶᠢᠨ ᠠᠵᠢᠯ ᠪᠣᠯᠤᠨ | ᠬᠠᠤᠯᠢᠴᠢ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠬᠢᠴᠠ ᠶᠢᠨ ᠪᠠᠶᠢᠳᠠᠯ ᠢᠶᠠᠨ ᠨᠠᠮ ᠤᠨ | ᠬᠤᠷᠢᠶ᠎ᠠ᠂ ᠵᠠᠰᠠᠭ ᠤᠨ ᠣᠷᠳᠣᠨ ᠳᠤ ᠢᠳᠡᠪᠬᠢᠲᠡᠶ ᠪᠠᠷ ᠬᠠᠷᠢᠭᠤ ᠮᠡᠳᠡᠭᠦᠯᠵᠦ᠂ ︽ᠰᠠᠨᠠᠯ︾ ᠢ ᠬᠤᠯᠪᠣᠭᠳᠠᠯ ᠪᠦᠬᠦᠢ | ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠵᠣᠬᠢᠴᠠᠭᠤᠯᠭ᠎ᠠ ᠶᠢ ᠴᠢᠩᠭᠠᠳᠬᠠᠵᠤ ᠲᠤᠤᠱᠯᠠᠭᠤᠯᠤᠨ | ᠨᠠᠶᠢᠳᠠᠪᠤᠷᠢᠵᠢᠭᠤᠯᠬᠤ᠂ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠢᠵᠢ ᠪᠦᠷᠢᠳᠦᠭᠦᠯᠬᠦ | ᠲᠦᠷᠦ ᠶᠢᠨ ᠪᠤᠳᠤᠯᠭ᠎ᠠ ᠶᠢ ᠪᠦᠷᠢᠨᠰᠢᠭᠦᠯᠵᠦ᠂ ︽ᠰᠠᠨᠠᠯ︾ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠨᠡᠶᠢᠯᠡᠮᠡᠯ | ᠬᠦᠴᠦᠨ ᠢ ᠪᠤᠢ ᠪᠤᠯᠭᠠᠵᠤ᠂ ᠬᠠᠤᠯᠢᠴᠢ ᠶᠢᠨ ᠠᠵᠢᠯ ᠤᠨ ᠥᠭᠡᠷᠡᠴᠢᠯᠡᠯᠲᠡ ᠬᠦᠭᠵᠢᠯᠲᠡ ᠶᠢ ᠬᠠᠮᠲᠤ ᠪᠠᠷ ᠲᠦᠯᠬᠢᠨ | ᠠᠬᠢᠭᠤᠯᠬᠤ ᠬᠡᠷᠡᠭᠲᠡᠢ᠃ |