ᠥᠪᠥᠷ ᠮᠣᠩᠭᠤᠯ ᠠᠮᠤᠷ ᠲᠦᠪᠰᠢᠨ ᠤ ᠲᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠭᠦᠨᠵᠡᠭᠡᠶ ᠦᠷᠨᠢᠬᠦᠯᠵᠤ ᠪᠠᠶᠢᠨ᠎ᠠ
ᠨᠡᠶᠢᠲᠡᠯᠡᠭᠰᠡᠨ ᠴᠠᠭ᠄
2016/6/29
      6 ᠳ᠋ᠤᠭᠠᠷ ᠰᠠᠷ᠎ᠠ ᠶᠢᠨ 19᠎ ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 104 ᠳᠡᠰ ᠤᠨ ᠵᠠᠰᠠᠮᠠᠯ ᠵᠠᠮ ᠤᠨ ᠬᠥᠬᠡᠬᠤᠲᠠ ᠶᠢᠨ ᠬᠡᠪᠴᠢᠶᠡᠨ ᠳᠤ ᠨᠢᠭᠡᠨ ᠠᠴᠢᠶᠠᠨ ᠤ ᠠᠦ᠋ᠲ᠋ᠤ᠋ ᠪᠠᠭᠤᠯᠭᠠᠬᠤ ᠡᠷᠭᠦᠭᠦᠷ ᠮᠠᠰᠢᠨ ᠤᠷᠤᠭᠤ ᠪᠠᠭᠤᠵᠤ ᠪᠠᠶᠢᠭ᠎ᠠ ᠦᠶᠡᠰ ᠲᠤᠷᠤᠮᠰᠤᠯᠠᠭᠤᠷ ᠨᠢ ᠡᠪᠳᠡᠷᠡᠭᠰᠡᠨ ᠠᠴᠠ ᠪᠤᠯᠵᠤ ᠡᠮᠦᠨᠡᠬᠢ ᠰᠦᠢᠳᠬᠡᠯ ᠬᠤᠷᠢᠶᠠᠬᠤ ᠤᠢᠷᠳᠡᠭᠡ ᠳᠤ ᠰᠦᠢᠳᠬᠡᠯ ᠲᠤᠰᠢᠶᠠᠬᠤ ᠪᠠᠷ ᠮᠦᠷᠯᠡᠨ ᠵᠤᠭᠰᠤᠵᠤ ᠪᠠᠶᠢᠭᠰᠠᠨ 17 ᠲᠡᠷᠭᠡ ᠶᠢ ᠬᠤᠰᠤᠵᠤ ᠮᠦᠷᠭᠦᠭᠡᠳ 5 ᠬᠥᠮᠦᠨ ᠠᠳᠡᠵᠤ᠂ 13 ᠬᠥᠮᠦᠨ ᠰᠢᠷᠬᠠᠳᠤᠭᠰᠠᠨ ᠠᠳᠡᠯ ᠡᠭᠦᠰᠪᠡ᠃ ᠡᠨᠡ ᠤᠳᠠᠭᠠᠨ ᠤ ᠵᠠᠮ ᠬᠠᠷᠢᠯᠴᠠᠭᠠᠨ ᠤ ᠠᠳᠡᠯ ᠠᠴᠠ ᠬᠦᠨ ᠰᠤᠷᠭᠠᠮᠵᠢ ᠶᠢ ᠠᠪᠴᠤ᠂ ᠨᠢᠭᠡ ᠠᠴᠠ ᠵᠦᠢᠴᠢᠯᠡᠵᠦ ᠨᠦᠬᠦᠬᠡ ᠶᠢ ᠮᠡᠳᠡᠬᠦ ᠶᠢᠨ ᠲᠤᠯᠠᠳᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠣᠪᠴᠢᠶ᠎ᠠ ᠠᠴᠠ ᠡᠯ᠎ᠡ ᠭᠠᠵᠠᠷ ᠣᠷᠣᠨ ᠵᠠᠮ ᠬᠠᠷᠢᠯᠴᠠᠭᠠᠨ ᠤ ᠠᠮᠤᠷ ᠲᠦᠪᠰᠢᠨ ᠤ ᠲᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠦᠳᠲᠡᠷ ᠲᠦᠷᠭᠡᠨ ᠥᠷᠨᠢᠭᠦᠯᠵᠦ᠂ ᠡᠶᠢᠮᠦᠷᠬᠦ ᠡ᠊ᠨᠳᠡᠯ ᠳᠠᠬᠢᠨ ᠭᠠᠷᠬᠤ ᠶᠢ ᠡᠷᠡᠰ ᠬᠤᠷᠢᠭᠯᠠᠬᠤ ᠬᠡᠷᠡᠭᠲᠠᠢ ᠬᠡᠵᠤ ᠱᠠᠭᠠᠷᠳᠠᠪᠠ᠃        ᠥᠪᠥᠷ ᠮᠣᠩᠭᠤᠯ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠣᠪᠴᠢᠶ᠎ᠠ ᠠᠴᠠ ᠡᠯ᠎ᠡ ᠭᠠᠵᠠᠷ ᠤᠨ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠲᠤᠬᠠᠶ ᠶᠢᠨ ᠭᠠᠵᠠᠷ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠳᠤ ︽6 · 19︾᠎ ᠤ ᠵᠠᠮ ᠬᠠᠷᠢᠯᠴᠠᠭᠠᠨ ᠤ ᠠᠳᠡᠯ ᠤᠨ ᠪᠠᠶᠢᠳᠠᠯ ᠢ ᠳᠠᠷᠤᠶ ᠲᠦᠷᠭᠡᠨ ᠮᠡᠳᠡᠭᠦᠯᠵᠤ᠂ ᠡᠯ᠎ᠡ ᠱᠠᠲᠤᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠤᠳᠤᠷᠢᠳᠬᠤ ᠳᠤᠭᠤᠶᠢᠯᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠴᠠᠭᠳᠠᠭ᠎ᠠ᠂ ᠵᠠᠮ ᠲᠡᠭᠡᠭᠡᠪᠦᠷᠢ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠠᠴᠠ ᠠᠵᠢᠯᠲᠠᠨ ᠲᠠᠲᠠᠵᠤ᠂ ᠲᠤᠰᠬᠠᠶ ᠠᠩᠬᠢ ᠪᠠᠶᠢᠭᠤᠯᠤᠨ᠂ ᠬᠠᠷᠢᠶ᠎ᠠ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠲᠠᠯᠳᠠ ᠭᠡᠮ ᠢ ᠵᠢᠭᠰᠠᠭᠠᠨ ᠪᠠᠶᠢᠴᠠᠭᠠᠬᠤ ᠠᠵᠢᠯ ᠢ ᠦᠳᠲᠡᠷ ᠲᠦᠷᠭᠡᠨ ᠦᠷᠨᠢᠬᠦᠯᠬᠦ ᠬᠡᠷᠡᠭᠲᠠᠢ᠃ ᠡᠯ᠎ᠡ ᠭᠠᠵᠠᠷ ᠤᠳ ᠤᠷᠲᠤ ᠤᠷᠤᠭᠤ ᠵᠠᠮ ᠤᠨ ᠬᠡᠰᠡᠭ ᠲᠤ ᠪᠠᠶᠢᠭᠤᠯᠤᠭᠰᠠᠨ ᠰᠦᠢᠳᠬᠡᠯ ᠬᠤᠷᠢᠶᠠᠬᠤ ᠤᠢᠷᠳᠡᠭᠡ ᠶᠢ ᠨᠢᠭᠡᠳ ᠨᠢᠭᠡ ᠪᠠᠷ ᠪᠠᠶᠢᠴᠠᠭᠠᠵᠤ᠂ ᠮᠡᠳᠡᠭᠳᠡᠮ᠎ᠡ ᠲᠠᠯᠳᠠ ᠭᠡᠮ ᠲᠠᠢ᠂ ᠡ᠊ᠨᠳᠡᠯ ᠤᠯᠠᠨ ᠡᠭᠦᠰᠳᠡᠭ ᠭᠠᠵᠠᠷ ᠲᠤ ᠳᠠᠯᠳᠠ ᠭᠡᠮ ᠢ ᠴᠡᠭᠴᠡᠯᠡᠨ ᠵᠠᠰᠠᠬᠤ ᠪᠢᠴᠢᠭ ᠤᠨ ᠮᠡᠳᠡᠭᠳᠡᠯ ᠪᠠᠭᠤᠯᠭᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠪᠤᠶᠤ ᠡᠵᠡᠩᠨᠡᠯᠲᠡ ᠬᠠᠮᠢᠶᠠᠷᠤᠯᠲᠠ ᠶᠢᠨ ᠨᠢᠭᠡᠴᠡ ᠶᠢ ᠰᠢᠮᠳᠠᠭᠤᠯᠤᠨ ᠴᠡᠭᠴᠡᠯᠡᠨ ᠵᠠᠰᠠᠬᠤ ᠬᠡᠷᠡᠭᠲᠡᠶ᠃ ᠡ᠊ᠨᠳᠡᠯ ᠣᠯᠠᠨ ᠡᠭᠦᠰᠳᠡᠭ᠂ ᠮᠡᠳᠡᠭᠳᠡᠮ᠎ᠡ ᠲᠠᠯᠳᠠ ᠭᠡᠮ ᠲᠠᠢ᠂ ᠵᠠᠬᠢᠳᠠᠯ ᠢᠶᠠᠷ ᠣᠯᠠᠨᠲᠠ ᠮᠡᠳᠡᠭᠳᠡᠭᠰᠡᠨ ᠪᠤᠯᠪᠠᠴᠤ ᠮᠥᠨ ᠬᠦ ᠴᠡᠭᠴᠡᠯᠡᠨ ᠵᠠᠰᠠᠭᠠᠳᠤᠢ ᠭᠠᠵᠠᠷ ᠬᠡᠰᠡᠭ ᠢ ᠵᠠᠰᠠᠭ ᠤᠨ ᠣᠷᠳᠣᠨ ᠳᠤ ᠪᠢᠴᠢᠭ ᠢᠶᠠᠷ ᠮᠡᠳᠡᠭᠦᠯᠬᠦ ᠪᠦᠭᠡᠳ ᠠᠮᠤᠷ ᠲᠦᠪᠰᠢᠨ ᠤ ᠬᠢᠨᠠᠯᠲᠠ ᠲᠠᠯᠪᠢᠬᠤ ᠰᠠᠯᠠᠭ᠎ᠠ ᠮᠥᠴᠢᠷ ᠲᠤ ᠬᠠᠭᠤᠯᠤᠨ ᠬᠦᠷᠭᠡᠵᠤ ᠨᠡᠷ᠎ᠡ ᠵᠢᠭᠠᠨ ᠰᠢᠮᠳᠠᠭᠤᠯᠤᠨ ᠰᠢᠢᠳᠪᠦᠷᠢᠯᠡᠬᠦ ᠬᠡᠷᠡᠭᠲᠠᠢ᠃ ᠲᠡᠭᠡᠭᠡᠪᠦᠷᠢ ᠶᠢᠨ ᠠᠵᠤ ᠠᠬᠤᠶᠢᠯᠠᠯ ᠤᠨ ᠲᠡᠷᠭᠡ ᠬᠥᠰᠬᠡ᠂ ᠵᠢᠯᠣᠭᠤᠴᠢ ᠶᠢᠨ ᠠᠮᠤᠷ ᠲᠦᠪᠰᠢᠨ ᠤ ᠲᠠᠯᠳᠠ ᠭᠡᠮ ᠢ ᠤᠯᠠᠮ ᠨᠢᠭᠡ ᠠᠯᠬᠤᠮ ᠵᠢᠭᠰᠠᠭᠠᠨ ᠪᠠᠶᠢᠴᠠᠭᠠᠵᠤ᠂ ᠠᠶᠠᠨᠴᠢᠳ ᠪᠤᠯᠤᠨ ᠪᠠᠷᠠᠭ᠎ᠠ ᠶᠢᠨ ᠲᠡᠭᠡᠭᠡᠪᠦᠷᠢ ᠶᠢᠨ ᠠᠵᠤ ᠠᠬᠤᠶᠢᠯᠠᠯ᠂ ᠠᠶᠠᠨᠴᠢᠳ ᠪᠤᠯᠤᠨ ᠪᠠᠷᠠᠭ᠎ᠠ ᠶᠢᠨ ᠲᠡᠭᠡᠭᠡᠪᠦᠷᠢ ᠶᠢᠨ ᠲᠠᠯᠠᠪᠤᠷ ᠦᠷᠳᠡᠭᠡ᠂ ᠵᠢᠭᠤᠯᠴᠢᠯᠠᠯ ᠤᠨ ᠺᠤᠮᠫᠠᠨᠢ᠂ ᠨᠡᠶᠢᠲᠡ ᠶᠢᠨ ᠵᠠᠮ ᠬᠠᠷᠢᠯᠴᠠᠭᠠᠨ ᠤ ᠠᠵᠤ ᠠᠬᠤᠶᠢᠯᠠᠯ᠂ ᠠᠶᠤᠯᠲᠠᠶ ᠬᠢᠮᠢ ᠶᠢᠨ ᠪᠣᠳᠠᠰ ᠤᠨ ᠲᠡᠭᠡᠭᠡᠪᠦᠷᠢ ᠶᠢᠨ ᠠᠵᠤ ᠠᠬᠤᠶᠢᠯᠠᠯ᠂ ᠰᠤᠷᠭᠠᠭᠤᠯᠢ ᠪᠤᠯᠤᠨ ᠳᠤᠮᠳᠠ ᠬᠡᠯᠪᠡᠷᠢ ᠠᠴᠠ ᠳᠡᠭᠡᠭᠰᠢᠬᠢ ᠠᠶᠠᠨᠴᠢᠳ ᠤᠨ ᠲᠡᠷᠭᠡᠨ ᠤ ᠨᠢᠭᠡᠴᠡ ᠳᠠᠬᠢ ᠬᠢᠨᠠᠯᠲᠠ ᠪᠠᠶᠢᠴᠠᠭᠠᠯᠲᠠ ᠪᠠᠨ ᠦᠷᠭᠦᠯᠵᠢᠯᠡᠨ ᠴᠢᠩᠭᠠᠳᠬᠠᠵᠤ᠂ ᠭᠤᠣᠯᠳᠠᠯᠭ᠎ᠠ ᠲᠠᠢ ᠲᠡᠷᠭᠡ ᠬᠥᠰᠬᠡ ᠶᠢᠨ ᠠᠮᠤᠷ ᠲᠦᠪᠰᠢᠨ ᠤ ᠮᠡᠷᠭᠡᠵᠢᠯ ᠤᠨ ᠪᠠᠶᠢᠳᠠᠯ ᠢ ᠨᠢᠭᠡᠳ ᠨᠢᠭᠡ ᠪᠠᠷ ᠪᠠᠶᠢᠴᠠᠭᠠᠵᠤ᠂ ᠬᠤᠭᠤᠴᠠᠭ᠎ᠠ ᠠᠴᠠ ᠬᠡᠲᠦᠷᠡᠭᠰᠡᠨ ᠪᠠᠶᠢᠲᠠᠯ᠎ᠠ ᠰᠢᠯᠭᠠᠨ ᠪᠠᠶᠢᠴᠠᠭᠠᠯᠭᠠᠳᠤᠢ᠂ ᠰᠢᠯᠭᠠᠨ ᠪᠠᠶᠢᠴᠠᠭᠠᠭᠠᠳ ᠬᠢᠷᠢ ᠲᠡᠩᠴᠡᠭᠰᠡᠨ ᠤᠢᠭᠡᠢ᠂ ᠠᠮᠤᠷ ᠲᠦᠪᠰᠢᠨ ᠤ ᠪᠡᠯᠡᠳᠭᠡᠮᠵᠢ ᠨᠢ ᠪᠦᠷᠢᠨ ᠪᠤᠰᠤ ᠲᠡᠷᠭᠡ ᠬᠦᠰᠭᠡ᠂ ᠬᠡᠷᠡᠭᠯᠡᠭᠡᠨ ᠠᠴᠠ ᠨᠢ ᠭᠠᠷᠤᠭᠰᠠᠨ ᠲᠡᠷᠭᠡ ᠬᠦᠰᠭᠡ᠂ ᠵᠢᠯᠣᠭᠤᠴᠢ ᠶᠢᠨ ᠬᠢᠷᠢ ᠬᠡᠮ ᠨᠢ ᠬᠢᠷᠢ ᠲᠡᠩᠴᠡᠬᠦ ᠦᠭᠡᠢ ᠵᠡᠷᠭᠡ ᠠᠮᠤᠷ ᠲᠦᠪᠰᠢᠨ ᠤ ᠳᠠᠯᠳᠠ ᠭᠡᠮ ᠤᠷᠤᠰᠢᠵᠤ ᠪᠠᠶᠢᠪᠠᠯ᠂ ᠠᠶᠠᠨᠴᠢᠳ ᠪᠤᠯᠤᠨ ᠪᠠᠷᠠᠭ᠎ᠠ ᠶᠢᠨ ᠲᠡᠭᠡᠭᠡᠪᠦᠷᠢ ᠶᠢᠨ ᠠᠵᠤ ᠠᠬᠤᠶᠢᠯᠠᠯ᠂ ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠴᠦᠮ ᠴᠡᠭᠴᠡᠯᠡᠨ ᠵᠠᠰᠠᠬᠤ ᠮᠡᠳᠡᠭᠳᠡᠯ ᠪᠠᠭᠤᠯᠭᠠᠵᠤ᠂ ᠲᠡᠷᠭᠡ ᠬᠥᠰᠬᠡ ᠪᠤᠯᠤᠨ ᠵᠢᠯᠤᠭᠤᠴᠢ ᠳᠤ ᠣᠷᠣᠰᠢᠵᠤ ᠪᠠᠶᠢᠭ᠎ᠠ ᠠᠮᠤᠷ ᠲᠦᠪᠰᠢᠨ ᠤ ᠲᠠᠯᠳᠠ ᠭᠡᠮ ᠢ ᠡᠬᠢ ᠡᠭᠦᠰᠦᠯ ᠠᠴᠠ ᠨᠢ ᠠᠷᠢᠯᠭᠠᠬᠤ ᠬᠡᠷᠡᠭᠲᠠᠢ ᠬᠡᠵᠤ ᠱᠠᠭᠠᠷᠳᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号