6 ᠳ᠋ᠤᠭᠠᠷ ᠰᠠᠷ᠎ᠠ ᠶᠢᠨ 28 ᠤ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠠᠴᠠ ᠵᠣᠬᠢᠶᠠᠨ ᠪᠠᠶᠢᠭᠤᠯᠵᠤ᠂ ᠥᠪᠥᠷ | ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠠᠴᠠ ᠡᠷᠬᠢᠯᠡᠵᠦ᠂ ᠤ᠊ · ᠦᠯᠵᠠᠢ ᠫᠷᠤᠹᠧᠰᠰᠤᠷ ᠢᠶᠠᠷ | ᠲᠦᠷᠦᠬᠦᠴᠢ ᠮᠡᠷᠭᠡᠵᠢᠯᠲᠡᠨ ᠪᠤᠯᠭᠠᠭᠰᠠᠨ ︽12·5︾ ᠶᠢᠨ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠲᠤᠯᠭᠠᠭᠤᠷᠢᠯᠠᠬᠤ ᠲᠥᠯᠥᠪᠯᠡᠭᠡᠨ ᠤ ᠲᠥᠷᠥᠯ ᠵᠦᠢᠯ ᠪᠤᠯᠬᠤ ︽ᠮᠣᠩᠭᠤᠯ ᠡᠮ ᠢ ᠠᠵᠤ ᠦᠢᠯᠡᠰᠵᠢᠭᠦᠯᠬᠦ ᠨᠡᠶᠢᠲᠡᠴᠢ | ᠴᠢᠨᠠᠷᠲᠠᠶ ᠵᠠᠩᠭᠢᠯᠠᠭ᠎ᠠ ᠶᠢᠨ ᠮᠡᠷᠭᠡᠵᠢᠯ ᠤᠨ ᠰᠤᠳᠤᠯᠭ᠎ᠠ︾ ᠨᠢ ᠪᠡᠭᠡᠵᠢᠩ ᠳᠤ ᠰᠢᠨᠵᠢᠯᠡᠬᠦ ᠤᠬᠠᠭᠠᠨ ᠮᠡᠷᠭᠡᠵᠢᠯ ᠤᠨ | ᠶᠠᠮᠤᠨ ᠤ ᠲᠤᠰᠬᠠᠶ ᠮᠡᠷᠭᠡᠵᠢᠯᠲᠡᠳ ᠢᠶᠠᠷ ᠰᠢᠯᠭᠠᠭᠤᠯᠤᠨ ᠪᠠᠲᠤᠯᠠᠭᠳᠠᠪᠠ᠃ ᠲᠦᠷᠦᠯ ᠵᠦᠢᠯ ᠤᠨ ᠮᠡᠷᠭᠡᠵᠢᠯ ᠤᠨ | ᠮᠡᠳᠡᠭᠦᠯᠦᠯᠲᠡ ᠪᠤᠯᠤᠨ ᠡᠳ᠋ ᠤᠨ ᠶᠠᠪᠤᠳᠠᠯ ᠤᠨ ᠮᠡᠳᠡᠭᠦᠯᠦᠯᠲᠡ ᠨᠢ ᠴᠦᠮ ᠤᠷᠤᠭᠰᠢᠲᠠᠢ ᠰᠢᠯᠭᠠᠭᠳᠠᠨ | ᠪᠠᠲᠤᠯᠠᠭᠳᠠᠪᠠ᠃ ᠲᠤᠰ ᠲᠦᠷᠦᠯ ᠵᠦᠢᠯ ᠨᠢ ᠭᠤᠤᠯᠳᠠᠭᠤ ᠮᠣᠩᠭᠤᠯ ᠡᠮ ᠤᠨ ᠡᠬᠢ ᠪᠠᠶᠠᠯᠢᠭ ᠤᠨ ᠬᠠᠮᠠᠭᠠᠯᠠᠯᠲᠠ ᠪᠠ | ᠠᠰᠢᠭᠯᠠᠯᠲᠠ᠂ ᠬᠦᠴᠦᠨ ᠲᠠᠢ ᠪᠣᠳᠠᠰ ᠤᠨ ᠰᠠᠭᠤᠷᠢ᠂ ᠡᠮ ᠤᠨ ᠵᠦᠢ ᠶᠢᠨ ᠦᠢᠯᠡᠳᠦᠯ ᠤᠨ ᠲᠣᠭᠲᠠᠴᠠ᠂ ᠶᠠᠰᠤ | ᠴᠢᠨᠠᠷ ᠤᠨ ᠪᠠᠷᠢᠮᠵᠢᠶ᠎ᠠ᠂ ᠨᠠᠶᠢᠷᠠᠭᠤᠯᠬᠤ ᠤᠷ᠎ᠠ ᠮᠡᠷᠭᠡᠰᠢᠯ ᠵᠢᠴᠢ ᠰᠢᠨ᠎ᠡ ᠡᠮ ᠰᠤᠳᠤᠯᠤᠨ ᠨᠡᠭᠡᠭᠡᠬᠦ ᠵᠡᠷᠭᠡ ᠶᠢ | ᠰᠤᠳᠤᠯᠤᠭᠠᠳ ᠡᠯᠪᠡᠭ ᠳᠡᠯᠪᠡᠭ ᠦᠷ᠎ᠡ ᠪᠦᠲᠦᠭᠡᠯ ᠤᠯᠪᠠ᠃ ᠡᠨᠡ ᠨᠢ ᠮᠣᠩᠭᠤᠯ ᠡᠮ ᠤᠨ ᠡᠬᠢ ᠪᠠᠶᠠᠯᠢᠭ ᠢ | ᠦᠷᠭᠦᠯᠵᠢᠯᠡᠨ ᠬᠠᠮᠠᠭᠠᠯᠠᠨ ᠠᠰᠢᠭᠯᠠᠬᠤ᠂ ᠮᠣᠩᠭᠤᠯ ᠡᠮ ᠤᠨ ᠪᠠᠷᠢᠮᠵᠢᠶᠠᠵᠢᠭᠤᠯᠬᠤ ᠪᠠᠶᠢᠭᠤᠯᠤᠯᠲᠠ᠂ ᠮᠣᠩᠭᠤᠯ | ᠡᠮ ᠤᠨ ᠰᠢᠨ᠎ᠡ ᠦᠢᠯᠡᠳᠬᠦᠨ ᠢ ᠰᠤᠳᠤᠯᠤᠨ ᠨᠡᠭᠡᠭᠡᠬᠦ ᠵᠢᠴᠢ ᠠᠵᠤ ᠦᠢᠯᠡᠰᠵᠢᠯᠲᠡ ᠳᠤ ᠬᠥᠲᠥᠯᠥᠨ ᠳᠠᠭᠠᠭᠤᠯᠬᠤ᠂ | ᠵᠢᠱᠢᠶ᠎ᠡ ᠦᠵᠡᠭᠦᠯᠬᠦ ᠪᠠ ᠳᠠᠶᠢᠴᠢᠯᠠᠬᠤ ᠦᠢᠯᠡᠳᠦᠯ ᠲᠠᠢ ᠶᠤᠮ᠃ |